ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠳᠤᠷᠢᠳᠤᠯᠭ᠎ᠠ ᠰᠢᠨ᠎ᠡ ᠬᠤᠲᠠ ᠲᠣᠭᠤᠷᠢᠭ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/11/10
      11 ᠳ᠋ᠦ᠋ᠭᠡᠷ ᠰᠠᠷ᠎ᠠ ᠶᠢᠨ 6 ᠤ ᠦᠳᠡ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠡᠶᠢᠳᠡᠮ ᠪᠠᠶᠢᠴᠠᠭᠠᠬᠤ ᠲᠥᠪ ᠤᠨ ᠡᠷᠬᠢᠯᠡᠭᠴᠢ ᠶᠢᠨ ᠸᠧᠨ ᠯᠢ᠂ ᠬᠥᠬᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠢᠶᠦ᠋ᠨ ᠶᠣᠣ ᠨᠠᠷ ᠰᠢᠨ᠎ᠡ ᠬᠤᠲᠠ ᠲᠣᠭᠤᠷᠢᠭ ᠤᠨ ᠬᠠᠶᠢᠯᠠᠷ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠴᠡᠷᠢᠭ ᠤᠨ ᠲᠣᠭᠤᠷᠢᠭ ᠤᠨ ᠨᠡᠶᠢᠭᠡᠮ ᠲᠣᠭᠤᠷᠢᠭ ᠲᠤ ᠬᠦᠷᠴᠦ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠰᠢᠨ᠎ᠡ ᠬᠤᠲᠠ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠬᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠴᠡᠷᠢᠭ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂ ᠴᠡᠷᠢᠭ ᠤᠨ ᠲᠣᠭᠤᠷᠢᠭ ᠤᠨ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠤᠲᠠᠯᠠᠵᠤ᠂ ᠡᠯ᠎ᠡ ᠨᠡᠶᠢᠳᠡᠮ ᠪᠠᠶᠢᠴᠠᠭᠠᠭᠴᠢ ᠶᠢᠨ ᠰᠢᠷᠭᠠᠭᠤ ᠬᠠᠲᠠᠭᠤᠵᠢᠯᠲᠠᠶ ᠠᠵᠢᠯᠯᠠᠵᠤ ᠪᠠᠶᠢᠬᠤ ᠳᠤ ᠲᠣᠬᠤᠨᠢᠭᠤᠯᠵᠤ ᠪᠠᠶᠢᠬᠤ ᠪᠠᠨ ᠢᠯᠡᠳᠭᠡᠬᠦ ᠶᠢᠨ ᠬᠠᠮᠲᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠵᠢᠯᠣᠭᠤᠳᠬᠤ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠠᠶ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠄ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠯ᠎ᠡ ᠵᠣᠶᠢᠯ ᠤᠨ ᠠᠵᠢᠯ ᠢ ᠨᠡᠶᠢᠳᠡᠮ ᠪᠠᠶᠢᠴᠠᠭᠠᠯᠲᠠ ᠶᠢᠨ ᠳᠡᠰ ᠳᠠᠷᠠᠭᠠᠯᠠᠯ ᠢᠶᠠᠷ ᠴᠢᠩᠭ᠎ᠠ ᠵᠢᠷᠤᠮᠯᠠᠨ ᠬᠢᠨᠠᠮᠠᠭᠠᠶ ᠪᠡᠶᠡᠯᠡᠭᠦᠯᠵᠦ᠂ ᠲᠣᠬᠢᠶᠠᠯᠳᠤᠭ᠎ᠠ ᠦᠭᠡᠢ ᠬᠤᠭᠤᠰᠣᠨ ᠡᠷᠦᠬᠡ ᠶᠢ ᠣᠯᠠᠨ ᠵᠣᠶᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠵᠣᠶᠢᠯ ᠤᠨ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠰᠤᠷᠠᠭ ᠵᠠᠩᠭᠢ ᠶᠢ ᠴᠢᠷᠮᠠᠶᠢᠨ ᠣᠯᠵᠤ᠂ ︽ᠲᠤᠭᠤᠷᠢᠭ ᠲᠤ ᠤᠷᠤᠨ ᠰᠠᠭᠤᠴᠠ ᠶᠢ ᠣᠷᠬᠢᠭᠳᠠᠭᠤᠯᠬᠤ ᠦᠭᠡᠶ᠂ ᠤᠷᠤᠨ ᠰᠠᠭᠤᠴᠠ ᠳᠤ ᠡᠷᠦᠬᠡ ᠶᠢ ᠣᠷᠬᠢᠭᠳᠠᠭᠤᠯᠬᠤ ᠦᠭᠡᠶ᠂ ᠡᠷᠦᠬᠡ ᠳᠤ ᠬᠦᠮᠦᠨ ᠢ ᠣᠷᠬᠢᠭᠳᠠᠭᠤᠯᠬᠤ ᠦᠭᠡᠶ︾ ᠶᠢ ᠪᠡᠶᠡᠯᠡᠭᠦᠯᠬᠦ ᠶᠢᠨ ᠬᠠᠮᠲᠤ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠵᠤ᠂ ᠳᠣᠯᠣᠳᠤᠭᠠᠷ ᠤᠳᠠᠭᠠᠨ ᠤ ᠪᠦᠬᠦ ᠣᠯᠣᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号