ᠸᠠᠩ ᠯᠢ ᠰᠢᠶᠠ ᠮᠠᠨ ᠤ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠦᠨᠡᠨᠬᠦ ᠪᠠᠲᠤᠵᠢᠭᠤᠯᠵᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ
ᠨᠡᠶᠢᠲᠡᠯᠡᠭᠰᠡᠨ ᠴᠠᠭ᠄
2020/10/9
       ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠨᠢ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠦᠨᠡᠨᠬᠦ ᠪᠠᠲᠤᠵᠢᠭᠤᠯᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠨ᠂ ᠦᠷᠭᠦᠯᠵᠢᠯᠡᠨ ᠬᠠᠮᠤᠭ ᠤᠨ ᠴᠢᠩᠭ᠎ᠠ ᠬᠠᠮᠢᠶᠠᠷᠤᠯᠲᠠ ᠡᠵᠡᠮᠳᠡᠯ᠂ ᠬᠠᠮᠤᠭ ᠤᠨ ᠲᠥᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠪᠠᠷ ᠠᠵᠢᠯ ᠤᠨ ᠠᠬᠢᠯᠲᠠ ᠶᠢ ᠠᠬᠢᠭᠤᠯᠵᠤ᠂ ᠠᠷᠠᠳ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠡᠢ᠃      ᠲᠤᠰ ᠡᠳᠦᠷ᠂ ᠸᠠᠩ ᠯᠢ ᠰᠢᠶᠠ ᠤᠷᠢᠳ ᠬᠤᠵᠢᠳ ᠰᠠᠶᠢᠬᠠᠨ ᠲᠣᠭᠤᠷᠢᠭ ᠤᠨ ᠬᠤᠷᠢᠨ ᠲᠣᠰᠬᠤᠨ᠂ ᠵᠡᠭᠦᠨ ᠪᠠᠶᠠᠨ ᠪᠡᠯᠴᠢᠭᠡᠷ ᠲᠣᠰᠬᠤᠨ ᠤ ᠲᠥᠪᠯᠡᠷᠡᠭᠦᠯᠦᠨ ᠢᠯᠴᠢ ᠬᠠᠩᠭᠠᠬᠤ ᠦᠭᠡᠷᠡᠴᠢᠯᠡᠯᠲᠡ ᠶᠢᠨ ᠪᠠᠷᠢᠯᠭ᠎ᠠ ᠶᠢᠨ ᠭᠠᠵᠠᠷ᠂ ᠪᠣᠣ ᠴᠢᠣᠸᠠᠨ ᠵᠤᠸᠠᠩ ᠤᠨ ᠢᠯᠴᠢ ᠰᠣᠯᠢᠬᠤ ᠥᠷᠲᠡᠭᠡ ᠶᠢᠨ ᠪᠠᠷᠢᠯᠭ᠎ᠠ ᠶᠢᠨ ᠭᠠᠵᠠᠷ ᠢᠶᠠᠷ ᠭᠦᠨᠵᠡᠭᠡᠶᠢᠷᠡᠵᠦ᠂ ᠸᠠᠩ ᠯᠢ ᠰᠢᠶᠠ ᠨᠢᠭᠡ ᠭᠠᠵᠠᠷ ᠣᠴᠢᠬᠤ ᠪᠣᠯᠭᠠᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠵᠤ ᠬᠡᠷᠡᠭᠯᠡᠳᠡᠭ ᠬᠡᠷᠡᠭᠯᠡᠭᠴᠢ ᠶᠢᠨ ᠢᠯᠴᠢ ᠬᠠᠩᠭᠠᠬᠤ ᠶᠢ ᠥᠭᠡᠷᠡᠴᠢᠯᠡᠵᠦ ᠪᠠᠶᠢᠭ᠎ᠠ ᠪᠣᠳᠠᠲᠠᠢ ᠪᠠᠶᠢᠳᠠᠯ᠂ ᠠᠬᠢᠭᠤᠯᠤᠯᠲᠠ ᠳᠤ ᠬᠦᠴᠦᠯᠡᠵᠦ ᠪᠠᠶᠢᠭ᠎ᠠ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷ ᠠᠰᠠᠭᠤᠳᠠᠯ ᠵᠡᠷᠭᠡ ᠶᠢ ᠨᠠᠷᠢᠯᠢᠭ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠪᠥᠭᠡᠳ ᠲᠣᠰᠬᠤᠨ ᠤ ᠠᠶᠢᠯ ᠢᠶᠠᠷ ᠣᠷᠣᠵᠤ ᠥᠭᠡᠷᠡᠴᠢᠯᠡᠭᠰᠡᠨ ᠪᠠᠶᠢᠳᠠᠯ ᠢ ᠣᠶᠢᠯᠠᠭᠠᠪᠠ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠪᠣᠯ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠡᠬᠢ ᠠᠴᠠ ᠨᠢ ᠵᠠᠰᠠᠬᠤ᠂ ᠣᠨᠣᠪᠴᠢᠲᠠᠢ ᠵᠠᠰᠠᠬᠤ ᠶᠢ ᠠᠬᠢᠭᠤᠯᠬᠤ ᠪᠦᠲᠦᠮᠵᠢᠲᠡᠢ ᠠᠷᠭ᠎ᠠ ᠬᠡᠮᠵᠢᠶ᠎ᠡ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠳᠠᠷᠤᠰᠢᠭᠤᠯᠤᠨ᠂ ᠠᠬᠢᠴᠠ ᠶᠢ ᠡᠵᠡᠮᠰᠢᠵᠦ᠂ ᠶᠠᠰᠤ ᠴᠢᠨᠠᠷ ᠢ ᠴᠢᠬᠤᠯᠠᠴᠢᠯᠠᠵᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠵᠦ᠂ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠨᠢᠭᠡ ᠵᠦᠭ ᠲᠤ ᠬᠦᠴᠦᠯᠡᠵᠦ᠂ ᠬᠠᠮᠲᠤ ᠪᠠᠷ ᠠᠳᠬᠤᠨ ᠪᠦᠭᠦᠳᠡᠭᠡᠷ ᠢᠶᠠᠨ ᠬᠠᠮᠢᠶᠠᠷᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠂ ᠡᠯ᠎ᠡ ᠵᠦᠢᠯ ᠤᠨ ᠪᠠᠷᠢᠯᠭ᠎ᠠ ᠶᠢᠨ ᠠᠬᠢᠴᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠪᠠ ᠠᠵᠤ ᠠᠬᠤᠶᠢᠯᠠᠯ ᠳᠤ ᠶᠠᠪᠤᠭᠤᠯᠬᠤ ᠶᠡᠭᠡ ᠰᠢᠯᠭᠠᠯᠲᠠ ᠪᠣᠯᠭᠠᠨ᠂   ᠠᠵᠢᠯ ᠢ ᠮᠦᠷᠳᠡᠵᠦ ᠦᠷ᠎ᠡ ᠪᠦᠳᠦᠮᠵᠢ ᠶᠢ ᠠᠰᠠᠭᠤᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠰᠠᠭᠤᠳᠠᠯ ᠢ ᠡᠷᠢᠬᠦ᠂ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ ᠶᠢ ᠬᠦᠴᠦᠲᠡᠢ ᠥᠷᠨᠢᠭᠦᠯᠵᠦ᠂ ᠬᠤᠳᠠᠯ  ᠬᠡᠯᠡᠵᠦ ᠬᠠᠭᠤᠷᠮᠠᠭ ᠬᠢᠬᠦ᠂ ᠳᠥᠩᠭᠡᠬᠦ ᠤᠴᠢᠷ ᠢ ᠴᠢᠩᠭ᠎ᠠ ᠬᠤᠷᠢᠭᠯᠠᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢᠨ ᠶᠡᠷᠦᠩᠬᠡᠶᠢᠯᠡᠭᠰᠡᠨ ᠵᠠᠰᠠᠯᠲᠠ ᠨᠢ ᠴᠠᠭ ᠬᠤᠭᠤᠴᠠᠭ᠎ᠠ᠂ ᠲᠡᠦᠬᠡ ᠶᠢᠨ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠪᠠᠷᠢᠯᠭ᠎ᠠ ᠶᠢᠨ ᠠᠶᠤᠯᠭᠦᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠭᠦ ᠬᠥᠪᠴᠢ ᠶᠢ ᠴᠠᠭ ᠢᠮᠠᠭᠲᠠ  ᠴᠢᠩᠭᠠᠯᠠᠵᠤ ᠂ ᠪᠠᠷᠢᠮᠵᠢᠶ᠎ᠠ ᠶᠢ ᠴᠢᠩᠭᠠᠳᠬᠠᠨ᠂ ᠶᠠᠪᠤᠴᠠ ᠶᠢ ᠵᠢᠷᠤᠮᠵᠢᠭᠤᠯᠤᠨ᠂ ᠬᠠᠷᠢᠭᠤᠴᠠᠯᠭ᠎ᠠ ᠨᠡᠬᠡᠮᠵᠢᠯᠡᠬᠦ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠬᠥᠮᠥᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠠᠷᠢᠮᠵᠢᠶ᠎ᠠ ᠳᠤ ᠨᠠᠷᠢᠯᠢᠭ ᠲᠠᠶᠢᠯᠤᠮᠵᠢ ᠬᠢᠵᠦ᠂ ᠠᠵᠤ ᠠᠬᠤᠶᠢᠯᠠᠯ ᠢ ᠵᠢᠯᠣᠭᠤᠳᠤᠨ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠤᠬᠠᠮᠰᠠᠷ ᠢ ᠪᠣᠢ ᠪᠣᠯᠭᠠᠨ ᠪᠠᠲᠤᠵᠢᠭᠤᠯᠵᠤ᠂ ᠣᠯᠠᠨ ᠲᠦᠮᠡᠨ ᠢ ᠵᠣᠷᠢᠭᠵᠢᠭᠤᠯᠤᠨ ᠢᠳᠡᠪᠬᠢᠳᠡᠢ ᠣᠷᠣᠯᠴᠠᠭᠤᠯᠵᠤ᠂ ᠬᠠᠮᠲᠤ ᠪᠠᠷ ᠵᠠᠰᠠᠬᠤ ᠠᠭᠤᠷ ᠠᠮᠢᠰᠬᠤᠯ ᠢ ᠪᠣᠢ ᠪᠣᠯᠭᠠᠨ᠂ ᠲᠠᠯ᠎ᠠ ᠨᠤᠲᠤᠭ ᠤᠨ ᠬᠤᠲᠠ ᠶᠢᠨ ᠬᠥᠬᠡ ᠣᠭᠲᠠᠷᠭᠤᠢ ᠴᠡᠩᠭᠡᠭ ᠤᠰᠤ ᠪᠠᠨ ᠬᠠᠮᠲᠤ ᠪᠠᠷ ᠬᠠᠶᠢᠷᠠᠯᠠᠨ ᠬᠠᠮᠠᠭᠠᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠳ ᠲᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ  ᠠᠷᠢᠭᠤᠨ ᠴᠡᠪᠡᠷ ᠢ ᠴᠡᠭᠴᠡᠯᠡᠨ ᠵᠠᠰᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠳᠡᠭᠡ ᠲᠣᠰᠬᠤᠨ ᠤ ᠥᠷᠭᠡᠨ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠷᠢᠭᠤᠨ ᠴᠡᠪᠡᠷᠬᠡᠨ ᠢᠶᠠᠷ ᠴᠢᠨᠡᠭᠡᠯᠢᠭ ᠠᠮᠢᠳᠤᠷᠠᠯ ᠢᠶᠠᠨ ᠤᠭᠲᠤᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠦ᠋ ᠸᠧᠨ ᠮᠢᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号