119 ᠭᠠᠯ ᠢ ᠰᠡᠷᠭᠡᠶᠢᠯᠡᠬᠦ ᠠᠶᠤᠯᠭᠦᠢ ᠶᠢᠨ ᠬᠥᠮᠥᠵᠢᠯ ᠢ ᠰᠤᠷᠭᠠᠭᠤᠯᠢ ᠳᠤ ᠬᠦᠷᠭᠡᠪᠡ
ᠨᠡᠶᠢᠲᠡᠯᠡᠭᠰᠡᠨ ᠴᠠᠭ᠄
2020/11/10
     ᠲᠦᠷᠦᠭᠦᠬᠡᠨ᠂ ᠢᠦᠢ ᠴᠢᠣᠸᠠᠨ ᠲᠣᠭᠤᠷᠢᠭ ᠤᠨ ᠭᠠᠯ ᠢ ᠰᠡᠷᠭᠡᠶᠢᠯᠡᠵᠦ ᠠᠪᠤᠷᠠᠨ ᠲᠤᠰᠠᠯᠠᠬᠤ ᠶᠡᠭᠡ ᠠᠩᠭᠢ ︽119 ᠭᠠᠯ ᠢ ᠰᠡᠷᠭᠡᠶᠢᠯᠡᠬᠦ ᠠᠶᠤᠯᠭᠦᠢ ᠶᠢᠨ ᠬᠥᠮᠥᠵᠢᠯ ᠢ ᠰᠤᠷᠭᠠᠭᠤᠯᠢ ᠳᠤ ᠬᠦᠷᠭᠡᠬᠦ︾ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠤᠰ ᠤᠳᠠᠭᠠᠨ ᠤ ᠠᠵᠢᠯᠯᠠᠭ᠎ᠠ ᠳᠠᠭᠠᠨ ᠮᠠᠨᠵᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠢ ᠣᠷᠢᠵᠤ ᠭᠠᠯ ᠢ ᠰᠡᠷᠭᠡᠶᠢᠯᠡᠬᠦ ᠮᠡᠳᠡᠯᠭᠡ ᠶᠢ ᠰᠤᠷᠤᠯᠴᠠᠭᠤᠯᠵᠤ᠂ ᠭᠠᠯ ᠢ ᠰᠡᠷᠭᠡᠶᠢᠯᠡᠬᠦ ᠠᠮᠢᠳᠤᠷᠠᠯ ᠢ ᠣᠶᠢᠯᠠᠭᠠᠭᠤᠯᠵᠤ᠂ ᠪᠠᠭᠰᠢ ᠰᠤᠷᠤᠭᠴᠢᠳ ᠤᠨ ᠭᠠᠯ ᠢ ᠰᠡᠷᠭᠡᠶᠢᠯᠡᠬᠦ ᠠᠶᠤᠯᠭᠦᠢ ᠶᠢᠨ ᠤᠬᠠᠮᠰᠠᠷ ᠪᠠ ᠭᠠᠯ ᠠᠴᠠ ᠳᠤᠲᠠᠭᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠪᠡ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号