ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠥᠬᠡᠬᠤᠲᠠ ᠶᠢᠨ ᠬᠠᠷᠢᠶ᠎ᠠ ᠭᠠᠵᠠᠷ ᠤᠨ 100 ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠪᠦᠬᠦᠨ ᠢ ᠴᠡᠪᠡᠷᠯᠡᠪᠡ
ᠨᠡᠶᠢᠲᠡᠯᠡᠭᠰᠡᠨ ᠴᠠᠭ᠄
2020/11/10
       ︵ᠰᠤᠷᠪᠤᠯᠵᠢᠯᠠᠭᠴᠢ ᠯᠢᠶᠠᠩ ᠵᠢᠩ ᠱᠤ᠋︶ ᠦᠴᠦᠸᠠᠨ ᠰᠢᠶᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠬᠤᠷᠢᠨ ᠭᠠᠷᠬᠤ ᠬᠤᠯᠪᠣᠭᠳᠠᠯ ᠪᠦᠬᠦᠢ ᠲᠥᠰᠥᠯ ᠵᠢᠴᠢ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠴᠦᠸᠠᠨ ᠰᠢᠶᠠᠨ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠢ ᠴᠡᠪᠡᠷᠯᠡᠨ ᠤᠬᠤᠷᠢᠭᠤᠯᠤᠨ ᠭᠠᠷᠭᠠᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠣᠳᠣᠬᠠᠨ ᠳᠤ᠂ ᠦᠴᠦᠸᠠᠨ ᠰᠢᠶᠠᠨ ᠳᠠᠯᠠᠨ ᠬᠠᠷ᠎ᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ 51 ᠠᠭᠤᠷᠬᠠᠢ ᠶᠢ ᠬᠠᠭᠠᠵᠤ᠂ ᠨᠤᠷᠠᠭᠠᠨ ᠴᠡᠪᠡᠷᠯᠡᠬᠦ᠂ ᠠᠭᠤᠷᠬᠠᠢ ᠶᠢᠨ ᠡᠷᠬᠡ ᠶᠢᠨ ᠵᠥᠪᠰᠢᠶᠡᠷᠡᠯ ᠤᠨ ᠪᠢᠴᠢᠭ ᠢ ᠲᠠᠩᠰᠠᠨ ᠠᠴᠠ ᠬᠠᠰᠤᠵᠤ ᠬᠦᠴᠦᠨ ᠦᠭᠡᠢ ᠪᠣᠯᠭᠠᠬᠤ ᠠᠵᠢᠯ ᠢ ᠪᠦᠬᠦᠨ ᠢ ᠳᠠᠭᠤᠰᠬᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号