ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 28 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠢᠶᠠᠩ ᠯᠢᠨ︶ ᠡᠨᠡ ᠵᠢᠯ ᠤᠨ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠬᠠᠰᠤᠵᠤ ᠭᠡᠯᠳᠦᠷᠢᠭᠦᠯᠬᠦ ᠡᠷᠴᠢᠮ ᠤᠷᠢᠳ ᠡᠮᠦᠨ᠎ᠡ ᠭᠠᠷᠤᠭ᠎ᠠ ᠥᠬᠡᠶ ᠴᠢᠩᠭᠠᠷᠠᠪᠠ᠃ ᠠᠵᠤ ᠠᠬᠤᠶᠢᠯᠠᠯ ᠤᠨ ᠨᠠᠰᠤᠵᠢᠯ ᠤᠨ | ᠠᠰᠠᠷᠠᠮᠵᠢ ᠳᠤ ᠦᠭᠭᠦ ᠪᠠᠯᠠ ᠮᠥᠩᠭᠦ ᠪᠠᠭ᠎ᠠ ᠪᠤᠯᠪᠠᠯ᠂ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ | ᠨᠥᠯᠥᠭᠡᠯᠡᠨ᠎ᠡ ᠤᠤ ᠥᠬᠡᠶ ᠤᠤ︖ ᠡᠭᠦᠨ ᠤ ᠲᠤᠬᠠᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 28 ᠤ ᠡᠳᠦᠷ | ᠬᠠᠷᠢᠭᠤ ᠥᠭᠬᠦ ᠳᠡᠭᠡᠨ᠂ ᠪᠠᠲᠤᠯᠠᠭ᠎ᠠ ᠲᠠᠢ ᠲᠠᠷᠬᠠᠭᠠᠬᠤ ᠪᠠᠷ ᠤᠷᠢᠳᠴᠢᠯᠠᠨ ᠪᠡᠯᠡᠳᠬᠡᠯ ᠪᠠ ᠲᠣᠬᠢᠷᠠᠭᠤᠯᠤᠯᠲᠠ ᠬᠢᠭᠰᠡᠨ ᠪᠥᠭᠡᠳ ᠪᠠᠰᠠ ᠨᠡᠯᠢᠶᠡᠳ ᠵᠤᠵᠠᠭᠠᠨ | ᠪᠣᠳᠠᠰ ᠤᠨ ᠰᠠᠭᠤᠷᠢ ᠲᠠᠢ ᠪᠠᠶᠢᠨ᠎ᠠ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠨ᠎ᠠ ᠬᠡᠪᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠵᠤᠷᠭᠠᠨ ᠤ ᠳᠠᠷᠤᠭ᠎ᠠ | ᠨᠢᠶᠧ ᠮᠢᠩ ᠵᠢᠤᠸᠠᠨ ᠲᠤᠬᠠᠶ ᠶᠢᠨ ᠡᠳᠦᠷ ᠬᠤᠷᠠᠯᠳᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠲᠤᠬᠳᠠᠮᠠᠯ ᠬᠤᠭᠤᠴᠠᠭᠠᠳᠤ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠲᠠᠨᠢᠯᠴᠠᠭᠤᠯᠬᠤ ᠳᠠᠭᠠᠨ᠂ ᠲᠦᠷᠦᠭᠦᠤ ᠭᠤᠷᠪᠠᠨ ᠤᠯᠠᠷᠢᠯ ᠳᠤ ᠠᠵᠤ ᠠᠬᠤᠶᠢᠯᠠᠯ ᠤᠨ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦᠨ ᠤ ᠡᠷᠭᠢᠯᠳᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠴᠢᠨᠠᠭᠰᠢᠯᠠᠪᠠᠯ ᠵᠢᠱᠢᠭᠰᠡᠨ ᠠᠴᠠ ᠰᠠᠶᠢᠨ ᠪᠠᠶᠢᠨ᠎ᠠ᠃ | ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ ᠠᠴᠠ ᠠᠪᠴᠤ ᠦᠵᠡᠪᠡᠯ᠂ ᠪᠦᠬᠦ ᠣᠷᠣᠯᠭ᠎ᠠ 2.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ | ᠵᠠᠷᠤᠯᠭ᠎ᠠ 2.8 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠶ᠃ ᠬᠡᠳᠦ᠋ᠢᠪᠡᠷ ᠣᠬᠤᠷ ᠬᠤᠭᠤᠴᠠᠭᠠᠨ ᠳᠤ ᠣᠷᠣᠯᠭ᠎ᠠ ᠨᠢ ᠵᠠᠷᠤᠯᠭ᠎ᠠ ᠠᠴᠠ ᠪᠠᠨ ᠪᠠᠭ᠎ᠠ | ᠪᠠᠶᠢᠭ᠎ᠠ ᠪᠣᠯᠪᠠᠴᠤ ᠰᠠᠭᠤᠷᠢ ᠮᠥᠩᠭᠦ ᠶᠢᠨ ᠦᠯᠡᠳᠡᠪᠦᠷᠢ ᠨᠢ ᠨᠡᠶᠢᠲᠡ 4.5 ᠲᠦᠮᠡᠨ ᠳ᠋ᠦᠩᠰᠢᠭᠤᠷ ᠲᠥᠭᠦᠷᠢᠭ ᠪᠤᠢ ᠬᠡᠵᠦ ᠬᠡᠯᠡᠯ᠎ᠡ᠃ | ︽ᠨᠡᠶᠢᠭᠡᠮ ᠤᠨ ᠳᠠᠭᠠᠳᠬᠠᠯ ᠤᠨ ︿ᠬᠡᠯᠲᠦᠷᠢᠭᠦᠯᠬᠦ᠂ ᠬᠠᠰᠤᠬᠤ᠂ ᠬᠤᠶᠢᠰᠢᠯᠠᠭᠤᠯᠬᠤ﹀ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠴᠠ ᠡᠮᠦᠨ᠎ᠡ᠂ | ᠪᠢᠳᠡ ᠳᠠᠷᠤᠶ ᠬᠦᠢᠴᠡᠳ ᠵᠢᠱᠢᠯᠲᠡ ᠪᠠ ᠨᠠᠷᠢᠨ ᠣᠨᠣᠪᠴᠢᠲᠠᠶ ᠲᠥᠰᠦᠭᠡᠯᠡᠨ ᠪᠣᠳᠣᠯᠲᠠ ᠬᠢᠵᠦ᠂ ᠪᠠᠲᠤᠯᠠᠭ᠎ᠠ ᠲᠠᠢ ᠲᠠᠷᠬᠠᠭᠠᠬᠤ ᠪᠠᠷ ᠲᠣᠬᠢᠷᠠᠭᠤᠯᠤᠯᠲᠠ ᠬᠢᠵᠡᠶ᠃ | ᠵᠣᠩᠬᠢᠯᠠᠬᠤ ᠣᠯᠠᠩᠬᠢ ᠮᠤᠵᠢ ᠣᠷᠣᠨ ᠨᠢ ᠪᠠᠲᠤᠯᠠᠭ᠎ᠠ ᠲᠠᠢ ᠲᠠᠷᠬᠠᠭᠠᠬᠤ ᠳᠤ ᠠᠰᠠᠭᠤᠳᠠᠯ ᠦᠭᠡᠢ᠂ ᠣᠨᠴᠠ ᠵᠠᠷᠢᠮ ᠬᠦᠴᠢᠷᠳᠡᠯ ᠲᠠᠢ ᠮᠤᠵᠢ ᠣᠷᠣᠨ ᠨᠢ ᠲᠥᠪ | ᠬᠤᠷᠢᠶᠠᠨ ᠤ ᠬᠠᠪᠰᠤᠷᠤᠯᠭ᠎ᠠ ᠳᠣᠣᠷ᠎ᠠ ᠪᠠᠲᠤᠯᠠᠭ᠎ᠠ ᠲᠠᠢ ᠲᠠᠷᠬᠠᠭᠠᠬᠤ ᠶᠢ ᠦᠨᠡᠨ ᠬᠦ ᠪᠠᠳᠤᠯᠠᠬᠤ ᠪᠤᠯᠤᠨ᠎ᠠ︾ ᠬᠡᠵᠦ ᠨᠢᠶᠧ ᠮᠢᠩ ᠵᠢᠤᠸᠠᠨ ᠬᠡᠯᠡᠪᠡ᠃ | ᠲᠡᠷᠡ᠂ ᠡᠨᠡ ᠵᠢᠯ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢ ᠲᠥᠪ ᠠᠴᠠ ᠲᠣᠬᠢᠷᠠᠭᠤᠯᠬᠤ ᠬᠠᠷᠢᠴᠠᠯ ᠢ | 4% ᠪᠣᠯᠲᠠᠯ᠎ᠠ ᠳᠡᠭᠡᠭᠰᠢᠯᠡᠭᠦᠯᠵᠦ᠂ ᠪᠦᠬᠦ ᠵᠢᠯ ᠳᠤ ᠮᠤᠵᠢ ᠠᠯᠤᠰᠯᠠᠨ ᠲᠣᠬᠢᠷᠠᠭᠤᠯᠬᠤ ᠰᠠᠭᠤᠷᠢ ᠮᠥᠩᠭᠦ ᠶᠢᠨ ᠬᠡᠪᠴᠢᠶ᠎ᠡ ᠶᠢ 1768 ᠳ᠋ᠦᠩᠰᠢᠭᠤᠷ | ᠲᠥᠭᠦᠷᠢᠭ ᠲᠤ ᠬᠦᠷᠭᠡᠨ᠎ᠡ᠃ ᠡᠭᠦᠨ ᠠᠴᠠ ᠭᠠᠳᠠᠨ᠎ᠠ᠂ ᠡᠨᠡ ᠵᠢᠯ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠲᠤᠰᠬᠠᠶ ᠵᠦᠢᠯ ᠤᠨ ᠨᠥᠬᠦᠪᠥᠷᠢ ᠮᠥᠩᠭᠦ ᠶᠢ 5800 ᠭᠠᠷᠤᠶ ᠳ᠋ᠦᠩᠰᠢᠭᠤᠷ ᠲᠥᠭᠦᠷᠢᠭ ᠦᠭᠴᠦ᠂ ᠡᠯ᠎ᠡ ᠭᠠᠵᠠᠷ ᠢᠯᠠᠩᠭᠤᠶ᠎ᠠ ᠳᠤᠮᠳᠠ ᠪᠠ | ᠪᠠᠷᠠᠭᠤᠨ ᠬᠡᠰᠡᠭ ᠤᠨ ᠭᠠᠵᠠᠷ ᠣᠷᠣᠨ ᠪᠤᠯᠤᠨ ᠠᠵᠤ ᠦᠢᠯᠡᠳᠪᠦᠷᠢ ᠶᠢᠨ ᠬᠠᠭᠤᠴᠢᠨ ᠰᠠᠭᠤᠷᠢᠨ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ | ᠲᠠᠷᠬᠠᠭᠠᠬᠤ ᠶᠢ ᠬᠦᠴᠦᠲᠡᠶ ᠳᠡᠮᠵᠢᠪᠡ ᠬᠡᠵᠡᠢ᠃ | ︽ᠪᠢᠳᠡ ᠡᠯ᠎ᠡ ᠭᠠᠵᠠᠷ ᠤᠨ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠡᠷᠬᠢᠯᠳᠡ ᠶᠢᠨ ᠪᠠᠶᠢᠳᠠᠯ ᠢ | ᠰᠠᠶᠢᠳᠤᠷ ᠠᠩᠬᠠᠷᠴᠤ᠂ ᠪᠡᠯᠡ ᠮᠥᠩᠭᠦ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠠᠶᠤᠯ | ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢᠨ ᠬᠠᠮᠲᠤ ᠪᠠᠯᠠ ᠮᠥᠩᠭᠦ ᠲᠤᠬᠢᠷᠠᠭᠤᠯᠬᠤ ᠶᠢ ᠬᠠᠪᠰᠤᠷᠤᠨ ᠵᠣᠬᠢᠴᠠᠭᠤᠯᠵᠤ᠂ ᠨᠢᠭᠡ ᠶᠢ ᠴᠦ ᠠᠯᠳᠠᠬᠤ ᠦᠭᠡᠢ ᠪᠠᠷ | ᠨᠠᠰᠤᠵᠢᠯ ᠤᠨ ᠠᠰᠠᠷᠠᠮᠵᠢ ᠶᠢᠨ ᠮᠥᠩᠭᠦ ᠲᠠᠷᠬᠠᠭᠠᠬᠤ ᠶᠢ ᠦᠨᠡᠨ ᠬᠦ ᠪᠠᠲᠤᠯᠠᠨ᠎ᠠ︾ ᠬᠡᠵᠦ ᠨᠢᠶᠧ ᠮᠢᠩ ᠵᠢᠤᠸᠠᠨ ᠬᠡᠯᠡᠵᠡᠢ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 9 ᠰᠠᠷ᠎ᠠ ᠶᠢᠨ ᠡᠴᠦᠰ | ᠪᠣᠯᠲᠠᠯ᠎ᠠ᠂ ᠪᠥᠬᠦ ᠤᠯᠤᠰ ᠲᠤ 28635 ᠲᠦᠮᠡᠨ ᠠᠵᠢᠯᠲᠠᠨ ᠠᠵᠢᠯᠴᠢᠨ ᠳᠠᠭᠠᠳᠬᠠᠯ ᠳᠤ ᠣᠷᠣᠯᠴᠠᠵᠤ᠂ ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ | 4.1% ᠪᠠᠷ ᠨᠡᠮᠡᠭᠳᠡᠪᠡ᠃ ᠨᠠᠰᠤᠨ ᠤ ᠠᠮᠠᠷᠠᠯᠳᠠ ᠪᠠᠨ ᠠᠪᠤᠬᠰᠠᠨ ᠪᠠ ᠠᠵᠢᠯ ᠠᠴᠠ ᠪᠠᠨ ᠠᠮᠠᠷᠠᠭᠰᠠᠨ ᠬᠥᠮᠦᠨ ᠤ ᠲᠤᠭ᠎ᠠ 10659 ᠲᠦᠮᠡ ᠳᠤ ᠬᠦᠷᠴᠦ᠂ | ᠨᠢᠳᠤᠨᠤᠨ ᠤ ᠵᠢᠯ ᠤᠨ ᠡᠴᠦᠰ ᠤᠨ ᠬᠢ ᠠᠴᠠ ᠪᠠᠨ 2.5% ᠪᠠᠷ ᠨᠡᠮᠡᠭᠳᠡᠪᠡ᠃ | http://mongol.people.com.cn/15828216.html |