| | | | | | | 11 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ | ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃ | | | | | ᠬᠤᠷᠠᠯ ᠳᠡᠭᠡᠷ᠎ᠡ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠤᠳᠤᠨ ᠪᠥᠬᠦ | ᠲᠤᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠬᠤᠲᠠ ᠶᠢᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠠᠯᠪᠠᠨ ᠭᠡᠷ ᠤᠨ ᠡᠷᠬᠢᠯᠡᠭᠴᠢ ᠢᠦᠶ ᠹᠧᠩ ᠫᠧᠩ | ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠬᠡᠷᠬᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ | ᠬᠠᠮᠢᠶᠠᠷᠬᠤ ᠠᠵᠢᠯ ᠤᠨ ᠲᠣᠭᠤᠷᠢᠨ ᠳᠤ ᠨᠠᠷᠢᠨ ᠲᠠᠶᠢᠯᠪᠤᠷᠢᠯᠠᠯᠲᠠ ᠬᠢᠵᠦ᠂ ᠮᠠᠰᠢ ᠴᠢᠩᠭ᠎ᠠ ᠬᠡᠷᠡᠭᠵᠢᠭᠦᠯᠵᠦ | ᠪᠣᠯᠬᠤᠶᠢᠴᠠ ᠴᠢᠨᠠᠷ᠂ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠤᠯᠤᠨ᠎ᠠ᠃ ᠬᠤᠩ ᠸᠧᠶ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠤᠨ ᠯᠢ ᠮᠢᠶᠣᠣ ᠬᠠᠤᠯᠢᠴᠢ ᠳᠥᠭᠦᠮ ᠣᠶᠢᠯᠠᠭᠠᠮᠵᠢᠲᠠᠶ ᠬᠡᠯᠡ ᠪᠠᠷ ᠥᠪᠡᠷ ᠤᠨ ᠲᠤᠰᠬᠠᠶ | ᠮᠡᠷᠭᠡᠵᠢᠯ ᠤᠨ ᠮᠡᠳᠡᠯᠭᠡ᠂ ᠪᠣᠳᠠᠲᠤ ᠪᠠᠶᠢᠯᠳᠤᠭᠠᠨ ᠤ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠠᠳᠠᠯ ᠠᠬᠤᠶ ᠶᠢᠨ | ᠬᠠᠮᠢᠶᠠᠷᠤᠯᠲᠠ ᠶᠢᠨ ᠲᠦᠷᠢᠮ ᠳᠤ ᠨᠠᠷᠢᠨ ᠲᠠᠶᠢᠯᠤᠮᠵᠢ ᠬᠢᠵᠦ᠂ ᠬᠤᠶᠢᠰᠢᠳᠠ ᠠᠳᠠᠯ ᠠᠬᠤᠶ ᠶᠢᠨ ᠬᠠᠮᠢᠶᠠᠷᠤᠯᠲᠠ ᠬᠢᠬᠦ᠂ | ᠠᠳᠠᠯ ᠠᠬᠤᠶ ᠶᠢᠨ ᠦᠢᠯᠡᠴᠢᠯᠡᠭᠡ ᠥᠷᠨᠢᠭᠦᠯᠬᠦ ᠳᠤ ᠣᠨᠣᠯ ᠤᠨ ᠵᠢᠷᠤᠮᠯᠠᠯ ᠬᠠᠩᠭᠠᠪᠠ᠃ | | | | | ᠣᠶᠢᠯᠠᠭᠠᠭᠰᠠᠨ ᠢᠶᠠᠷ᠂ 2019 ᠣᠨ ᠠᠴᠠ ᠨᠠᠰᠢ᠂ ᠰᠢᠨ᠎ᠡ ᠬᠤᠲᠠ ᠲᠣᠭᠤᠷᠢᠭ ᠤᠨ ᠠᠮᠢᠳᠤᠷᠠᠯ ᠤᠨ ᠬᠤᠭ | ᠨᠣᠪᠰᠢ ᠶᠢ ᠰᠢᠢᠳᠪᠦᠷᠢᠯᠡᠬᠦ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ᠡᠮᠦᠨ᠎ᠡ | ᠦᠵᠦᠭᠦᠷ ᠲᠤ ᠲᠥᠷᠥᠯ ᠬᠤᠪᠢᠶᠠᠨ ᠲᠠᠯᠪᠢᠵᠤ᠂ ᠳᠤᠮᠳᠠ ᠦᠵᠦᠭᠦᠷ ᠲᠤ ᠲᠥᠷᠥᠯ ᠬᠤᠪᠢᠶᠠᠨ ᠬᠤᠷᠢᠶᠠᠨ | ᠲᠡᠭᠡᠭᠡᠪᠦᠷᠢᠯᠡᠵᠦ᠂ ᠲᠡᠭᠦᠰᠬᠡᠯ ᠦᠵᠦᠭᠦᠷ ᠲᠤ ᠲᠥᠷᠥᠯ ᠬᠤᠪᠢᠶᠠᠨ ᠰᠢᠢᠳᠪᠦᠷᠢᠯᠡᠬᠦ︾ ᠬᠤᠭ ᠨᠣᠪᠰᠢ ᠶᠢ ᠲᠥᠷᠥᠯ | ᠬᠤᠪᠢᠶᠠᠨ ᠪᠢᠲᠡᠭᠦᠦ ᠴᠠᠭᠠᠷᠢᠭᠯᠠᠨ ᠰᠢᠢᠳᠪᠦᠷᠢᠯᠡᠬᠦ ᠶᠢ ᠠᠩᠬ᠎ᠠ ᠠᠯᠬᠤᠮ ᠪᠡᠶᠡᠯᠡᠭᠦᠯᠵᠦ᠂ ᠣᠳᠣᠬᠠᠨ ᠳᠤ ᠰᠢᠨ᠎ᠡ | ᠬᠤᠲᠠ ᠲᠣᠭᠤᠷᠢᠭ ᠨᠢᠭᠡᠨᠲᠡ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠥᠬᠦ ᠲᠠᠯ᠎ᠠ ᠶᠢᠨ | ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ | ᠳᠠᠷᠠᠭ᠎ᠠ ᠠᠯᠬᠤᠮ ᠳᠤ᠂ ᠰᠢᠨ᠎ᠡ ᠬᠤᠲᠠ ᠲᠣᠭᠤᠷᠢᠭ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠂ | ᠠᠳᠠᠯ ᠠᠬᠤᠶ ᠶᠢᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠣᠪᠤᠶᠢᠮ᠎ᠠ ᠠᠰᠠᠭᠤᠳᠠᠯ ᠳᠤ | ᠴᠢᠭᠯᠡᠭᠦᠯᠵᠦ᠂ ᠲᠤᠷᠰᠢᠯᠭ᠎ᠠ ᠪᠠᠨ ᠳ᠋ᠦᠩᠨᠡᠵᠦ᠂ ᠢᠲᠡᠭᠡᠯ ᠢᠶᠠᠨ ᠪᠠᠲᠤᠳᠬᠠᠵᠤ᠂ ᠳᠤᠲᠠᠭᠳᠠᠯ ᠳᠤ ᠪᠠᠨ ᠵᠥᠪ ᠢᠶᠠᠷ | ᠬᠠᠨᠳᠤᠵᠤ᠂ ᠠᠵᠢᠯ ᠢᠶᠠᠨ ᠰᠤᠯᠠᠷᠠᠭᠤᠯᠬᠤ ᠦᠭᠡᠢ᠂ ᠪᠠᠷᠢᠮᠵᠢᠶ᠎ᠠ ᠪᠠᠨ ᠪᠠᠭᠤᠷᠠᠭᠤᠯᠬᠤ ᠦᠭᠡᠢ᠂ ᠡᠷᠴᠢᠮ ᠢᠶᠠᠨ | ᠰᠤᠯᠠᠷᠠᠭᠤᠯᠬᠤ ᠦᠭᠡᠢ ᠪᠠᠶᠢᠬᠤ ᠶᠢ ᠢᠮᠠᠭᠲᠠ ᠪᠡᠶᠡᠯᠡᠭᠦᠯᠵᠦ᠂ ᠡᠯ᠎ᠡ ᠵᠣᠶᠢᠯ ᠤᠨ ᠠᠵᠢᠯ ᠢᠶᠠᠨ ᠯᠠᠪᠳᠠᠭᠤᠨ ᠪᠠᠲᠤᠲᠠᠶ | ᠰᠠᠶᠢᠲᠤᠷ ᠬᠢᠵᠦ᠂ ᠴᠠᠭ ᠬᠤᠭᠤᠴᠠᠭᠠᠨ ᠤ ᠵᠠᠩᠭᠢᠶᠠᠰᠤ ᠴᠡᠭ ᠶᠣᠰᠣᠭᠠᠷ ᠲᠣᠭᠲᠠᠭᠰᠠᠨ ᠬᠠᠷᠠᠯᠲᠠ ᠡᠭᠦᠷᠭᠡ ᠪᠠᠨ | ᠴᠢᠨᠠᠷ ᠢ ᠪᠠᠲᠤᠯᠠᠨ ᠲᠤᠭ᠎ᠠ ᠶᠤᠰᠤᠭᠠᠷ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠪᠦᠬᠦ ᠬᠤᠲᠠ ᠶᠢᠨ ᠬᠡᠪᠴᠢᠶᠡᠨ ᠳᠤ | ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ︽ᠰᠢᠨ᠎ᠡ ᠬᠤᠲᠠ ᠶᠢᠨ ᠦᠯᠢᠭᠡᠷ ᠬᠡᠪ︾ ᠢ | ᠪᠤᠢ ᠪᠣᠯᠭᠠᠨ᠎ᠠ᠃ | ᠰᠢᠨ᠎ᠡ ᠬᠤᠲᠠ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠮᠢᠶ᠎ᠠ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ | ᠪᠥᠬᠦ ᠲᠤᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ | ᠤᠷᠤᠯᠴᠠᠪᠠ᠃ |