ᠮᠠᠨ ᠤ ᠬᠤᠲᠠ ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ︾ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2020/11/10
      ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠴᠢ ᠰᠢᠶ᠋ᠶᠤ ᠶᠠᠨ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠨᠡ ᠵᠢᠯ ᠤᠨ 10 ᠰᠠᠷ᠎ᠠ ᠶᠢᠨ 1 ᠤ ᠡᠳᠤᠷ ᠠᠴᠠ ᠡᠬᠢᠯᠡᠨ᠂ ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ︾ ᠠᠵᠢᠯᠯᠠᠭ᠎ᠠ  ᠦᠷᠨᠢᠭᠦᠯᠦᠭᠰᠡᠨ ᠶᠤᠮ᠃ ᠠᠵᠢᠯᠯᠠᠭ᠎ᠠ ᠲᠤᠮᠳᠠ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠢ ᠤᠷᠤᠯᠴᠠᠵᠦ᠂ 10 ᠰᠠᠷ᠎ᠠ ᠶᠢᠨ 30 ᠤ ᠡᠳᠤᠷ ᠪᠤᠯᠲᠠᠯ᠎ᠠ ᠠᠵᠢᠯᠯᠠᠭ᠎ᠠ ᠳᠤ ᠤᠷᠤᠯᠴᠠᠭᠰᠠᠨ ᠬᠡᠷᠡᠭᠯᠡᠭᠴᠢᠳ 26 ᠲᠦᠷᠦᠯ ᠤᠨ 47 ᠵᠥᠢᠯ ᠤᠨ ᠢᠳᠡᠭᠡᠨ ᠤ ᠨᠡᠷᠢᠨ ᠢᠯᠭᠠᠯ  ᠵᠢᠴᠢ ᠲᠠᠷᠢᠶᠠᠯᠠᠩ ᠤᠨ ᠠᠷᠠᠯᠵᠢᠶᠠᠨ ᠤ ᠵᠠᠬ᠎ᠠ᠂ ᠬᠡᠳᠤ ᠳᠡᠯᠭᠡᠭᠦᠷ᠂ ᠢᠳᠡᠭᠡᠨ ᠤᠮᠳᠠᠭᠠᠨ ᠵᠡᠷᠭᠡ 3 ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠠᠴᠠ  ᠲᠦᠷᠦᠭᠦᠦ 10  ᠲᠦᠷᠦᠯ ᠤᠨ ᠦᠢᠯᠡᠳᠭᠦᠨ ᠢ ᠰᠤᠩᠭᠤᠵᠠᠢ᠃ ᠬᠡᠷᠡᠭᠯᠡᠭᠴᠢᠳ ᠤᠨ ᠲᠤᠪᠰᠢᠭᠰᠠᠨ ᠨᠤᠷᠮ᠎ᠠ ᠶᠢᠨ ᠶᠡᠭᠡ ᠠᠴᠠ ᠪᠠᠭ᠎ᠠ  ᠵᠦᠭ ᠵᠢᠭᠰᠠᠭᠠᠪᠠᠯ᠂  ᠪᠤᠯᠭᠠᠭᠰᠠᠨ ᠤᠯᠠᠭᠠᠨ ᠢᠳᠡᠭᠡᠨ ︵ᠬᠡᠳᠤ ᠳᠡᠯᠭᠡᠭᠦᠷ︶᠂ ᠴᠠᠷᠳᠠᠭᠤᠯ ᠵᠢᠴᠢ ᠴᠠᠷᠳᠠᠭᠤᠯᠳᠤ ᠦᠢᠯᠡᠳᠭᠦᠨ ︵ ᠬᠡᠳᠤ ᠳᠡᠯᠭᠡᠭᠦᠷ︶᠂ ᠢᠳᠡᠭᠡᠨ  ᠳᠤ ᠬᠡᠷᠡᠭᠯᠡᠭᠦ ᠤᠷᠭᠤᠮᠠᠯ ᠤᠨ ᠲᠤᠰᠤ ︵ᠬᠡᠳᠤ ᠳᠡᠯᠭᠡᠭᠦᠷ︶᠂ ᠲᠦᠷᠭᠡᠨ ᠬᠦᠯᠳᠡᠭᠡᠭᠰᠡᠨ ᠪᠤᠰᠤᠳ ᠢᠳᠡᠭᠡᠨ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠢᠰᠭᠡᠭᠰᠡᠨ ᠭᠤᠯᠢᠷ ᠦᠢᠯᠡᠳᠭᠦᠨ ︵ᠬᠡᠳᠤ ᠳᠡᠯᠭᠡᠭᠦᠷ︶᠂ ᠨᠤᠭᠤᠭ᠎ᠠ  ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠴᠠᠭᠠᠨ ᠢᠳᠡᠭᠡ ︵ᠬᠡᠳᠤ ᠳᠡᠯᠭᠡᠭᠦᠷ︶᠂ ᠮᠠᠯ ᠵᠢᠭᠦᠷᠲᠡᠨ ᠤ ᠮᠢᠬ᠎ᠠ ᠵᠢᠴᠢ ᠲᠤᠰᠠᠯᠠᠬᠤ ᠦᠢᠯᠡᠳᠭᠦᠨ  ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠠᠮᠲᠠ ᠤᠷᠤᠭᠤᠯᠬᠤ ᠡᠳ᠋ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶ ᠵᠡᠷᠭᠡ ᠪᠤᠯᠤᠨ᠎ᠠ᠃      11 ᠰᠠᠷ᠎ᠠ ᠶᠢᠨ 2 ᠤᠨ ᠡᠳᠤᠷ ᠰᠤᠷᠪᠤᠯᠵᠢᠯᠠᠭᠴᠢ ᠵᠢᠨ‌ᠤᠶᠢᠯᠠᠭᠠᠭᠰᠠᠨ ᠢᠶᠠᠷ᠂ ᠦᠷᠭᠡᠨ ᠤᠯᠠᠨ ᠬᠡᠷᠡᠭᠯᠡᠭᠴᠢᠳ ᠤᠨ ᠳᠡᠮᠵᠢᠯᠭᠡ ᠪᠤᠯᠤᠨ ᠨᠡᠶᠢᠭᠡᠮ ᠤᠨ ᠡᠯ᠎ᠡ ᠡᠲᠡᠭᠡᠳ ᠤᠨ ᠠᠩᠬᠠᠷᠤᠯ ᠳᠤ ᠵᠤᠷᠢᠭᠤᠯᠤᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠨᠡ ᠵᠢᠯ ᠤᠨ 11 ᠰᠠᠷ᠎ᠠ ᠶᠢᠨ 1 ᠤ ᠡᠳᠤᠷ   ᠠᠴᠠ 11 ᠰᠠᠷ ᠶᠢᠨ 30   ᠤ ᠡᠳᠤᠷ ᠪᠤᠯᠲᠠᠯ᠎ᠠ ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ ︾ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠬᠦ ᠪᠠᠷ ᠪᠤᠯᠪᠠ᠃ ᠬᠡᠷᠡᠭᠯᠡᠭᠴᠢᠳ ᠦᠪᠡᠷ ᠤᠨ ᠰᠡᠷᠡᠯ ᠮᠡᠳᠡᠷᠴᠡ ᠪᠠᠨ ᠦᠨᠳᠦᠰᠦᠯᠡᠨ ᠠᠯᠢ ᠨᠢᠭᠡᠨ ᠢᠳᠡᠭᠡᠨ ᠳᠤ ᠠᠶᠤᠯ ᠤᠷᠤᠰᠢᠵᠦ ᠪᠠᠶᠢᠨ᠎ᠠ ᠭᠡᠵᠦ ᠦᠵᠡᠪᠡᠯ ᠪᠠᠶᠢᠴᠠᠭᠠᠯᠭᠠᠬᠤ ᠱᠠᠭᠠᠷᠳᠠᠯᠭ᠎ᠠ ᠪᠠᠨ ᠲᠤᠷᠠᠳᠴᠤ᠂ ︽ᠴᠢ ᠲᠤᠷᠠᠳᠴᠤ ᠪᠢ ᠪᠠᠶᠢᠴᠠᠭᠠᠬᠤ︾  ᠲᠤᠰᠬᠠᠢ ᠪᠤᠯᠤᠩ ᠳᠤ ᠭᠠᠷᠴᠤ᠂ ᠢᠳᠡᠭᠡᠨ ᠤ ᠲᠦᠷᠦᠯ ᠵᠥᠢᠯ ᠪᠤᠯᠤᠨ ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠢ ᠰᠤᠩᠭᠤᠬᠤ ᠪᠤᠶᠤ ᠲᠤᠪᠰᠢᠵᠦ᠂ ᠬᠤᠲᠠ‌‍ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠵᠤᠬᠢᠶᠠᠨ ᠪᠠᠶᠢᠭᠤᠯᠤᠨ ᠰᠤᠭᠤᠴᠠᠨ ᠪᠠᠶᠢᠴᠠᠭᠠᠬᠤ ᠪᠦᠭᠡᠳ ᠰᠤᠭᠤᠴᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠵᠠᠷᠯᠠᠵᠦ᠂ ᠬᠢᠷᠢ ᠲᠡᠩᠴᠡᠬᠦ ᠦᠭᠡᠢ ᠢᠳᠡᠭᠡᠨ ᠤ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠤᠷᠢᠯᠡᠨ᠎ᠡ᠃ ᠬᠡᠷᠡᠭᠯᠡᠭᠴᠢᠳ ᠬᠦᠬᠡᠬᠤᠲᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ   ᠶᠢᠨ ᠠᠯᠪᠠᠨ ᠰᠦᠯᠵᠢᠶ᠎ᠡ᠂  ᠸᠢᠴᠠᠲ ᠤᠯᠠᠨ ᠨᠡᠶᠢᠲᠡ ᠶᠢᠨ ᠳᠠᠪᠴᠠᠩ᠂ ᠲᠡᠷᠢᠭᠦᠨ ᠵᠤᠷᠪᠤᠰᠳᠤ ᠳᠠᠪᠴᠠᠩ ᠳᠤ ᠭᠠᠷᠬᠤ ᠪᠤᠶᠤ ᠮᠡᠷᠭᠡᠨ ᠴᠤᠬᠤᠷ ︵ᠰᠦᠯᠵᠢᠶ᠎ᠡ᠂ ᠸᠢᠴᠠᠲ᠂ ᠲᠡᠷᠢᠭᠦᠨ ᠵᠤᠷᠪᠤᠰᠳᠤ︶ ᠢ ᠰᠢᠷᠪᠢᠵᠦ᠂  ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ︾  ᠠᠵᠢᠯᠯᠠᠭ᠎ᠠ ᠶᠢᠨ ᠪᠤᠯᠤᠩ ᠲᠤᠪᠰᠢᠵᠦ᠂ ᠦᠪᠡᠷ ᠤᠨ ᠬᠠᠮᠤᠭ ᠠᠩᠬᠠᠷᠴᠤ ᠪᠠᠶᠢᠭ᠎ᠠ ᠠᠶᠤᠯᠲᠠᠢ ᠭᠡᠵᠦ ᠦᠵᠡᠭᠰᠡᠨ ᠢᠳᠡᠭᠡᠨ ᠤ ᠵᠥᠢᠯ ᠪᠤᠯᠤᠨ ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠲᠤ ᠪᠢᠯᠧᠲ ᠦᠭᠴᠤ ᠪᠤᠯᠤᠨ᠎ᠠ᠃http://mongol.people.com.cn/15829194.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号