ᠬᠤᠷᠢᠨᠭᠡᠷ ᠰᠢᠶᠠᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠢ ᠳᠤᠷᠠᠰᠬᠠᠬᠤ ᠠᠵᠢᠯᠯᠠᠭ᠎ᠠ ᠶᠠᠪᠣᠭᠳᠠᠭᠤᠯᠪᠠ
ᠨᠡᠶᠢᠲᠡᠯᠡᠭᠰᠡᠨ ᠴᠠᠭ᠄
2020/10/9
     ᠡᠨᠡ ᠵᠢᠯ ᠤᠨ 9 ᠳ᠋ᠦ᠋ᠭᠡᠷ ᠰᠠᠷ᠎ᠠ ᠶᠢᠨ 30 ᠤ ᠡᠳᠦᠷ ᠪᠣᠯ ᠳᠣᠯᠣᠳᠤᠭᠠᠷ ᠤᠯᠤᠰ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠣᠯᠤᠨ᠎ᠠ᠂ ᠮᠠᠨ ᠤ ᠰᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ᠦᠷᠡᠭᠳᠡᠭᠰᠡᠨ ᠪᠠᠭᠠᠲᠣᠷᠴᠣᠳ ᠤᠨ ᠳᠤᠷᠠᠰᠬᠠᠯ ᠤᠨ ᠡᠳᠦᠷ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠬᠦ ᠶᠣᠰᠣᠯᠠᠯ ᠶᠠᠪᠣᠭᠤᠯᠵᠤ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠯᠲᠡ ᠶᠢᠨ ᠦᠢᠯᠡᠰ ᠵᠢᠴᠢ ᠪᠦᠬᠦᠳᠡ ᠨᠠᠶᠢᠷᠠᠮᠳᠠᠬᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠠᠮᠢ ᠪᠡᠶ᠎ᠡ ᠪᠠᠨ ᠵᠣᠷᠢᠭᠤᠯᠤᠭᠰᠠᠨ ᠬᠤᠪᠢᠰᠬᠠᠯᠲᠤ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠪᠠ ᠭᠦᠨ ᠭᠦᠨᠵᠡᠭᠡᠢ ᠭᠠᠰᠢᠭᠤᠳᠠᠯ ᠳᠡᠪᠰᠢᠭᠦᠯᠦᠭᠰᠡᠨ ᠪᠠᠶᠢᠨ᠎ᠠ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠤᠸᠠᠨ ᡁᠢ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠷᠦᠢ ᠶᠢᠨ ᠵᠡᠷᠭᠡ ᠰᠢᠶᠠᠨ ᠤ ᠲᠦᠷᠪᠡᠨ ᠶᠡᠭᠡ ᠪᠠᠭ ᠤᠨ ᠤᠳᠤᠷᠢᠳᠤᠯᠭ᠎ᠠ ᠪᠦᠬᠦ ᠰᠢᠶᠠᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠲᠠᠢ ᠬᠠᠮᠲᠤ ᠪᠠᠷ ᠶᠣᠰᠣᠯᠠᠯ ᠳᠤ ᠣᠷᠣᠯᠴᠠᠪᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠨᠠᠨ ᠨᠠᠨ ᠶᠣᠰᠣᠯᠠᠯ ᠡᠷᠬᠢᠯᠡᠪᠡ᠃      9 ᠳ᠋ᠦ᠋ᠭᠡᠷ ᠰᠠᠷ᠎ᠠ ᠶᠢᠨ 30 ᠤ ᠦᠳᠡ ᠡᠮᠦᠨᠡᠬᠢ 9 ᠴᠠᠭ ᠲᠤ᠂ ᠳᠠᠶᠠᠭᠠᠷ ᠳᠡᠭᠡᠷ᠎ᠡ ᠳᠠᠭᠤᠨ ᠢᠶᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠵᠤ ᠪᠠᠷᠠᠮᠠᠭᠴᠠ᠂ ᠲᠠᠯᠠᠪᠠᠢ ᠳᠠᠶᠠᠭᠠᠷ ᠬᠢᠴᠢᠶᠡᠩᠭᠦ᠋ᠢᠯᠡᠨ ᠵᠣᠭᠰᠣᠵᠤ᠂ ᠳᠤᠮᠳᠠᠳᠤ ᠤᠯᠤᠰ ᠤᠨ ᠠᠷᠠᠳ ᠲᠦᠮᠡᠨ ᠤ ᠴᠢᠯᠥᠭᠡᠯᠡᠯᠲᠡ ᠶᠢᠨ ᠦᠢᠯᠡᠰ ᠵᠢᠴᠢ ᠪᠦᠬᠦᠳᠡ ᠨᠠᠶᠢᠷᠠᠮᠳᠠᠬᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠪᠡᠶ᠎ᠡ ᠦᠷᠡᠭᠳᠡᠭᠰᠡᠨ ᠪᠠᠭᠠᠲᠤᠷᠴᠤᠳ ᠢ ᠨᠠᠮᠠᠨᠴᠢᠯᠠᠨ ᠭᠠᠰᠢᠭᠤᠳᠠᠪᠠ᠃ ᠨᠠᠮᠠᠨᠴᠢᠯᠠᠨ ᠭᠠᠰᠢᠭᠤᠳᠠᠵᠤ ᠪᠠᠷᠠᠭᠰᠠᠨ ᠤ ᠳᠠᠷᠠᠭ᠎ᠠ᠂ ᠪᠠᠭᠠᠴᠤᠳ ᠬᠡᠦᠬᠡᠳ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠳᠣᠣᠷ᠎ᠠ ᠬᠠᠮᠲᠤ ᠪᠠᠷ ︽ᠪᠢᠳᠡ ᠪᠣᠯ ᠡᠪ ᠬᠠᠮᠲᠤ ᠶᠣᠰᠣᠨ ᠤ ᠵᠠᠯᠭᠠᠮᠵᠢᠯᠠᠭᠴᠢ ᠮᠥᠨ︾ ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠪᠠ᠃ ᠳᠠᠷᠠᠭ᠎ᠠ ᠨᠢ ︽ᠴᠡᠴᠡᠭ ᠬᠦᠷᠭᠡᠬᠦ ᠠᠶ᠎ᠠ︾ ᠶᠢ ᠳᠠᠭᠠᠵᠤ᠂ ᠴᠢᠯᠥᠭᠡᠯᠡᠬᠦ ᠴᠡᠷᠢᠭ ᠤᠨ ᠪᠠᠶᠢᠯᠳᠤᠭᠴᠢ ᠴᠡᠴᠡᠭᠲᠦ ᠰᠠᠭᠰᠤ ᠡᠷᠭᠦᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠵᠦᠭ ᠠᠯᠬᠤᠯᠠᠵᠤ᠂ ᠠᠷᠠᠳ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠵᠦ᠂ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠬᠦᠷᠭᠡᠭᠰᠡᠨ 4 ᠴᠡᠴᠡᠭᠲᠦ ᠰᠠᠭᠰᠤ ᠶᠢ ᠳᠠᠷᠠᠭᠠᠯᠠᠨ ᠵᠢᠭᠰᠠᠭᠠᠪᠠ᠃      ᠵᠠᠩ ᠶᠦᠩ ᠸᠧᠨ ᠳᠤᠷᠠᠰᠬᠠᠯ ᠤᠨ ᠬᠥᠰᠢᠶ᠎ᠡ ᠶᠢᠨ ᠰᠠᠭᠤᠷᠢ ᠳᠡᠭᠡᠷ᠎ᠡ ᠠᠯᠭᠤᠷᠬᠠᠨ ᠠᠯᠬᠤᠨ ᠭᠠᠷᠴᠤ᠂ ᠴᠡᠴᠡᠭᠲᠦ ᠰᠠᠭᠰᠤ ᠶᠢᠨ ᠡᠮᠦᠨ᠎ᠡ ᠵᠣᠭᠰᠣᠵᠤ ᠰᠢᠷᠲᠡᠨ᠂ ᠴᠡᠴᠡᠭᠲᠦ ᠰᠠᠭᠰᠤ ᠶᠢᠨ ᠲᠣᠷᠭ᠎ᠠ ᠶᠢ ᠨᠠᠷᠢᠨ ᠨᠢᠮᠪᠠᠶ ᠲᠡᠭᠰᠢᠯᠡᠨ᠎ᠡ᠃ ᠵᠠᠯᠭᠠᠭᠠᠳ᠂ ᠵᠠᠩ ᠶᠦᠩ ᠸᠧᠨ ᠵᠡᠷᠭᠡ ᠰᠢᠶᠠᠨ ᠤ ᠤᠳᠤᠷᠢᠳᠤᠯᠭ᠎ᠠ ᠰᠢᠷᠳᠡᠬᠦ ᠶᠣᠰᠣ ᠬᠢᠭᠰᠡᠨ ᠤ ᠳᠠᠷᠠᠭ᠎ᠠ᠂ ᠲᠡᠰ ᠳᠠᠷᠠᠭᠠᠯᠠᠨ ᠠᠯᠭᠤᠷᠬᠠᠨ ᠠᠯᠬᠤᠵᠤ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢ ᠪᠠᠷᠠᠯᠠᠨ᠋᠎ᠠ᠃      ᠠᠬᠠᠮᠠᠳ ᠪᠠᠶᠢᠯᠳᠤᠭᠴᠢ᠂ ᠦᠷᠡᠭᠳᠡᠭᠰᠡᠨ ᠪᠠᠭᠠᠲᠤᠷᠴᠤᠳ ᠤᠨ ᠲᠥᠷᠥᠯ ᠰᠠᠳᠤᠨ ᠤ ᠲᠥᠯᠥᠭᠡᠯᠡᠭᠴᠢ᠂ ᠪᠠᠭᠠᠴᠤᠳ ᠬᠡᠦᠬᠡᠳ ᠪᠠ ᠪᠦᠬᠦ ᠰᠢᠶᠠᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠤᠯᠠᠨ ᠲᠦᠮᠡᠨ ᠤ ᠲᠥᠯᠥᠭᠡᠯᠡᠭᠴᠢ ᠴᠦ ᠳᠤᠷᠠᠰᠬᠠᠯ ᠤᠨ ᠬᠦᠰᠢᠶ᠎ᠡ ᠶᠢᠨ ᠡᠮᠦᠨ᠎ᠡ ᠬᠦᠷᠴᠦ᠂ ᠭᠠᠷ ᠲᠠᠬᠢ ᠰᠣᠷᠭᠤᠭ ᠴᠡᠴᠡᠭ ᠢᠶᠠᠨ ᠡᠷᠭᠦᠭᠰᠡᠨ ᠪᠥᠭᠡᠳ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠯᠠᠨ ᠬᠠᠷᠠᠭᠰᠠᠨ ᠪᠠᠶᠢᠨ᠎ᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号