ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠮᠢᠶᠤᠤ ᠰᠢᠨ︶ ᠢᠤᠢ | ᠴᠢᠤᠸᠠᠨ ᠲᠤᠭᠤᠷᠢᠭ ᠤᠨ ᠨᠠᠰᠤᠲᠠᠳ ᠭᠡᠷ ᠲᠡᠭᠡᠨ ᠠᠰᠠᠷᠠᠭᠤᠯᠬᠤ ᠪᠠ ᠨᠠᠰᠤᠲᠠᠳ ᠢ ᠠᠰᠠᠷᠠᠬᠤ ᠨᠡᠶᠢᠭᠡᠮ | ᠲᠤᠭᠤᠷᠢᠭ ᠤᠨᠦᠢᠯᠡᠴᠢᠯᠡᠭᠡ ᠶᠢᠨ ᠬᠠᠮ ᠴᠣᠭᠴᠠ ᠳᠤ ᠤᠷᠤᠬᠤᠶ᠎ᠠ᠂ ᠭᠡᠭᠡᠨ ᠰᠠᠷᠠᠭᠤᠯ ᠶᠡᠭᠡ ᠲᠢᠩᠬᠢᠮ᠂ ᠪᠡᠶ᠎ᠡ | ᠴᠢᠬᠢᠷᠠᠭᠵᠢᠭᠤᠯᠬᠤ ᠪᠦᠷᠢᠨ ᠲᠦᠬᠦᠷ ᠪᠠᠭᠠᠵᠢ ᠬᠡᠷᠡᠭᠰᠡᠯ᠂ ᠹᠢᠽᠢᠺ ᠵᠠᠰᠠᠯ ᠤᠨ ᠦᠷᠦᠭᠡ ᠵᠡᠷᠭᠡ ᠨᠢ ᠬᠠᠷᠠᠭ᠎ᠠ | ᠪᠤᠯᠢᠶᠠᠵᠦ᠂ ᠴᠤᠩᠬᠤ ᠪᠠᠷ ᠲᠤᠰᠤᠭᠰᠠᠨ ᠨᠠᠷᠠᠨ ᠤ ᠭᠡᠷᠡᠯ ᠳᠤ ᠠᠯᠢᠪᠠ ᠪᠦᠬᠦᠨ ᠨᠢ ᠲᠡᠶᠢᠮᠤ ᠡᠶᠡᠯᠰᠡᠭ ᠲᠤᠲᠤᠨᠤ | ᠰᠠᠨᠠᠭᠳᠠᠬᠤ ᠠᠵᠠᠢ᠃ | ᠤᠶᠢᠷ᠎ᠠ ᠶᠢᠨ ᠵᠢᠯ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠠᠰᠤᠲᠠᠨ ᠢ ᠠᠰᠠᠷᠠᠬᠤ | ᠰᠢᠰᠲ᠋ᠧᠮ ᠤᠨ ᠪᠠᠶᠢᠭᠤᠯᠤᠯᠲᠠ ᠶᠢᠨ ᠲᠤᠭᠤᠷᠢᠨ ᠳᠤ ᠨᠠᠰᠤᠲᠠᠶᠢᠴᠤᠳ ᠤᠨ ᠪᠠᠲᠤᠯᠠᠭ᠎ᠠ ᠶᠢᠨ ᠬᠢᠷᠢ ᠳᠦᠪᠰᠢᠨ ᠢ | ᠦᠷᠭᠦᠯᠵᠢᠯᠡᠨ ᠳᠡᠭᠡᠭᠰᠢᠯᠡᠭᠦᠯᠬᠦ ᠶᠢ ᠱᠠᠭᠠᠷᠳᠠᠵᠦ᠂ ᠨᠠᠰᠤᠲᠠᠶᠢᠴᠤᠳ ᠢ ᠬᠠᠷᠠᠭᠠᠯᠵᠠᠬᠤ ᠠᠵᠢᠯ ᠢ ᠦᠨᠡᠨᠬᠦ | ᠴᠢᠩᠭᠠᠳᠬᠠᠵᠦ᠂ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠲᠠᠰᠤᠷᠠᠯᠲᠠ ᠦᠭᠡᠢ ᠰᠠᠶᠢᠵᠢᠷᠠᠭᠰᠠᠨ ᠪᠠᠶᠢᠨ᠎ᠠ᠃ | ᠨᠠᠰᠤᠨ ᠤ ᠠᠮᠠᠷᠠᠯᠲᠠ ᠪᠠᠨ ᠠᠪᠤᠭᠠᠳ ᠤᠯᠠᠨ ᠵᠢᠯ ᠪᠤᠯᠤᠭᠰᠠᠨ ᠰᠠᠭᠤᠭᠠᠯᠢ ᠠᠷᠠᠳ ᠸᠠᠩ ᠹᠦ᠋ ᠯᠢᠨ | ᠰᠤᠷᠪᠤᠯᠵᠢᠯᠠᠭᠴᠢ ᠳᠤ ᠬᠡᠯᠡᠬᠦ ᠳᠡᠭᠡᠨ᠄ ᠳᠡᠭᠷᠢ ᠬᠦᠢᠲᠡᠷᠡᠵᠦ᠂ ᠨᠠᠰᠤᠲᠠᠢ ᠬᠦᠮᠤᠨ ᠭᠠᠳᠠᠨ᠎ᠠ ᠠᠵᠢᠯᠯᠠᠭ᠎ᠠ ᠬᠢᠬᠦ ᠳᠤ | ᠪᠡᠷᠭᠡ ᠲᠠᠢ ᠪᠤᠯᠪᠠ᠃ ᠭᠡᠬᠦ ᠳᠤ ᠬᠠᠷᠢᠨ ᠢᠤᠢ ᠴᠢᠤᠸᠠᠨ ᠲᠤᠭᠤᠷᠢᠭ ᠤᠨ ᠨᠠᠰᠤᠲᠠᠳ ᠭᠡᠷ ᠲᠡᠭᠡᠨ ᠠᠰᠠᠷᠠᠭᠤᠯᠬᠤ | ᠪᠠ ᠨᠠᠰᠤᠲᠠᠳ ᠢ ᠠᠰᠠᠷᠠᠬᠤ ᠨᠡᠶᠢᠭᠡᠮ ᠲᠤᠭᠤᠷᠢᠭ ᠤᠨ ᠦᠢᠯᠡᠴᠢᠯᠡᠭᠡ ᠶᠢᠨ ᠬᠠᠮ ᠴᠣᠭᠴᠠ ᠶᠢᠨ ᠤᠷᠴᠢᠨ | ᠨᠦᠬᠦᠴᠡᠯ᠂ ᠦᠢᠯᠡᠴᠢᠯᠡᠭᠡ ᠪᠦᠷ ᠰᠠᠶᠢᠨ ᠪᠤᠯᠬᠤᠷ ᠨᠠᠰᠤᠲᠠᠶᠢᠴᠤᠳ ᠡ᠊ᠨᠳᠡ ᠢᠷᠡᠵᠦ ᠪᠡᠶ᠎ᠡ ᠪᠠᠨ ᠪᠤᠯᠪᠠᠰᠤᠷᠠᠭᠤᠯᠬᠤ᠂ | ᠬᠦᠵᠢᠷ ᠨᠠᠭᠠᠳᠬᠤ᠂ ᠴᠡᠴᠡᠭ ᠲᠠᠷᠢᠬᠤ᠂ ᠪᠦᠵᠢᠭᠯᠡᠬᠦ ᠵᠡᠷᠭᠡ ᠡᠯᠪᠡᠭ ᠪᠠᠶᠠᠯᠢᠭ ᠠᠵᠢᠯᠯᠠᠭ᠎ᠠ ᠦᠷᠨᠢᠭᠦᠯᠳᠡᠭ᠃ ᠢᠤᠢ | ᠴᠢᠤᠸᠠᠨ ᠲᠤᠭᠤᠷᠢᠭ ᠤᠨ ᠨᠠᠰᠤᠲᠠᠳ ᠭᠡᠷ ᠲᠡᠭᠡᠨ ᠠᠰᠠᠷᠠᠭᠤᠯᠬᠤ ᠪᠠ ᠨᠠᠰᠤᠲᠠᠳ ᠢ ᠠᠰᠠᠷᠠᠬᠤ ᠨᠡᠶᠢᠭᠡᠮ | ᠲᠤᠭᠤᠷᠢᠭ ᠤᠨ ᠦᠢᠯᠡᠴᠢᠯᠡᠭᠡ ᠶᠢᠨ ᠬᠠᠮ ᠴᠣᠭᠴᠠ ᠶᠢᠨ ᠶᠡᠭᠡ ᠲᠠᠩᠬᠢᠮ ᠤᠨ ᠲᠤᠮᠤ ᠳᠡᠯᠭᠡᠴᠡ ᠳᠤ ᠬᠦᠬᠡᠬᠤᠲᠡ | ᠶᠢᠨ ᠨᠠᠰᠤᠵᠢᠯ ᠤᠨ ᠠᠰᠠᠷᠠᠮᠵᠢ ᠵᠢᠨᠤᠶᠤᠨᠴᠢ ᠬᠢᠨᠠᠯᠲᠠ ᠬᠠᠮᠢᠶᠠᠷᠤᠯᠲᠠ ᠶᠢᠨ ᠬᠠᠮ ᠳᠠᠪᠴᠠᠩ ᠤᠨ ᠡᠯ᠎ᠡ ᠵᠥᠢᠯ ᠤᠨ | ᠲᠤᠭ᠎ᠠ ᠪᠠᠷᠢᠮᠳᠠ ᠲᠤᠲᠤᠷᠬᠠᠢ ᠢᠯᠡᠷᠡᠵᠦ ᠪᠠᠶᠢᠳᠠᠭ ᠭᠡᠪᠡ᠃ ︽ᠲᠤᠭᠤᠷᠢᠭ ᠱᠠᠳᠤᠨ ᠤ ᠬᠢᠨᠠᠯᠲᠠ ᠬᠠᠮᠢᠶᠠᠷᠤᠯᠲᠠ | ᠡᠰᠡᠭᠦᠯ᠎ᠡ ᠬᠤᠲᠠ ᠶᠢᠨ ᠱᠠᠳᠤᠨ ᠤ ᠬᠢᠨᠠᠯᠲᠠ ᠬᠠᠮᠢᠶᠠᠷᠤᠯᠲᠠ ᠭᠡᠰᠡᠨ ᠦᠭᠡᠢ᠂ ᠬᠢᠨᠠᠯᠲᠠ ᠬᠠᠮᠢᠶᠠᠷᠤᠯᠲᠠ ᠶᠢᠨ | ᠳᠠᠪᠴᠠᠩ ᠳᠡᠭᠡᠷ᠎ᠡ ᠪᠦᠬᠦ ᠶᠠᠪᠤᠴᠠ ᠨᠢ ᠪᠦᠷ ᠢᠯᠡᠷᠡᠨ᠎ᠡ᠂ ᠬᠤᠭᠤᠯᠠ ᠤᠮᠳᠠᠭᠠᠨ ᠳᠤ ᠲᠤᠰᠠᠯᠠᠬᠤ ᠪᠠᠷ ᠵᠢᠱᠢᠶᠡᠯᠡᠪᠡᠯ᠂ | ᠬᠢᠨᠠᠯᠲᠠ ᠬᠠᠮᠢᠶᠠᠷᠤᠯᠲᠠ ᠶᠢᠨ ᠳᠠᠪᠴᠠᠩ ᠢᠶᠠᠷ ᠳᠠᠮᠵᠢᠭᠠᠳ ᠨᠠᠰᠤᠳᠠᠨ ᠶᠠᠭᠤ ᠢᠳᠡᠵᠦ ᠪᠠᠶᠢᠭ᠎ᠠ᠂ ᠬᠡᠷᠡᠭᠯᠡᠭᠡᠨ ᠤ | ᠦᠨ᠎ᠡ ᠨᠢ ᠬᠡᠳᠤᠢ ᠪᠠᠶᠢᠬᠤ᠂ ᠵᠠᠰᠠᠭ ᠤᠨ ᠤᠷᠳᠤᠨ ᠤ ᠨᠦᠬᠦᠪᠤᠷᠢ ᠨᠢ ᠬᠡᠳᠤᠢ ᠪᠤᠯᠬᠤ ᠵᠡᠷᠭᠡ ᠶᠢ ᠪᠦᠷ ᠲᠤᠲᠤᠷᠬᠠᠢ | ᠤᠯᠵᠦ ᠮᠡᠳᠡᠨ᠎ᠡ᠃ ᠶᠡᠭᠡ ᠰᠢᠰᠲ᠋ᠧᠮ ᠤᠨ ᠳᠠᠪᠴᠠᠩ ᠨᠢ ᠬᠢᠨᠠᠵᠦ ᠬᠠᠮᠢᠶᠠᠷᠬᠤ ᠪᠠ ᠲᠤᠬᠢᠷᠠᠭᠤᠯᠬᠤ ᠦᠢᠯᠡᠳᠤᠯ | ᠭᠠᠷᠭᠠᠳᠠᠭ᠃ ᠵᠢᠱᠢᠶᠡᠯᠡᠪᠡᠯ᠂ ᠠᠯᠢ ᠨᠢᠭᠡᠨᠨᠠᠰᠤᠲᠠᠨ ᠴᠤᠩᠬᠤᠨ ᠰᠢᠯ ᠢᠶᠠᠨ ᠵᠦᠯᠭᠦᠬᠦ ᠬᠡᠷᠡᠭᠴᠡᠭᠡ ᠲᠠᠢ ᠦᠶᠡᠰ ᠲᠤ | ᠂ ᠤᠲᠠᠰᠤᠳᠠᠬᠤ ᠪᠤᠶᠤ ᠤᠶᠤᠨᠴᠢ ᠲᠦᠬᠦᠭᠡᠷᠤᠮᠵᠢ ᠪᠠᠷ ᠳᠠᠮᠵᠢᠨ ᠲᠤᠬᠢᠷᠠᠭᠤᠯᠤᠯᠲᠠ ᠶᠢᠨ ᠳᠠᠪᠴᠠᠩ ᠳᠤ | ᠬᠦᠷᠭᠡᠭᠳᠡᠵᠦ᠂ ᠳᠠᠪᠴᠠᠩ ᠨᠢ ᠨᠠᠰᠤᠲᠠᠨ ᠳᠤ ᠦᠢᠯᠡᠴᠢᠯᠡᠬᠦ ᠵᠤᠬᠢᠶᠠᠨ ᠪᠠᠶᠢᠭᠤᠯᠤᠯᠲᠠ ᠲᠠᠢ ᠬᠠᠷᠢᠯᠴᠠᠵᠦ᠂ ᠭᠡᠷ | ᠲᠤᠨᠢ ᠬᠦᠷᠴᠤ ᠨᠠᠰᠤᠲᠠᠨ ᠳᠤ ᠦᠢᠯᠡᠴᠢᠯᠡᠨ᠎ᠡ᠃ ᠰᠢᠰᠲ᠋ᠧᠮ ᠤᠨ ᠳᠠᠪᠴᠠᠩ ᠨᠢ ᠦᠢᠯᠡᠴᠢᠯᠡᠭᠡᠨ ᠤ ᠪᠦᠬᠦ ᠶᠠᠪᠤᠴᠠ | ᠶᠢ ᠲᠡᠮᠳᠡᠭᠯᠡᠵᠦ᠂ ᠪᠦᠬᠦᠶᠢᠯᠡ ᠦᠢᠯᠡᠴᠢᠯᠡᠭᠡᠨ ᠤ ᠲᠤᠭ᠎ᠠ ᠪᠠᠷᠢᠮᠲᠠ ᠶᠢ ᠰᠢᠩᠭᠡᠭᠡᠨ ᠲᠡᠮᠳᠡᠭᠯᠡᠬᠦ ᠮᠦᠷᠲᠡᠭᠡᠨ | ᠶᠡᠷᠤᠩᠬᠡᠶᠢᠯᠡᠨ ᠪᠦᠷᠢᠳᠭᠡᠵᠦ ᠵᠠᠳᠠᠯᠤᠯᠲᠠ ᠬᠢᠳᠡᠭ᠃︾ ᠭᠡᠵᠦ ᠦᠪᠤᠷ ᠮᠤᠩᠭᠤᠯ ᠤᠨ ᠱᠸᠤ ᠺᠠᠩ ᠨᠠᠰᠤᠵᠢᠯ ᠤᠨ | ᠠᠰᠠᠷᠠᠮᠵᠢ ᠶᠢᠨ ᠠᠵᠦ ᠦᠢᠯᠡᠰ ᠤᠨ ᠪᠦᠯᠦᠭᠯᠡᠯ ᠤᠨ ᠶᠡᠷᠤᠩᠬᠡᠢ ᠵᠠᠬᠢᠷᠤᠯ ᠰᠢᠤᠸᠠᠢ ᠵᠢᠶᠦ᠋ᠨ ᠹᠠ ᠲᠠᠨᠢᠯᠴᠠᠭᠤᠯᠪᠠ᠃ | ᠤᠶᠢᠯᠠᠭᠠᠭᠰᠠᠨ ᠢᠶᠠᠷ᠂ ᠬᠦᠬᠡᠬᠤᠲᠡ ᠶᠢᠨ ᠨᠠᠰᠤᠵᠢᠯ ᠤᠨ ᠠᠰᠠᠷᠠᠮᠵᠢ ᠶᠢᠨ ᠬᠢᠨᠠᠯᠲᠠ ᠬᠠᠮᠢᠶᠠᠷᠤᠯᠲᠠ ᠶᠢᠨ | ᠤᠶᠤᠨᠴᠢ ᠳᠠᠪᠴᠠᠩ ᠭᠤᠤᠯᠳᠠᠭᠤ 12 ᠴᠢᠳᠠᠪᠬᠢᠳᠤ ᠬᠡᠯᠪᠡᠷᠢ ᠪᠠᠷ ᠪᠦᠷᠢᠯᠳᠦᠵᠠᠢ᠃ ᠳᠠᠷᠤᠢ᠂ ᠲᠦᠷᠦ ᠶᠢᠨ | ᠪᠤᠲᠤᠯᠭ᠎ᠠ ᠪᠢᠴᠢᠭ ᠮᠠᠲ᠋ᠧᠷᠢᠶᠠᠯ᠂ ᠰᠢᠢᠳᠪᠤᠷᠢᠳᠤ ᠪᠤᠲᠤᠯᠭ᠎ᠠ ᠶᠢᠨ ᠳᠡᠮᠵᠢᠯᠭᠡ᠂ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ᠂ ᠨᠦᠬᠦᠪᠤᠷᠢ ᠶᠢᠨ ᠬᠠᠮᠢᠶᠠᠷᠤᠯᠲᠠ᠂ ᠦᠨᠡᠯᠡᠯᠲᠡ ᠶᠢᠨ ᠰᠢᠰᠲ᠋ᠧᠮ᠂ ᠭᠡᠷ ᠪᠦᠯᠢ ᠶᠢᠨ ᠡᠪᠡᠳᠴᠢᠲᠡᠨ ᠤ | ᠤᠷᠤ᠂ ᠰᠠᠶᠢᠨ ᠲᠤᠷᠠᠴᠤᠤᠯ ᠤᠨ ᠬᠠᠮᠢᠶᠠᠷᠤᠯᠲᠠ᠂ ᠨᠡᠶᠢᠭᠡᠮ ᠲᠤᠭᠤᠷᠢᠭ ᠤᠨ ᠨᠠᠰᠤᠵᠢᠯ ᠤᠨ ᠠᠰᠠᠷᠠᠮᠵᠢ᠂ | ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ᠂ ᠳᠠᠭᠤᠳᠠᠯᠭ᠎ᠠ ᠶᠢᠨ ᠲᠦᠪ᠂ ᠬᠦᠬᠡᠬᠤᠲᠡ ᠶᠢᠨ ᠨᠠᠰᠤᠲᠠᠶᠢᠴᠤᠳ | ᠤᠨ ᠠᠰᠠᠷᠠᠮᠵᠢ ᠶᠢᠨ ᠵᠠᠭᠪᠤᠷ ᠵᠡᠷᠭᠡ ᠪᠠᠷ ᠪᠦᠷᠢᠯᠳᠦᠭᠰᠡᠨ ᠪᠠᠶᠢᠳᠠᠭ᠃ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ | ᠨᠢ ᠭᠡᠷ ᠲᠡᠭᠡᠨ ᠠᠰᠠᠷᠠᠭᠤᠯᠬᠤ ᠰᠢᠰᠲ᠋ᠧᠮ᠂ ᠦᠨᠡᠯᠡᠯᠲᠡ ᠶᠢᠨ ᠰᠢᠰᠲ᠋ᠧᠮ᠂ ᠬᠤᠭᠤᠯᠠᠨ ᠳᠤ ᠲᠤᠰᠠᠯᠠᠬᠤ ᠰᠢᠰᠲ᠋ᠧᠮ᠂ | ᠭᠡᠷ ᠪᠦᠯᠢ ᠶᠢᠨ ᠡᠪᠡᠳᠴᠢᠲᠡᠨ ᠤ ᠤᠷᠤ᠂ ᠰᠠᠶᠢᠨ ᠲᠤᠷᠠᠴᠤᠤᠯ ᠤᠨ ᠬᠠᠮᠢᠶᠠᠷᠤᠯᠲᠠ ᠶᠢᠨ ᠰᠢᠰᠲ᠋ᠧᠮ ᠵᠡᠷᠭᠡ ᠶᠢ | ᠬᠡᠷᠡᠭᠯᠡᠨ ᠦᠢᠯᠡᠴᠢᠯᠡᠳᠡᠭ᠃ ᠰᠤᠷᠠᠭ ᠵᠠᠩᠭᠢ ᠶᠢᠨ ᠳᠠᠪᠴᠠᠩ ᠪᠤᠯᠤᠨ ᠦᠢᠯᠡᠴᠢᠯᠡᠬᠦ ᠦᠷᠲᠡᠭᠡ ᠴᠢᠭ᠋ ᠢᠶᠠᠷ ᠳᠠᠮᠵᠢᠨ᠂ | ︽ᠰᠦᠯᠵᠢᠶᠡᠨ ᠳᠣᠲᠣᠷ᠎ᠠ+ ᠰᠦᠯᠵᠢᠶᠡᠨ ᠭᠠᠳᠠᠨ᠎ᠠ︾ ᠶᠢ ᠤᠶᠠᠯᠳᠤᠭᠤᠯᠵᠦ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠤᠷᠠᠭ ᠵᠠᠩᠭᠢ ᠶᠢᠨ ᠲᠤᠭᠠᠵᠢᠭᠤᠯᠤᠯᠲᠠ᠂ ᠦᠢᠯᠡᠴᠢᠯᠡᠭᠡ ᠶᠢᠨ ᠪᠠᠷᠢᠮᠵᠢᠶᠠᠵᠢᠯᠲᠠ᠂ ᠨᠦᠬᠦᠪᠤᠷᠢ | ᠶᠢᠨ ᠤᠨᠤᠪᠴᠢᠯᠲᠠ᠂ ᠬᠢᠨᠠᠯᠲᠠ ᠬᠠᠮᠢᠶᠠᠷᠤᠯᠲᠠ ᠶᠢᠨ ᠤᠶᠤᠨᠴᠢᠯᠠᠯᠲᠠ᠂ ᠬᠠᠩᠭᠠᠯᠭ᠎ᠠ ᠬᠡᠷᠡᠭᠴᠡᠭᠡᠨ ᠤ ᠵᠤᠯᠭᠠᠯᠲᠠ | ᠶᠢᠨ ᠤᠬᠠᠭᠠᠨᠴᠢᠯᠠᠯᠲᠠ ᠶᠢ ᠪᠡᠶᠡᠯᠡᠭᠦᠯᠬᠦ ᠪᠤᠯᠤᠨ᠎ᠠ᠃ | http://mongol.people.com.cn/15829195.html |