ᠶᠦᠨ ᠳ᠋ᠡ ᠥᠪᠥᠷ ᠮᠣᠩᠭᠤᠯ ᠤᠨ ᠲᠦᠷᠭᠡᠨ ᠢᠯᠡᠭᠡᠬᠦ ᠡᠯᠧᠺᠲᠷᠣᠨ ᠬᠤᠳᠠᠯᠳᠤᠭᠠᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠢᠨᠠᠨ ᠲᠣᠭᠲᠠᠭᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/10/30
     10 ᠳ᠋ᠤᠭᠠᠷ ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠦᠨ ᠳ᠋ᠠ ᠥᠪᠥᠷ ᠮᠣᠩᠭᠤᠯ ᠤᠨ ᠲᠦᠷᠭᠡᠨ ᠢᠯᠡᠭᠡᠬᠦ ᠡᠯᠧᠺᠲᠷᠣᠨ ᠬᠤᠳᠠᠯᠳᠤᠭᠠᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠦᠨᠡᠯᠡᠨ ᠬᠢᠨᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠤᠰᠤᠨ ᠴᠠᠬᠢᠯᠭᠠᠨ ᠤ ᠬᠠᠶᠢᠨ ᠪᠠᠶᠢᠴᠠᠭᠠᠬᠤ ᠵᠢᠷᠤᠭ ᠲᠥᠯᠥᠪᠯᠡᠭᠡᠨ ᠤ ᠬᠦᠷᠢᠶᠡᠯᠡᠩ᠂ ᠬᠥᠬᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠥᠷᠥᠰᠥ ᠰᠢᠷᠣᠶ ᠶᠢ ᠬᠠᠮᠠᠭᠠᠯᠠᠬᠤ ᠬᠦᠷᠢᠶ᠎ᠡ ᠴᠠᠷᠠᠭ᠎ᠠ ᠶᠢᠨ ᠡᠯ᠎ᠡ ᠲᠤᠰᠬᠠᠶ ᠮᠡᠷᠭᠡᠵᠢᠯᠲᠡᠨ ᠶᠦᠨ ᠳ᠋ᠠ ᠥᠪᠥᠷ ᠮᠣᠩᠭᠤᠯ ᠤᠨ ᠲᠦᠷᠭᠡᠨ ᠢᠯᠡᠭᠡᠬᠦ ᠡᠯᠧᠺᠲᠷᠣᠨ ᠬᠤᠳᠠᠯᠳᠤᠭᠠᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠳᠤ ᠬᠢᠨᠠᠨ ᠲᠣᠭᠲᠠᠭᠠᠯᠲᠠ ᠬᠢᠬᠦ ᠶᠢᠨ ᠬᠠᠮᠲᠤ ᠬᠠᠮᠢᠶ᠎ᠠ ᠪᠥᠬᠦᠶ ᠰᠠᠨᠠᠯ ᠢᠶᠠᠨ ᠳᠤᠷᠠᠳᠪᠠ᠃ ᠲᠤᠰᠬᠠᠶ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠮᠡᠳᠡᠭᠦᠯᠦᠯᠲᠡ ᠶᠢᠨ ᠪᠢᠴᠢᠭ ᠨᠢ ᠶᠡᠷᠦᠩᠬᠡᠶ ᠳᠡᠭᠡᠨ ᠬᠥᠷᠥᠰᠥ ᠰᠢᠷᠣᠶ ᠶᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠬᠤᠯᠪᠣᠭᠳᠠᠯ ᠪᠥᠬᠦᠶ ᠱᠠᠭᠠᠷᠳᠠᠯᠭ᠎ᠠ ᠳᠤ ᠨᠡᠶᠢᠴᠡᠵᠡᠢ᠃ ᠶᠦᠨ ᠳ᠋ᠡ ᠥᠪᠥᠷ ᠮᠣᠩᠭᠤᠯ ᠤᠨ ᠲᠦᠷᠭᠡᠨ ᠢᠯᠡᠭᠡᠬᠦ ᠡᠯᠧᠺᠲᠷᠣᠨ ᠬᠤᠳᠠᠯᠳᠤᠭᠠᠨ ᠤ ᠺᠣᠮᠫᠠᠨᠢ ᠵᠢᠴᠢ ᠲᠥᠰᠦᠯ ᠢ ᠨᠠᠶᠢᠷᠠᠭᠤᠯᠤᠨ ᠵᠣᠬᠢᠶᠠᠬᠤ ᠨᠢᠭᠡᠴᠢ ᠠᠴᠠ ᠲᠤᠰᠬᠠᠶ ᠮᠡᠷᠭᠡᠵᠢᠯᠲᠡᠨ ᠤ ᠰᠠᠨᠠᠯ ᠢ ᠦᠨᠳᠦᠰᠦᠯᠡᠨ ᠲᠥᠰᠦᠯ ᠢᠶᠠᠨ ᠱᠠᠯᠠᠪᠳᠠᠨ ᠵᠠᠰᠠᠵᠤ᠂ ᠲᠡᠷᠡᠴᠢᠯᠡᠨ ᠦᠷᠭᠦᠯᠵᠢᠯᠡᠬᠦ ᠬᠠᠮᠢᠶᠠᠷᠤᠯᠲᠠ᠂ ᠰᠢᠯᠭᠠᠨ ᠠᠪᠬᠤ ᠶᠠᠪᠤᠴᠠ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠶᠦᠨ ᠳ᠋ᠡ ᠥᠪᠥᠷ ᠮᠣᠩᠭᠤᠯ ᠤᠨ ᠲᠦᠷᠭᠡᠨ ᠢᠯᠡᠭᠡᠬᠦ ᠡᠯᠧᠺᠲᠷᠣᠨ ᠬᠤᠳᠠᠯᠳᠤᠭᠠᠨ ᠤ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠢ ᠰᠢᠨ᠎ᠡ ᠲᠣᠭᠤᠷᠢᠭ ᠤᠨ ᠦᠯᠢᠭᠡᠷ ᠳᠠᠭᠤᠷᠢᠶᠠᠯ ᠢᠨᠵᠡᠸ᠋ᠨᠧᠷᠢᠭ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠪᠡ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ