2021ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠯᠲᠡ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠤᠯᠬᠤ ᠠᠷᠭ᠎ᠠ  ᠲᠤᠲᠤᠷᠠᠪᠠ
ᠨᠡᠶᠢᠲᠡᠯᠡᠭᠰᠡᠨ ᠴᠠᠭ᠄
2020/10/30
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 10 ᠰᠠᠷ᠎ᠠ ᠶᠢᠨ 28 ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ 2021 ᠣᠨ ᠤ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠳᠤ ᠨᠡᠷ᠎ᠡ ᠮᠡᠳᠡᠭᠦᠯᠬᠦ ᠮᠡᠳᠡᠭᠡ ᠵᠠᠩᠭᠢ ᠶᠢ ᠴᠤᠭᠯᠠᠭᠤᠯᠬᠤ ᠠᠷᠭ᠎ᠠ ᠶᠢ ᠨᠡᠶᠢᠲᠡᠯᠡᠵᠦ ᠂ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ  ᠬᠢᠨᠠᠨ ᠰᠢᠯᠭᠠᠯᠲᠠ᠂ ᠰᠦᠯᠵᠢᠶᠡᠨ ᠳᠡᠭᠡᠷ᠎ᠡ  ᠵᠠᠷᠤᠳᠠᠯ ᠲᠤᠰᠢᠶᠠᠬᠤ᠂ ᠠᠬᠤᠢ ᠲᠠᠯᠠᠪᠤᠷ ᠲᠤ ᠨᠤᠲᠠᠯᠠᠬᠤ ᠵᠡᠷᠭᠡ ᠬᠡᠳᠦᠨ ᠲᠤᠮᠤ ᠠᠯᠬᠤᠮ ᠬᠤᠪᠢᠶᠠᠵᠠᠢ᠃    ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ ᠬᠤᠭᠤᠴᠠᠭᠠᠨ ᠳᠤ᠂ ᠰᠢᠯᠭᠠᠭᠤᠯᠤᠭᠴᠢ ᠲᠣᠭᠲᠠᠭᠰᠠᠨ ᠴᠠᠭ ᠲᠤ ︽ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ︾ ︵https://www nm. zsks. cn︶  ︶ ᠳᠤ  ᠭᠠᠷᠴᠤ᠂ ︽2021 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠯᠲᠡ ᠵᠢᠨ‌‍ᠰᠦ᠋ᠯᠵᠢᠶᠡᠨ ᠳᠡᠭᠡᠷᠡᠬᠢ ᠨᠡᠷ᠎ᠡ  ᠮᠡᠳᠡᠭᠦᠯᠦᠯᠲᠡ︾ ᠬᠡᠯᠬᠢᠶ᠎ᠡ ᠶᠢ ᠲᠣᠪᠴᠢᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠰᠲ᠋ᠧᠮ ᠳᠤ ᠣᠷᠣᠵᠤ᠂ ᠰᠦᠯᠵᠢᠶᠡᠨ ᠨᠢᠭᠤᠷ ᠳᠡᠭᠡᠷᠡᠬᠢ ᠲᠣᠳᠣᠷᠬᠠᠶᠢᠯᠠᠯᠲᠠ ᠶᠣᠰᠣᠭᠠᠷ᠂ ᠠᠭᠤᠯᠭ᠎ᠠ ᠪᠦᠷᠢ ᠶᠢ ᠣᠨᠣᠪᠴᠢᠲᠠᠶ ᠲᠠᠭᠯᠠᠨ᠎ᠠ᠃ ᠰᠢᠯᠭᠠᠭᠤᠯᠤᠭᠴᠢ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠲᠤᠰᠢᠶᠠᠭᠰᠠᠨ ᠤ ᠳᠠᠷᠠᠭ᠎ᠠ᠂ ᠲᠠᠭᠯᠠᠭᠰᠠᠨ ᠠᠭᠤᠯᠭ᠎ᠠ ᠪᠠᠨ ᠨᠠᠷᠢᠨ ᠬᠢᠨᠠᠮᠠᠭᠠᠶ ᠬᠠᠷᠭᠤᠭᠤᠯᠵᠤ᠂ ᠪᠤᠷᠤᠭᠤ ᠲᠠᠭᠯᠠᠭᠰᠠᠨ ᠪᠠᠶᠢᠪᠠᠯ ᠵᠠᠰᠠᠵᠦ᠂ ᠪᠤᠷᠤᠭᠤ ᠦᠭᠡᠢ ᠪᠤᠯᠤᠭᠰᠠᠨ ᠬᠤᠶᠢᠨ᠎ᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠥᠪᠡᠷᠲᠡᠭᠡᠨ ᠳᠠᠷᠤᠮᠠᠯᠯᠠᠨ᠎ᠠ᠃ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠳᠡᠭᠡᠨ ᠰᠢᠯᠭᠠᠭᠤᠯᠤᠭᠴᠢ ᠲᠣᠬᠢᠷᠠᠭᠤᠯᠤᠭᠰᠠᠨ ᠨᠢᠭᠤᠴᠠ‌ᠨᠣᠮᠧᠷ ᠵᠶ᠋ᠠᠨ‌ᠵᠠᠪᠠᠯ  ᠬᠠᠳᠠᠭᠠᠯᠠᠵᠦ  ᠨᠢᠭᠤᠴᠠ  ᠪᠠᠨ ᠬᠠᠮᠠᠭᠠᠯᠠᠬᠤ ᠬᠡᠷᠡᠭᠲᠡᠶ᠃    ᠦᠵᠡᠯ ᠰᠠᠨᠠᠭ᠎ᠠ ᠤᠯᠤᠰ ᠲᠥᠷᠥ ᠶᠣᠰᠣ ᠮᠣᠷᠠᠯ ᠤᠨ ᠬᠢᠨᠠᠨ ᠰᠢᠯᠭᠠᠯᠲᠠ ᠪᠣᠯ ᠰᠢᠯᠭᠠᠭᠤᠯᠤᠭᠴᠢ ᠶᠢᠨ ᠪᠠᠶᠢᠭ᠎ᠠ ᠰᠤᠷᠭᠠᠭᠤᠯᠢ  ᠪᠤᠶᠤ ᠨᠢᠭᠡᠴᠢ ︵ᠠᠵᠢᠯᠯᠠᠬᠤ ᠨᠢᠭᠡᠴᠢ ᠥᠬᠡᠶ ᠰᠢᠯᠭᠠᠭᠤᠯᠤᠭᠴᠢ ᠶᠢ ᠬᠠᠷᠢᠶ᠎ᠠ ᠰᠤᠮᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠠᠴᠠ ᠰᠢᠯᠭᠠᠭᠤᠯᠤᠭᠴᠢ ᠳᠤ ᠦᠭᠭᠦ ᠤᠯᠤᠰ ᠲᠥᠷᠥ ᠶᠢᠨ ᠣᠪᠣᠷ᠂ ᠦᠵᠡᠯ ᠰᠠᠨᠠᠭ᠎ᠠ ᠶᠣᠰᠣ ᠮᠣᠷᠠᠯ ᠤᠨ ᠲᠤᠬᠠᠶ ᠪᠥᠬᠦ ᠲᠠᠯ᠎ᠠ ᠶᠢᠨ ᠬᠢᠨᠠᠨ  ᠲᠤᠭᠲᠠᠭᠠᠯ ᠪᠤᠯᠤᠨ᠎ᠠ᠃ ᠲᠡᠷᠡᠴᠢᠯᠡᠨ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠢᠨᠠᠨ ᠲᠣᠭᠲᠠᠭᠠᠭᠰᠠᠨ ᠦᠷ᠎ᠡ ᠳ᠋ᠦᠩ ᠢ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢᠨ ᠬᠤᠯᠪᠤᠭᠳᠠᠯ ᠲᠠᠢ ᠪᠤᠯᠤᠩ ᠳᠤ ᠲᠠᠭᠯᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠦᠰᠦᠭ ᠵᠢᠷᠤᠭᠰᠠᠨ ᠤ ᠳᠠᠷᠠᠭ᠎ᠠ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠡᠷᠡᠭᠦᠦ ᠶᠢᠨ ᠰᠢᠳᠭᠡᠯ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ  ᠰᠢᠳᠭᠡᠯ ᠪᠤᠶᠤ ᠬᠠᠤᠯᠢ ᠰᠠᠬᠢᠯᠭ᠎ᠠ ᠠᠴᠠ ᠵᠥᠷᠢᠴᠡᠭᠰᠡᠨ ᠪᠤᠰᠤᠳ ᠰᠢᠳᠭᠡᠯ ᠣᠯᠤᠭᠰᠠᠨ ᠰᠢᠯᠭᠠᠭᠤᠯᠤᠭᠰᠠᠳ᠂ ᠳᠡᠭᠡᠷ᠎ᠡ ᠳᠤᠷᠠᠳᠤᠭᠰᠠᠨ ᠪᠤᠯᠤᠩ ᠳᠤ ᠲᠡᠭᠦᠨ ᠤ ᠠᠯᠳᠠᠭ᠎ᠠ ᠭᠠᠷᠭᠠᠭᠰᠠᠨ ᠪᠣᠳᠠᠲᠤ ᠶᠠᠪᠤᠳᠠᠯ᠂ ᠰᠢᠢᠳᠪᠤᠷᠢᠯᠡᠭᠰᠡᠨ ᠰᠠᠨᠠᠯ ᠪᠣᠯᠤᠨ ᠲᠤᠰ ᠬᠥᠮᠦᠨ ᠤ ᠠᠯᠳᠠᠭ᠎ᠠ ᠶᠢᠨ ᠲᠤᠬᠠᠶ ᠲᠠᠨᠢᠯᠲᠠ ᠵᠢᠴᠢ ᠠᠯᠳᠠᠭ᠎ᠠ ᠪᠠᠨ ᠵᠠᠯᠠᠷᠠᠭᠤᠯᠤᠭᠰᠠᠨ ᠪᠣᠳᠠᠲᠤ ᠢᠯᠡᠷᠡᠯ ᠵᠡᠷᠭᠡ ᠰᠠᠨᠠᠯ ᠢ ᠪᠢᠴᠢᠬᠦ ᠶᠢᠨ ᠬᠠᠮᠲᠤ᠂ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃    ᠤᠷᠢᠳᠴᠢᠯᠠᠨ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ᠂ ᠰᠦᠯᠵᠢᠶᠡᠨ ᠳᠡᠭᠡᠷᠡᠬᠢ ᠪᠠᠩᠬᠢ ᠶᠢᠨ  ᠴᠢᠳᠠᠮᠵᠢ ᠪᠦᠬᠦᠢ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠺᠠᠷᠲ᠂ ︽ᠪᠠᠩᠬᠢ ᠶᠢᠨ  ᠬᠤᠯᠪᠤᠭ᠎ᠠ︾ ᠲᠡᠮᠳᠡᠭ ᠲᠠᠢ ᠪᠤᠰᠤᠳ ᠪᠠᠩᠬᠢ ᠶᠢᠨ ᠺᠠᠷᠲ᠂ ᠸᠢᠴᠠᠲ  ᠪᠤᠯᠤᠨ ᡁᠢ ᠹᠦ᠋ ᠪᠤᠤ ᠶᠢ ᠬᠡᠷᠡᠭᠯᠡᠵᠦ᠂ ᠤᠷᠢᠳᠴᠢᠯᠠᠨ ᠨᠡᠷ᠎ᠡ ᠮᠡᠳᠡᠭᠦᠯᠬᠦ ᠰᠢᠰᠲ᠋ᠧᠮ ᠤᠨ ᠢᠯᠡᠷᠡᠭᠦᠯᠦᠭᠰᠡᠨ ᠵᠤᠭᠤᠰᠤᠨ ᠲᠤᠭ᠎ᠠ ᠪᠠᠷ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠰᠢᠯᠭᠠᠯᠲᠠ ᠶᠢᠨ ᠵᠠᠷᠤᠳᠠᠯ ᠲᠤᠰᠢᠶᠠᠵᠤ ᠪᠣᠯᠤᠨ᠎ᠠ᠃ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠵᠢᠯᠣᠭᠤᠳᠬᠤ ᠲᠥᠷᠥᠯ ᠂ ᠪᠡᠶ᠎ᠡ ᠶᠢᠨ ᠲᠠᠮᠢᠷ ᠤᠨ ᠲᠥᠷᠥᠯ ᠵᠡᠷᠭᠡ ᠳᠤ ᠰᠢᠯᠭᠠᠭᠤᠯᠤᠭᠴᠢᠳ ᠴᠦ ᠪᠠᠷᠢᠮᠵᠢᠶ᠎ᠠ ᠶᠣᠰᠣᠭᠠᠷ ᠥᠪᠡᠷᠲᠡᠭᠡᠨ ᠵᠠᠰᠠᠬᠤ ᠣᠷᠣᠨ ᠤ ᠵᠤᠬᠢᠶᠠᠨ ᠪᠠᠶᠢᠭᠤᠯᠤᠭᠰᠠᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ  ᠵᠠᠷᠤᠳᠠᠯ ᠢ ᠲᠣᠰ ᠲᠣᠰ  ᠲᠤᠰᠢᠶᠠᠬᠤ ᠬᠡᠷᠡᠭᠲᠡᠶ᠃ ᠰᠢᠯᠭᠠᠭᠤᠯᠤᠭᠰᠠᠳ ᠲᠤ ᠠᠩᠬᠠᠷᠤᠭᠤᠯᠬᠤ ᠴᠢᠬᠤᠯᠠᠲᠠᠶ  ᠵᠥᠢᠯ ᠭᠡᠪᠡᠯ᠂ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠨᠢ ᠰᠢᠯᠭᠠᠭᠤᠯᠤᠭᠴᠢ ᠲᠣᠰ ᠪᠡᠶ᠎ᠡ ᠪᠠᠷ ᠢᠶᠠᠨ ᠬᠠᠷᠭᠤᠭᠤᠯᠵᠦ᠂ ᠭᠠᠷ ᠤᠨ ᠥᠰᠥᠭ  ᠵᠢᠷᠤᠵᠦ ᠨᠤᠲᠠᠯᠠᠭᠰᠠᠨ ︽ᠨᠡᠷ᠎ᠡ ᠮᠡᠳᠡᠭᠦᠯᠬᠦ  ᠪᠦᠷᠢᠳᠭᠡᠯ ᠤᠨ ᠬᠦᠰᠦᠨᠦᠭᠲᠦ︾ ᠶᠢ ᠰᠢᠯᠭᠠᠭᠤᠯᠤᠭᠴᠢ  ᠶᠢᠨ ᠲᠠᠩᠰᠠ ᠡᠪᠬᠡᠮᠡᠯ ᠳᠤ ᠣᠷᠣᠭᠤᠯᠤᠨ᠎ᠠ︔ ᠡᠷᠦᠬᠡ ᠠᠮᠠ ᠶᠢᠨ ᠳᠡᠪᠲᠡᠷ ᠤᠨ ᠬᠠᠭᠤᠯᠪᠤᠷᠢ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ︽ᠬᠥᠭᠵᠢᠮ ᠤᠨ ᠨᠣᠲ︾ ᠢ ᠦᠯᠡᠳᠡᠭᠡᠵᠦ ᠪᠠᠶᠢᠴᠠᠭᠠᠬᠤ ᠳᠤ ᠪᠡᠯᠡᠳᠬᠡᠨ᠎ᠡ︔ ︽ᠦᠨᠡᠨᠴᠢ ᠢᠲᠡᠭᠡᠮᠵᠢᠳᠤ ᠰᠢᠯᠭᠠᠯᠲᠠ ᠶᠢᠨ ᠠᠮᠠᠯᠠᠯᠲᠠ ᠶᠢᠨ ᠪᠢᠴᠢᠭ︾ ᠢ ᠥᠪᠡᠷᠲᠡᠭᠡᠨ ᠵᠠᠰᠠᠬᠤ ᠣᠷᠣᠨ ᠤ  ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ  ᠬᠦᠷᠭᠡᠨ᠎ᠡ᠂ ᠰᠢᠯᠭᠠᠭᠤᠯᠤᠭᠴᠢ ᠶᠢᠨ ᠲᠠᠩᠰᠠ ᠡᠪᠬᠡᠮᠡᠯ ᠳᠤ ᠣᠷᠣᠭᠤᠯᠬᠤ ᠥᠬᠡᠶ᠃     ᠰᠢᠯᠭᠠᠭᠤᠯᠤᠭᠴᠢ ᠰᠦᠯᠵᠢᠶᠡᠨ ᠳᠡᠭᠡᠷ᠎ᠡ ᠵᠠᠷᠤᠳᠠᠯ ᠲᠤᠰᠢᠶᠠᠭᠠᠳ ᠠᠮᠵᠢᠯᠲᠠ ᠣᠯᠤᠭᠰᠠᠨ ᠤ ᠳᠠᠷᠠᠭ᠎ᠠ᠂ ᠲᠣᠰ ᠬᠥᠮᠦᠨ ᠤ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠡᠷᠦᠬᠡ ᠠᠮᠠ ᠶᠢᠨ ᠳᠡᠪᠲᠡᠷ ᠤᠨ ᠪᠠᠭᠤᠯᠭᠠᠪᠤᠷᠢ ᠪᠠ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠪᠠᠨ ᠠᠪᠴᠤ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠲᠤᠬᠠᠶ ᠶᠢᠨ  ᠭᠠᠵᠠᠷ ᠲᠤᠨᠢ ᠨᠤᠲᠠᠯᠠᠨ ᠲᠣᠭᠲᠠᠭᠠᠨ᠎ᠠ᠃ http://mongol.people.com.cn/15828236.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ