ᠮᠠᠨ ᠤ ᠬᠤᠲᠠ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ︽ᠶᠠᠰᠤ ᠴᠢᠨᠠᠷ ᠤᠨ ᠰᠠᠷ᠎ᠠ︾ ᠵᠢᠴᠢ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠦᠵᠡᠮᠵᠢ ᠶᠢᠨ ᠣᠷᠣᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/10/9
       ︵ᠰᠤᠷᠪᠤᠯᠵᠢᠯᠠᠭᠴᠢ ᠮᠢᠶᠥᠥ ᠴᠢᠩ  ᠴᠢᠮᠡᠭᠡᠯᠡᠭᠴᠢ ᠦ᠋ ᠰᠢᠶᠥᠥ ᠸᠧᠨ︶ 10 ᠳ᠋ᠤᠭᠠᠷ ᠰᠠᠷ᠎ᠠ ᠶᠢᠨ 8 ᠤ ᠡᠳᠦᠷ᠂ ᠬᠥᠬᠡᠬᠤᠲᠠ ᠶᠢᠨ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠥᠬᠡᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠮᠲᠤᠷᠠᠨ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠦᠵᠡᠮᠵᠢ ᠶᠢᠨ ᠣᠷᠣᠨ ᠳᠤ ᠣᠷᠣᠭᠤᠯᠬᠤ ᠤᠬᠠᠭᠤᠯᠤᠨ ᠬᠥᠮᠥᠵᠢᠭᠦᠯᠵᠦ ᠵᠠᠰᠠᠯᠲᠠ ᠬᠢᠬᠦ ᠠᠵᠢᠯᠯᠠᠭ᠎ᠠ ᠥᠷᠨᠢᠭᠦᠯᠵᠦ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ︽ᠶᠠᠰᠤ ᠴᠢᠨᠠᠷ ᠤᠨ ᠰᠠᠷ᠎ᠠ︾ ᠵᠢᠴᠢ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠦᠵᠡᠮᠵᠢ ᠶᠢᠨ ᠣᠷᠣᠨ ᠳᠤ ᠣᠷᠣᠭᠤᠯᠬᠤ ᠶᠢ ᠦᠨᠳᠦᠰᠦᠨ ᠱᠠᠲᠤᠨ ᠳᠤ ᠬᠦᠷᠭᠡᠪᠡ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠵᠢᠯᠲᠠᠳ ᠠᠴᠠ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠬᠤᠢ ᠲᠠᠯᠠᠪᠠᠢ ᠳᠤ ᠲᠠᠶᠢᠯᠪᠤᠷᠢ ᠬᠢᠬᠦ ᠪᠠ ᠤᠷᠠᠨ ᠰᠠᠶᠢᠬᠠᠨ ᠤ ᠲᠣᠭᠯᠠᠯᠲᠠ ᠭᠠᠷᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠣᠷᠴᠢᠭᠴᠢᠳ ᠲᠤ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠵᠢᠴᠢ ᠬᠠᠤᠯᠢ ᠪᠤᠰᠤ ᠬᠡᠪᠯᠡᠯ ᠤᠨ ᠵᠦᠢᠯᠡᠰ ᠢ ᠢᠯᠭᠠᠨ ᠲᠠᠨᠢᠬᠤ ᠤᠷ᠎ᠠ ᠳᠡᠮ ᠵᠡᠷᠭᠡ ᠶᠢ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠢ ᠳᠠᠶᠢᠴᠢᠯᠠᠨ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠳᠤ ᠢᠳᠡᠪᠬᠢᠲᠡᠢ ᠣᠷᠣᠯᠴᠠᠭᠤᠯᠵᠤ ᠂ ᠣᠯᠠᠨ ᠢ ᠬᠠᠮᠲᠤ ᠪᠠᠷ ︽ᠱᠠᠯᠢᠭ ᠵᠠᠪᠬᠠᠢ ᠬᠠᠤᠯᠢ ᠪᠤᠰᠤ︾ ᠵᠡᠷᠭᠡ ᠨᠡᠶᠢᠭᠡᠮ ᠤᠨ ᠮᠠᠭᠤ ᠮᠠᠭᠤᠬᠠᠢ ᠦᠵᠡᠭᠳᠡᠯ ᠢ ᠡᠰᠡᠷᠭᠦᠴᠡᠵᠦ᠂ ᠡᠷᠡᠭᠦᠯ ᠴᠢᠭᠢᠷᠠᠭ᠂ ᠡᠶ᠎ᠡ ᠵᠣᠬᠢᠴᠠᠯ ᠲᠠᠢ᠂ ᠪᠣᠯᠪᠠᠰᠤᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠬᠠᠮᠲᠤᠷᠠᠨ ᠪᠠᠶᠢᠭᠤᠯᠬᠤ ᠶᠢ ᠤᠷᠢᠶᠠᠯᠠᠪᠠ᠃      ᠡᠨᠡ ᠵᠢᠯ᠂ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ  ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠨᠣᠮ ᠤᠨ ᠬᠤᠲᠠ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠵᠠᠭᠤᠴᠢᠯᠠᠭᠤᠷ ᠲᠤ ᠣᠷᠣᠭᠤᠯᠬᠤ᠂ ᠰᠦᠯᠵᠢᠶ᠎ᠡ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠮᠠᠯᠵᠢᠬᠤ ᠣᠷᠣᠨ ᠳᠤ ᠣᠷᠣᠭᠤᠯᠬᠤ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠣᠷᠣᠭᠤᠯᠬᠤ ᠵᠡᠷᠭᠡ ᠠᠳᠠᠯᠢ ᠪᠤᠰᠤ ᠲᠠᠯᠠᠪᠠᠢ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠳᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠠᠵᠢᠯ ᠤᠨ ᠰᠡᠳᠬᠢᠬᠦᠢ ᠳᠡᠭᠡᠨ ᠰᠢᠨ᠎ᠡ ᠶᠢ ᠡᠭᠦᠳᠴᠦ᠂ ᠬᠠᠮᠲᠤᠷᠠᠭᠰᠠᠨ ᠰᠡᠷᠭᠡᠶᠢᠯᠡᠯᠲᠡ ᠶᠢᠨ ᠠᠵᠢᠯᠯᠠᠭ᠎ᠠ ᠶᠢ ᠡᠷᠴᠢᠮᠵᠢᠭᠦᠯᠵᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠤᠨ᠂ ᠰᠣᠶᠣᠯ ᠵᠢᠭᠤᠯᠴᠢᠯᠠᠯ ᠤᠨ ᠠᠵᠢᠯ ᠲᠥᠷᠥᠯ ᠤᠨ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠪᠦᠬᠦ ᠨᠡᠶᠢᠭᠡᠮ ᠳᠤ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠴᠢᠬᠤᠯᠠᠴᠢᠯᠠᠭᠰᠠᠨ᠂ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠬᠥᠭᠡᠭᠡᠴᠡᠯᠳᠦᠭᠰᠡᠨ᠂ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠡᠷᠬᠢᠮᠯᠡᠭᠰᠡᠨ᠂ ᠰᠣᠶᠣᠯ ᠵᠢᠭᠤᠯᠴᠢᠯᠠᠯ ᠤᠨ ᠶᠠᠰᠤ ᠴᠢᠨᠠᠷ ᠢ ᠠᠩᠬᠠᠷᠤᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠡᠭᠦᠨ ᠤ ᠬᠠᠮᠲᠤ᠂ ︽ᠱᠠᠯᠢᠭ ᠵᠠᠪᠬᠠᠢ ᠶᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠶᠢ ᠦᠨᠳᠦᠰᠦᠨ ᠱᠠᠲᠤᠨ ᠳᠤ ᠣᠷᠣᠭᠤᠯᠬᠤ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号