ᠮᠠᠨ ᠤ ᠬᠤᠲᠠ ᠭᠥᠯᠢᠶᠡᠨ ᠠᠪᠴᠤ ᠰᠢᠢᠳᠪᠣᠷᠢᠯᠡᠬᠦ ᠥᠷᠲᠡᠭᠡ 60 ᠶᠢ ᠪᠠᠶᠢᠭᠤᠯᠵᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠣᠶᠢᠯ ᠢ ᠡᠷᠦᠬᠡ ᠬᠤᠪᠢᠶᠠᠬᠤ ᠠᠵᠢᠯ ᠢ ᠲᠦᠷᠭᠡᠳᠬᠡᠨ  ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/10/30
     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠣᠶᠢᠯ ᠢ ᠰᠢᠯᠵᠢᠭᠦᠯᠦᠨ ᠳᠠᠩᠰᠠᠯᠠᠬᠤ  ︵ᠡᠷᠦᠬᠡ ᠬᠤᠪᠢᠶᠠᠬᠤ︶ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠬᠥᠬᠡᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠬᠤ ︵ᠡᠷᠦᠬᠡ ᠬᠤᠪᠢᠶᠠᠬᠤ︶ ᠶᠢ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠬᠤᠲᠠ ᠶᠢᠨ ᠳᠥᠷᠪᠡᠨ ᠲᠣᠭᠤᠷᠢᠭ ᠵᠢᠴᠢ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠠᠴᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠦᠯᠦ ᠬᠥᠳᠡᠯᠬᠦ ᠬᠥᠷᠥᠩᠭᠡ ᠶᠢᠨ ᠨᠡᠶᠢᠭᠡᠮ ᠲᠣᠭᠤᠷᠢᠭ ᠲᠠᠬᠢ ᠦᠯᠡᠳᠡᠭᠳᠡᠯ ᠲᠥᠷᠥᠯ ᠵᠣᠶᠢᠯ ︵ᠡᠷᠦᠬᠡ ᠬᠤᠪᠢᠶᠠᠬᠤ︶ ᠢ ᠬᠦᠯᠢᠶᠡᠨ ᠠᠪᠴᠤ ᠰᠢᠢᠳᠪᠣᠷᠢᠯᠡᠬᠦ ᠥᠷᠲᠡᠭᠡ 40 ᠶᠢ ᠲᠤᠰ ᠲᠤᠰ ᠪᠠᠶᠢᠭᠤᠯᠵᠤ ᠂ ᠬᠥᠮᠦᠰ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠲᠠᠩᠰᠠᠯᠠᠬᠤ ᠲᠥᠪ ᠪᠠ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠢᠴᠢ ᠡᠯ᠎ᠡ ᠨᠡᠶᠢᠭᠡᠮ ᠲᠣᠭᠤᠷᠢᠭ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯᠲᠠᠨ ᠢᠶᠠᠷ  ᠪᠦᠷᠢᠯᠳᠦᠪᠡ᠃ ᠡᠭᠦᠨ ᠠᠴᠠ ᠭᠠᠳᠠᠨ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠠᠴᠠ ᠥᠯᠥ ᠬᠥᠳᠡᠯᠬᠦ ᠬᠥᠷᠥᠩᠭᠡ ᠶᠢᠨ ᠭᠠᠶᠢᠯᠢ ᠶᠢᠨ ᠶᠠᠪᠤᠳᠠᠯ ᠳᠤ ᠰᠠᠭᠤᠬᠤ ᠦᠯᠡᠳᠡᠭᠳᠡᠯ ᠲᠥᠷᠥᠯ ᠵᠣᠶᠢᠯ ︵ᠡᠷᠦᠬᠡ ᠬᠤᠪᠢᠶᠠᠬᠤ︶ ᠢ ᠭᠥᠯᠢᠶᠡᠨ ᠠᠪᠴᠤ ᠰᠢᠢᠳᠪᠣᠷᠢᠯᠡᠬᠦ ᠥᠷᠲᠡᠭᠡ ︵ᠬᠤᠲᠠ ᠶᠢᠨ ᠳᠥᠷᠪᠡᠨ ᠲᠣᠭᠤᠷᠢᠭ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠣᠶᠢᠯᠡᠴᠢᠯᠡᠭᠡᠨ ᠤ ᠶᠡᠭᠡ ᠲᠢᠩᠬᠢᠮ ᠤᠨ ᠤᠤᠯ ᠤᠨ 5 ᠭᠥᠯᠢᠶᠡᠨ ᠠᠪᠴᠤ ᠰᠢᠢᠳᠪᠣᠷᠢᠯᠡᠬᠦ ᠴᠡᠭ ᠪᠠᠭᠲᠠᠨ᠎ᠠ︶ 20 ᠶᠢ ᠪᠠᠶᠢᠭᠤᠯᠵᠤ᠂ ᠠᠵᠢᠯᠲᠠᠨ ᠨᠢ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠯ᠎ᠡ ᠬᠤᠪᠢᠶᠠᠷᠢ ᠲᠣᠪᠴᠢᠶ᠎ᠠ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠠᠵᠢᠯᠲᠠᠨ ᠢᠶᠠᠷ ᠪᠦᠷᠢᠯᠳᠦᠵᠠᠢ᠃    ᠶᠡᠭᠡ ᠥᠮᠴᠢᠯᠡᠯ ᠤᠨ ᠡᠷᠬᠡ ᠶᠢᠨ ᠭᠠᠷᠳᠠᠮ ᠢ ᠨᠢᠭᠡᠨᠲᠡ ᠭᠦᠢᠴᠡᠳᠬᠡᠭᠰᠡᠨ ᠲᠥᠷᠥᠯ ᠵᠦᠢᠯ ᠤᠨ ᠲᠤᠬᠠᠶ᠂ ᠡᠮᠦᠨᠡᠬᠢ ᠬᠤᠭᠤᠴᠠᠭᠠᠨ ᠤ ᠡᠯ᠎ᠡ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠪᠠᠷ ᠳᠠᠮᠵᠢᠨ᠂ ᠬᠡᠷᠪᠡ ᠡᠷᠦᠬᠡ ᠬᠤᠪᠢᠶᠠᠬᠤ ᠨᠥᠬᠦᠴᠡᠯ ᠢ ᠪᠦᠷᠢᠯᠳᠦᠭᠦᠯᠦᠭᠰᠡᠳ  ᠤᠨ ᠤᠤᠯ ᠤᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠣᠷᠣᠰᠢᠵᠤ  ᠪᠠᠶᠢᠪᠠᠯ᠂  ᠵᠠᠰᠠᠭ ᠤᠨ ᠣᠷᠳᠣᠨ ᠠᠴᠠ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠢ ᠰᠠᠶᠢᠲᠤᠷ ᠤᠬᠠᠭᠤᠯᠵᠤ᠂ ᠮᠠᠲ᠋ᠧᠷᠢᠶᠠᠯ ᠴᠤᠭᠯᠠᠭᠤᠯᠵᠤ᠂ ᠰᠠᠭᠤᠭᠠᠯᠢ ᠠᠷᠠᠳ ᠲᠤ ᠡᠷᠦᠬᠡ ᠬᠤᠪᠢᠶᠠᠬᠤ ᠠᠵᠢᠯ ᠬᠢᠵᠦ ᠥᠭᠭᠦᠨ᠎ᠡ︔ ᠬᠡᠷᠪᠡ ᠤᠤᠯ ᠤᠨ ᠨᠡᠭᠡᠭᠡᠨ ᠬᠦᠭᠵᠢᠭᠦᠯᠬᠦ ᠠᠵᠤ ᠠᠬᠤᠶᠢᠯᠠᠯ ᠤᠰᠠᠳᠤᠭᠰᠠᠨ ᠪᠠᠶᠢᠪᠠᠯ ᠡᠯ᠎ᠡ ᠲᠣᠭᠤᠷᠢᠭ ᠤᠨ ᠵᠠᠰᠠᠭ ᠤᠨ ᠣᠷᠳᠣᠨ ᠲᠦᠷᠦᠭᠦᠯᠵᠦ᠂ ᠰᠠᠭᠤᠭᠠᠯᠢ ᠲᠣᠭᠤᠷᠢᠭ ᠤᠨ ᠵᠠᠷᠯᠠᠯ ᠤᠨ ᠪᠤᠯᠤᠩ ᠵᠢᠴᠢ ᠡᠯ᠎ᠡ ᠨᠢᠭᠡᠴᠡ ᠶᠢᠨ ᠡᠭᠦᠳᠡ ᠬᠠᠭᠠᠯᠭ᠎ᠠ ᠵᠡᠷᠭᠡ ᠭᠠᠵᠠᠷ ᠲᠤ ᠨᠢᠭᠡᠴᠡ ᠳᠠᠷᠠᠭᠠᠯᠠᠨ ᠮᠡᠳᠡᠭᠳᠡᠯ  ᠨᠠᠭᠠᠬᠤ ᠶᠢᠨ ᠬᠠᠮᠲᠤ ᠲᠤᠰ ᠲᠥᠷᠥᠯ ᠵᠣᠶᠢᠯ ᠨᠢ ᠨᠢᠭᠡᠨᠲᠡ ᠲᠣᠮᠣ ᠥᠮᠴᠢᠯᠡᠬᠦ ᠡᠷᠬᠡ ᠶᠢᠨ ᠭᠠᠷᠳᠠᠮ ᠢ  ᠬᠦᠢᠴᠡᠳᠬᠡᠭᠰᠡᠨ ᠢ ᠣᠯᠠᠨ ᠲᠦᠮᠡᠨ ᠳᠤ ᠮᠡᠳᠡᠭᠳᠡᠨ᠎ᠡ᠃ ᠡᠷᠦᠬᠡ ᠬᠤᠪᠢᠶᠠᠬᠤ ᠨᠥᠬᠦᠴᠡᠯ ᠢ ᠪᠦᠷᠢᠯᠳᠦᠭᠦᠯᠦᠭᠰᠡᠨ ᠵᠠᠰᠠᠭ ᠤᠨ ᠣᠷᠳᠣᠨ ᠣᠳᠣᠬᠠᠨ ᠳᠤ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠣᠶᠢᠯ ᠢ ᠡᠷᠦᠬᠡ ᠬᠤᠪᠢᠶᠠᠬᠤ ᠠᠵᠢᠯ ᠢ ᠢᠳᠡᠪᠬᠢᠲᠡᠶ ᠪᠥᠭᠡᠳ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠪᠣᠳᠠᠲᠠᠶ ᠰᠢᠢᠳᠪᠣᠷᠢᠯᠡᠬᠦ ᠴᠠᠭ ᠬᠤᠭᠤᠴᠠᠭ᠎ᠠ ᠶᠢ ᠠᠰ ᠲᠤᠨᠢ ᠮᠡᠳᠡᠭᠳᠡᠵᠦ᠂ ᠨᠢᠭᠡᠳ‌ᠨᠢᠭᠡ ᠪᠠᠷ   ᠰᠢᠢᠳᠪᠤᠷᠢᠯᠡᠬᠦ ᠪᠤᠯᠤᠨ᠎ᠠ  ᠃    ᠠᠵᠢᠯ ᠶᠠᠪᠤᠳᠠᠯ ᠬᠦᠢᠴᠡᠳᠬᠡᠬᠦ ᠣᠯᠠᠨ ᠲᠦᠮᠡᠨ ᠭᠤᠶᠤᠴᠢᠯᠠᠨ ᠬᠦᠢᠴᠡᠳᠬᠡᠬᠦ ᠳᠡᠭᠡᠨ ᠳᠣᠤᠷᠠᠬᠢ ᠮᠡᠲᠦ ᠮᠠᠲ᠋ᠧᠷᠢᠶᠠᠯ ᠢ ᠠᠪᠴᠤ ᠢᠷᠡᠬᠦ ᠬᠡᠷᠡᠭᠲᠡᠶ᠄ 1. ᠬᠥᠬᠡᠬᠤᠲᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠭᠤᠶᠤᠴᠢᠯᠠᠯ ᠤᠨ ᠪᠢᠴᠢᠭ ︵ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠣᠶᠢᠯ ᠢ ᠰᠢᠯᠵᠢᠭᠦᠯᠦᠨ ᠳᠠᠩᠰᠠᠯᠠᠭᠤᠯᠬᠤ︶︔ 2. ᠭᠤᠶᠤᠴᠢᠯᠠᠭᠴᠢ ᠶᠢᠨ ᠪᠡᠶ᠎ᠡ ᠶᠢᠨ ᠦᠨᠡᠮᠯᠡᠯ᠂ ᠡᠭᠦᠨ ᠳᠤ᠄  ᠬᠤᠳᠠᠯᠳᠤᠨ ᠠᠪᠬᠤ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠣᠷᠤᠭ ᠤᠨ ᠭᠡᠷᠡᠴᠢ ︵ᠪᠤᠶᠤ ᠣᠷᠤᠭ ᠰᠠᠯᠤᠭᠰᠠᠨ ᠭᠡᠷᠡᠴᠢ︶ ᠵᠡᠷᠭᠡ ᠣᠭ ᠮᠠᠲ᠋ᠧᠷᠢᠶᠠᠯ ︔ ᠰᠢᠯᠵᠢᠭᠦᠯᠦᠨ ᠥᠭᠭᠦᠭᠴᠢ ᠶᠢᠨ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ ︵ᠠᠯᠪᠠᠨ ᠲᠠᠮᠠᠭ᠎ᠠ ᠳᠠᠷᠤᠨ᠎ᠠ︶᠂  ᠣᠷᠣᠯᠠᠨ ᠬᠦᠢᠴᠡᠳᠬᠡᠭᠴᠢ ᠶᠢᠨ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ︔ 3. ᠲᠠᠸᠠᠷ ᠤᠨ ᠭᠡᠷ ᠪᠠᠶᠢᠰᠢᠩ ᠤᠨ ᠰᠦᠯᠵᠢᠶᠡᠨ ᠭᠡᠷ᠎ᠡ ᠪᠤᠶᠤ ᠵᠠᠰᠠᠭ ᠤᠨ ᠣᠷᠳᠣᠨ ᠠᠴᠠ ᠮᠠᠭᠠᠳᠯᠠᠨ ᠲᠣᠭᠲᠠᠭᠠᠭᠰᠠᠨ ᠲᠠᠸᠠᠷ ᠤᠨ ᠭᠡᠷ ᠪᠠᠶᠢᠰᠢᠩ ᠢ ᠬᠤᠳᠠᠯᠳᠤᠭᠠᠯᠠᠬᠤ ᠭᠡᠷ᠎ᠡ︔ 4. ᠫᠢᠶᠣᠣ ᠪᠠᠷᠢᠮᠲᠠ ︵ᠪᠠᠷᠢᠮᠲᠠ᠂   ᠭᠦᠢᠴᠡᠳᠭᠡᠯ ᠤᠨ ᠲᠠᠰᠤᠯᠪᠤᠷᠢ ᠪᠢᠴᠢᠭ︶᠃ ᠮᠠᠲ᠋ᠧᠷᠢᠶᠠᠯ ᠢᠶᠠᠨ ᠲᠤᠰᠢᠶᠠᠬᠤ ᠶᠢᠨ ᠬᠠᠮᠲᠤ᠂ ᠭᠠᠶᠢᠯᠢ ᠲᠤᠰᠢᠶᠠᠭᠰᠠᠨ ᠤ ᠳᠠᠷᠠᠭ᠎ᠠ 5 ᠠᠵᠢᠯᠯᠠᠬᠤ ᠡᠳᠦᠷ ᠤᠨ ᠳᠣᠲᠣᠷ᠎ᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠣᠯᠵᠤ ᠪᠣᠯᠤᠨ᠎ᠠ᠃    ᠨᠡᠶᠢᠭᠡᠮ ᠲᠣᠭᠤᠷᠢᠭ ᠲᠤ ᠲᠥᠷᠥᠯ ᠵᠦᠢᠯ ︵ᠡᠷᠦᠬᠡ ᠬᠤᠪᠢᠶᠠᠬᠤ︶ ᠬᠦᠯᠢᠶᠡᠨ ᠠᠪᠴᠤ ᠰᠢᠢᠳᠪᠣᠷᠢᠯᠡᠬᠦ 40 ᠥᠷᠲᠡᠭᠡ ᠪᠠ ᠭᠠᠶᠢᠯᠢ ᠶᠢᠨ ᠶᠠᠪᠤᠳᠠᠯ ᠤᠨ ᠶᠡᠭᠡ ᠲᠢᠩᠬᠢᠮ ᠤᠨ ᠦᠯᠡᠳᠡᠭᠳᠡᠯ ᠲᠥᠷᠥᠯ ᠵᠦᠢᠯ ︵ᠡᠷᠦᠬᠡ ᠬᠤᠪᠢᠶᠠᠬᠤ ︶ ᠬᠦᠯᠢᠶᠡᠨ ᠠᠪᠴᠤ ᠰᠢᠢᠳᠪᠦᠷᠢᠯᠡᠬᠦ 20 ᠥᠷᠲᠡᠭᠡ ᠪᠠᠶᠢᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠡᠮᠤᠨ᠎ᠡ ᠹᠷᠣᠨᠲ ᠲᠤ ᠭᠦᠨᠵᠡᠭᠡᠶᠢᠷᠡᠵᠦ ᠠᠷᠠᠳ ᠲᠤ ᠳᠥᠭᠦᠮ ᠦᠵᠡᠭᠦᠯᠬᠦ ᠶᠢ ᠬᠦᠢᠴᠡᠳ ᠢᠯᠡᠷᠡᠭᠦᠯᠵᠡᠶ᠃ ᠠᠵᠢᠯ ᠶᠠᠪᠤᠳᠠᠯ ᠰᠢᠢᠳᠪᠣᠷᠢᠯᠡᠬᠦ ᠳᠤ ᠣᠯᠠᠨ ᠲᠦᠮᠡᠨ ᠢ ᠳᠤᠲᠠᠭᠤ ᠭᠦᠶᠦᠯᠭᠡᠵᠦ᠂ ᠣᠶᠢᠷ᠎ᠠ ᠬᠠᠪᠢ ᠳᠠᠭᠠᠨ᠂ ᠨᠡᠶᠢᠭᠡᠮ ᠲᠣᠭᠤᠷᠢᠭ ᠲᠠᠭᠠᠨ ᠭᠤᠶᠤᠴᠢᠯᠠᠯ ᠤᠨ ᠮᠠᠲ᠋ᠧᠷᠢᠶᠠᠯ ᠲᠤᠰᠢᠶᠠᠬᠤ ᠶᠢᠨ ᠬᠠᠮᠲᠤ ᠭᠠᠶᠢᠯᠢ ᠪᠠᠨ‌‍ᠲ᠋ᠤᠰᠢᠶᠠᠵᠤ᠂ ᠭᠡᠷ ᠬᠥᠷᠥᠩᠭᠡ ᠶᠢᠨ ᠦᠨᠡᠮᠯᠡᠯ ᠢᠶᠠᠨ ᠡᠷᠲᠡ ᠡᠳᠦᠷ ᠤᠯᠵᠦ ᠪᠤᠯᠤᠨ᠎ᠠ  ᠃    ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ 2021 ᠣᠨ ᠤ ᠡᠴᠦᠰ ᠪᠤᠯᠬᠤ ᠳᠤ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠯ ᠲᠥᠷᠥᠯ ᠵᠣᠶᠢᠯ ᠳᠤ ᠨᠥᠬᠦᠴᠡᠯ ᠪᠦᠷᠢᠯᠳᠦᠭᠦᠯᠦᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ ᠣᠯᠭᠤᠪᠠᠰᠤ ᠵᠣᠬᠢᠬᠤ ᠪᠦᠬᠦᠨ ᠳᠤ ᠣᠯᠭᠤᠨ᠎ᠠ᠃  ︵ᠰᠦᠨ ᠶᠤᠸᠠᠢ ᠯᠦᠩ︶     http://mongol.people.com.cn/15828288.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号