ᠪᠠᠰᠠ ᠨᠢᠭᠡ ᠬᠡᠲᠦ ᠪᠣᠳᠣᠯᠲᠠ ᠶᠢᠨ ᠬᠡᠷᠡᠭᠯᠡᠭᠡᠨ ᠤ ᠲᠠᠪᠴᠠᠩ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠨᠤᠲᠤᠭᠰᠢᠪᠠ
ᠨᠡᠶᠢᠲᠡᠯᠡᠭᠰᠡᠨ ᠴᠠᠭ᠄
2020/11/10
       ︵ᠰᠤᠷᠪᠤᠯᠵᠢᠯᠠᠭᠴᠢ ᠯᠢᠦ ᠯᠢ ᠰᠢᠶᠠ︶ ᠣᠷᠴᠢᠮᠬᠠᠨ᠂ ᠪᠡᠭᠡᠵᠢᠩ ᠤᠨ ᠳ᠋ᠦᠩ ᠹᠠᠩ ᠬᠡᠲᠦ ᠪᠣᠳᠣᠯᠲᠠ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠠᠢ ᠪᠡᠯᠡ ᠣᠷᠣᠭᠤᠯᠬᠤ ᠵᠥᠪᠳᠡᠯᠴᠡᠭᠡᠷ ᠲᠣᠭᠲᠠᠵᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠪᠡᠯᠡ ᠣᠷᠣᠭᠤᠯᠤᠨ ᠳ᠋ᠦᠩ ᠹᠠᠩ ᠬᠡᠲᠦ ᠪᠣᠳᠣᠯᠲᠠ ᠶᠢᠨ ᠥᠪᠥᠷ ᠮᠣᠩᠭᠤᠯ ᠤᠨ ᠬᠡᠲᠦ ᠶᠡᠭᠡ ᠲᠠᠷᠢᠬᠢ ᠲᠥᠷᠥᠯ ᠵᠦᠢᠯ ᠢ ᠪᠠᠶᠢᠭᠤᠯᠬᠤ ᠪᠠᠷ ᠪᠣᠯᠵᠠᠢ᠃ ᠡᠶᠢᠨ ᠬᠦ᠂ ᠥᠪᠥᠷ ᠮᠣᠩᠭᠤᠯ ᠤᠨ ᠥᠨᠳᠥᠷ ᠴᠢᠳᠠᠪᠤᠷᠢᠲᠤ ᠪᠣᠳᠣᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ᠂ ᠺᠤᠸᠠᠩ ᠱᠢ ᠬᠢᠮᠡᠯ ᠣᠶᠣᠨ ᠤ ᠬᠡᠲᠦ ᠪᠣᠳᠣᠯᠲᠠ ᠶᠢᠨ ᠲᠠᠪᠴᠠᠩ ᠵᠡᠷᠭᠡ 4 ᠬᠡᠲᠦ ᠪᠣᠳᠣᠯᠲᠠ ᠶᠢᠨ ᠬᠡᠷᠡᠭᠯᠡᠭᠡᠨ ᠤ ᠲᠠᠪᠴᠠᠩ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠤ ᠨᠤᠲᠤᠭᠰᠢᠵᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠥᠨᠳᠥᠷ ᠴᠢᠳᠠᠪᠤᠷᠢᠲᠤ ᠪᠣᠳᠣᠯᠭ᠎ᠠ ᠶᠢᠨ ᠶᠡᠷᠦᠩᠬᠡᠢ ᠴᠢᠳᠠᠪᠤᠷᠢ ᠪᠠ ᠬᠡᠮᠵᠢᠶ᠎ᠡ ᠨᠢ ᠪᠦᠬᠦ ᠤᠯᠤᠰ ᠤᠨ ᠲᠡᠷᠢᠭᠦᠨ ᠪᠠᠶᠢᠷᠢᠨ ᠳᠤ ᠣᠷᠣᠭᠰᠠᠨ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号