ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 28 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠵᠢᠶᠠᠩ ᠯᠢᠨ︶ ᠡᠨᠡ ᠵᠢᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠢ ᠬᠠᠰᠤᠵᠤ ᠭᠡᠯᠳᠦᠷᠢᠭᠦᠯᠬᠦ ᠡᠷᠴᠢᠮ | ᠤᠷᠢᠳ ᠡᠮᠦᠨ᠎ᠡ ᠭᠠᠷᠤᠭ᠎ᠠ ᠥᠬᠡᠶ ᠴᠢᠩᠭᠠᠷᠠᠪᠠ᠃ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠳᠤ ᠦᠭᠭᠦ | ᠪᠠᠯᠠ ᠮᠥᠩᠭᠦ ᠪᠠᠭ᠎ᠠ ᠪᠤᠯᠪᠠᠯ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠨᠥᠯᠥᠭᠡᠯᠡᠨ᠎ᠡ ᠤᠤ ᠥᠬᠡᠶ ᠤᠤ︖ ᠡᠭᠦᠨ ᠤ ᠲᠤᠬᠠᠢ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 28 ᠤ ᠡᠳᠦᠷ ᠬᠠᠷᠢᠭᠤ ᠥᠭᠬᠦ ᠳᠡᠭᠡᠨ᠂ ᠪᠠᠲᠤᠯᠠᠭ᠎ᠠ ᠲᠠᠢ | ᠲᠠᠷᠬᠠᠭᠠᠬᠤ ᠪᠠᠷ ᠤᠷᠢᠳᠴᠢᠯᠠᠨ ᠪᠡᠯᠡᠳᠬᠡᠯ ᠪᠠ ᠲᠣᠬᠢᠷᠠᠭᠤᠯᠤᠯᠲᠠ ᠬᠢᠭᠰᠡᠨ ᠪᠥᠭᠡᠳ ᠪᠠᠰᠠ ᠨᠡᠯᠢᠶᠡᠳ ᠵᠤᠵᠠᠭᠠᠨ | ᠪᠣᠳᠠᠰ ᠤᠨ ᠰᠠᠭᠤᠷᠢ ᠲᠠᠢ ᠪᠠᠶᠢᠨ᠎ᠠ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ | ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ | ᠬᠦ ᠪᠠᠲᠤᠯᠠᠨ᠎ᠠ ᠬᠡᠪᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠠᠷᠤᠭ᠎ᠠ ᠨᠢᠶᠧ ᠮᠢᠩ ᠵᠢᠤᠸᠠᠨ ᠲᠤᠬᠠᠶ ᠶᠢᠨ ᠡᠳᠦᠷ ᠬᠤᠷᠠᠯᠳᠤᠭᠰᠠᠨ | ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠤᠬᠳᠠᠮᠠᠯ ᠬᠤᠭᠤᠴᠠᠭᠠᠳᠤ ᠰᠣᠨᠢᠨ ᠮᠡᠳᠡᠭᠡ | ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠲᠦᠷᠦᠭᠦᠤ ᠭᠤᠷᠪᠠᠨ ᠤᠯᠠᠷᠢᠯ ᠳᠤ ᠠᠵᠤ ᠠᠬᠤᠶᠢᠯᠠᠯ ᠤᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠡᠷᠭᠢᠯᠳᠡ ᠶᠡᠷᠦᠩᠬᠡᠶ ᠳᠡᠭᠡᠨ ᠲᠣᠭᠲᠠᠭᠤᠨ | ᠪᠠᠶᠢᠵᠤ᠂ ᠴᠢᠨᠠᠭᠰᠢᠯᠠᠪᠠᠯ ᠵᠢᠱᠢᠭᠰᠡᠨ ᠠᠴᠠ ᠰᠠᠶᠢᠨ ᠪᠠᠶᠢᠨ᠎ᠠ᠃ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠠᠴᠠ | ᠠᠪᠴᠤ ᠦᠵᠡᠪᠡᠯ᠂ ᠪᠦᠬᠦ ᠣᠷᠣᠯᠭ᠎ᠠ 2.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠠᠷᠤᠯᠭ᠎ᠠ 2. | 8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ᠃ ᠬᠡᠳᠦ᠋ᠢᠪᠡᠷ ᠣᠬᠤᠷ ᠬᠤᠭᠤᠴᠠᠭᠠᠨ ᠳᠤ ᠣᠷᠣᠯᠭ᠎ᠠ ᠨᠢ | ᠵᠠᠷᠤᠯᠭ᠎ᠠ ᠠᠴᠠ ᠪᠠᠨ ᠪᠠᠭ᠎ᠠ ᠪᠠᠶᠢᠭ᠎ᠠ ᠪᠣᠯᠪᠠᠴᠤ ᠰᠠᠭᠤᠷᠢ ᠮᠥᠩᠭᠦ ᠶᠢᠨ ᠦᠯᠡᠳᠡᠪᠦᠷᠢ ᠨᠢ ᠨᠡᠶᠢᠲᠡ 4.5 ᠲᠦᠮᠡᠨ | ᠳ᠋ᠦᠩᠰᠢᠭᠤᠷ ᠲᠥᠭᠦᠷᠢᠭ ᠪᠤᠢ ᠬᠡᠵᠦ ᠬᠡᠯᠡᠯ᠎ᠡ᠃ | ︽ᠨᠡᠶᠢᠭᠡᠮ ᠤᠨ ᠳᠠᠭᠠᠳᠬᠠᠯ ᠤᠨ ︿ᠬᠡᠯᠲᠦᠷᠢᠭᠦᠯᠬᠦ᠂ ᠬᠠᠰᠤᠬᠤ᠂ ᠬᠤᠶᠢᠰᠢᠯᠠᠭᠤᠯᠬᠤ﹀ ᠵᠡᠷᠭᠡ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠢᠳᠡ ᠳᠠᠷᠤᠶ ᠬᠦᠢᠴᠡᠳ ᠵᠢᠱᠢᠯᠲᠡ ᠪᠠ ᠨᠠᠷᠢᠨ ᠣᠨᠣᠪᠴᠢᠲᠠᠶ | ᠲᠥᠰᠦᠭᠡᠯᠡᠨ ᠪᠣᠳᠣᠯᠲᠠ ᠬᠢᠵᠦ᠂ ᠪᠠᠲᠤᠯᠠᠭ᠎ᠠ ᠲᠠᠢ ᠲᠠᠷᠬᠠᠭᠠᠬᠤ ᠪᠠᠷ ᠲᠣᠬᠢᠷᠠᠭᠤᠯᠤᠯᠲᠠ ᠬᠢᠵᠡᠶ᠃ ᠵᠣᠩᠬᠢᠯᠠᠬᠤ | ᠣᠯᠠᠩᠬᠢ ᠮᠤᠵᠢ ᠣᠷᠣᠨ ᠨᠢ ᠪᠠᠲᠤᠯᠠᠭ᠎ᠠ ᠲᠠᠢ ᠲᠠᠷᠬᠠᠭᠠᠬᠤ ᠳᠤ ᠠᠰᠠᠭᠤᠳᠠᠯ ᠦᠭᠡᠢ᠂ ᠣᠨᠴᠠ ᠵᠠᠷᠢᠮ | ᠬᠦᠴᠢᠷᠳᠡᠯ ᠲᠠᠢ ᠮᠤᠵᠢ ᠣᠷᠣᠨ ᠨᠢ ᠲᠥᠪ ᠬᠤᠷᠢᠶᠠᠨ ᠤ ᠬᠠᠪᠰᠤᠷᠤᠯᠭ᠎ᠠ ᠳᠣᠣᠷ᠎ᠠ ᠪᠠᠲᠤᠯᠠᠭ᠎ᠠ ᠲᠠᠢ ᠲᠠᠷᠬᠠᠭᠠᠬᠤ ᠶᠢ | ᠦᠨᠡᠨ ᠬᠦ ᠪᠠᠳᠤᠯᠠᠬᠤ ᠪᠤᠯᠤᠨ᠎ᠠ︾ ᠬᠡᠵᠦ ᠨᠢᠶᠧ ᠮᠢᠩ ᠵᠢᠤᠸᠠᠨ ᠬᠡᠯᠡᠪᠡ᠃ | ᠲᠡᠷᠡ᠂ ᠡᠨᠡ ᠵᠢᠯ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ | ᠲᠥᠪ ᠠᠴᠠ ᠲᠣᠬᠢᠷᠠᠭᠤᠯᠬᠤ ᠬᠠᠷᠢᠴᠠᠯ ᠢ 4% ᠪᠣᠯᠲᠠᠯ᠎ᠠ ᠳᠡᠭᠡᠭᠰᠢᠯᠡᠭᠦᠯᠵᠦ᠂ ᠪᠦᠬᠦ ᠵᠢᠯ ᠳᠤ ᠮᠤᠵᠢ ᠠᠯᠤᠰᠯᠠᠨ | ᠲᠣᠬᠢᠷᠠᠭᠤᠯᠬᠤ ᠰᠠᠭᠤᠷᠢ ᠮᠥᠩᠭᠦ ᠶᠢᠨ ᠬᠡᠪᠴᠢᠶ᠎ᠡ ᠶᠢ 1768 ᠳ᠋ᠦᠩᠰᠢᠭᠤᠷ ᠲᠥᠭᠦᠷᠢᠭ ᠲᠤ ᠬᠦᠷᠭᠡᠨ᠎ᠡ᠃ | ᠡᠭᠦᠨ ᠠᠴᠠ ᠭᠠᠳᠠᠨ᠎ᠠ᠂ ᠡᠨᠡ ᠵᠢᠯ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠲᠤᠰᠬᠠᠶ ᠵᠦᠢᠯ ᠤᠨ ᠨᠥᠬᠦᠪᠥᠷᠢ ᠮᠥᠩᠭᠦ ᠶᠢ 5800 ᠭᠠᠷᠤᠶ ᠳ᠋ᠦᠩᠰᠢᠭᠤᠷ | ᠲᠥᠭᠦᠷᠢᠭ ᠦᠭᠴᠦ᠂ ᠡᠯ᠎ᠡ ᠭᠠᠵᠠᠷ ᠢᠯᠠᠩᠭᠤᠶ᠎ᠠ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠪᠤᠯᠤᠨ ᠠᠵᠤ | ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠶᠢ | ᠬᠦᠴᠦᠲᠡᠶ ᠳᠡᠮᠵᠢᠪᠡ ᠬᠡᠵᠡᠢ᠃ | ︽ᠪᠢᠳᠡ ᠡᠯ᠎ᠡ ᠭᠠᠵᠠᠷ ᠤᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ | ᠮᠥᠩᠭᠦ ᠶᠢᠨ ᠡᠷᠬᠢᠯᠳᠡ ᠶᠢᠨ ᠪᠠᠶᠢᠳᠠᠯ ᠢ ᠰᠠᠶᠢᠳᠤᠷ ᠠᠩᠬᠠᠷᠴᠤ᠂ ᠪᠡᠯᠡ ᠮᠥᠩᠭᠦ ᠶᠢᠨ ᠬᠢᠨᠠᠨ ᠪᠠᠶᠢᠴᠠᠭᠠᠯᠳᠠ ᠶᠢ | ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠠᠶᠤᠯ ᠲᠦᠭᠰᠢᠭᠦᠷᠢ ᠶᠢ ᠰᠤᠳᠤᠯᠤᠨ | ᠮᠠᠭᠠᠳᠯᠠᠬᠤ ᠶᠢᠨ ᠬᠠᠮᠲᠤ ᠪᠠᠯᠠ ᠮᠥᠩᠭᠦ ᠲᠤᠬᠢᠷᠠᠭᠤᠯᠬᠤ ᠶᠢ ᠬᠠᠪᠰᠤᠷᠤᠨ ᠵᠣᠬᠢᠴᠠᠭᠤᠯᠵᠤ᠂ ᠨᠢᠭᠡ ᠶᠢ ᠴᠦ ᠠᠯᠳᠠᠬᠤ | ᠦᠭᠡᠢ ᠪᠠᠷ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠶᠢ ᠦᠨᠡᠨ ᠬᠦ ᠪᠠᠲᠤᠯᠠᠨ᠎ᠠ︾ ᠬᠡᠵᠦ ᠨᠢᠶᠧ ᠮᠢᠩ | ᠵᠢᠤᠸᠠᠨ ᠬᠡᠯᠡᠵᠡᠢ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠤᠭ᠎ᠠ ᠪᠠᠷᠢᠮᠲᠠ ᠳᠤ | ᠢᠯᠡᠷᠡᠭᠦᠯᠦᠭᠰᠡᠨ ᠢᠶᠠᠷ᠂ 9 ᠰᠠᠷ᠎ᠠ ᠶᠢᠨ ᠡᠴᠦᠰ ᠪᠣᠯᠲᠠᠯ᠎ᠠ᠂ ᠪᠥᠬᠦ ᠤᠯᠤᠰ ᠲᠤ 28635 ᠲᠦᠮᠡᠨ ᠠᠵᠢᠯᠲᠠᠨ | ᠠᠵᠢᠯᠴᠢᠨ ᠳᠠᠭᠠᠳᠬᠠᠯ ᠳᠤ ᠣᠷᠣᠯᠴᠠᠵᠤ᠂ ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ 4.1% ᠪᠠᠷ | ᠨᠡᠮᠡᠭᠳᠡᠪᠡ᠃ ᠨᠠᠰᠤᠨ ᠤ ᠠᠮᠠᠷᠠᠯᠳᠠ ᠪᠠᠨ ᠠᠪᠤᠬᠰᠠᠨ ᠪᠠ ᠠᠵᠢᠯ ᠠᠴᠠ ᠪᠠᠨ ᠠᠮᠠᠷᠠᠭᠰᠠᠨ ᠬᠥᠮᠦᠨ ᠤ ᠲᠤᠭ᠎ᠠ | 10659 ᠲᠦᠮᠡ ᠳᠤ ᠬᠦᠷᠴᠦ᠂ ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ 2.5% ᠪᠠᠷ ᠨᠡᠮᠡᠭᠳᠡᠪᠡ᠃ | http://mongol.people.com.cn/15828216.html |