ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠥᠷᠪᠡᠨ ᠱᠠᠲᠤᠨ ᠤ ᠲᠦᠷᠭᠡᠨ ᠬᠦᠷᠭᠡᠬᠦ  ᠪᠠᠷᠠᠭᠠᠨ ᠤ ᠬᠦᠢᠯᠭᠡᠭᠡᠨ ᠤ ᠲᠣᠤᠷ ᠰᠦᠯᠵᠢᠶ᠎ᠡ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠪᠡ
ᠨᠡᠶᠢᠲᠡᠯᠡᠭᠰᠡᠨ ᠴᠠᠭ᠄
2020/11/10
      ᠦᠪᠣᠷ ᠮᠣᠩᠭᠤᠯ ᠤᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠦᠩ ᠰᠢᠶᠠᠩ ᠬᠤᠸᠠ︶ ᠰᠤᠷᠪᠤᠯᠵᠢᠯᠠᠭᠴᠢ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠠᠶᠢᠮᠠᠭ ᠬᠤᠲᠠ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠬᠠᠮᠤᠷᠤᠭᠰᠠᠨ ᠳᠥᠷᠪᠡᠨ ᠱᠠᠲᠤᠨ ᠤ ᠲᠦᠷᠭᠡᠨ ᠬᠦᠷᠭᠡᠬᠦ ᠪᠠᠷᠠᠭᠠᠨ ᠤ ᠬᠦᠢᠯᠭᠡᠭᠡᠨ ᠤ ᠲᠣᠤᠷ ᠰᠦᠯᠵᠢᠶ᠎ᠡ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ︽ᠰᠦᠯᠵᠢᠶᠡᠨ ᠤ ᠪᠠᠷᠠᠭ᠎ᠠ ᠶᠢ ᠬᠦᠳᠡᠭᠡ ᠲᠦᠷᠭᠡᠨ ᠬᠦᠷᠭᠡᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠲᠠ ᠳᠤ ᠣᠷᠣᠭᠤᠯᠬᠤ︾ ᠬᠤᠤᠰ ᠴᠢᠭᠯᠡᠯᠲᠦ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠪᠡ᠃      ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠨᠢ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠶᠠᠪᠤᠳᠠᠯ ᠤᠨ ᠲᠦᠷᠭᠡᠨ ᠬᠦᠷᠭᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠪᠠᠷᠢᠮᠲᠠᠯᠠᠬᠤ ᠶᠢᠨ ᠡᠭᠦᠰᠦᠯᠲᠡ ᠪᠠ ᠲᠤᠰᠤᠯᠳᠠ ᠪᠣᠯᠭᠠᠵᠤ᠂ ᠪᠠᠷᠠᠭ᠎ᠠ ᠬᠦᠷᠭᠡᠬᠦ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠵᠦ ᠪᠤᠢ᠃ 10 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ 11094 ᠵᠠᠰᠠᠬ ᠵᠠᠬᠢᠷᠭᠠᠨ ᠤ ᠲᠣᠰᠬᠤᠨ ᠤ 5838 ᠵᠠᠰᠠᠬ ᠵᠠᠬᠢᠷᠭᠠᠨ ᠤ ᠲᠣᠰᠬᠤᠨ ᠨᠢ ᠨᠢᠬᠡᠨᠳᠡ ᠲᠦᠷᠭᠡᠨ ᠬᠦᠷᠭᠡᠬᠦ ᠦᠢᠯᠡᠴᠢᠯᠡᠭᠡ ᠶᠢ ᠨᠡᠶᠢᠳᠡᠮ ᠬᠢᠵᠦ᠂ ᠲᠦᠷᠭᠡᠨ ᠬᠦᠷᠭᠡᠬᠦ ᠦᠢᠯᠡᠴᠢᠯᠡᠭᠡ ᠲᠠᠢ ᠵᠠᠰᠠᠬ ᠵᠠᠬᠢᠷᠭᠠᠨ ᠤ ᠲᠣᠰᠬᠤᠨ ᠤ ᠪᠦᠷᠬᠦᠴᠡ 52.62% ᠲᠤ ᠬᠦᠷᠴᠦ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠪᠠᠷᠠᠭ᠎ᠠ ᠪᠠᠨ ᠠᠪᠬᠤ ᠪᠠ ᠪᠠᠷᠠᠭ᠎ᠠ ᠬᠦᠷᠭᠡᠬᠦ ᠴᠢᠬ ᠢ ᠨᠡᠶᠢᠲᠡ 3543 ᠪᠠᠶᠢᠭᠤᠯᠵᠦ᠂ ᠨᠢᠳᠤᠨᠤᠨ ᠤ ᠵᠢᠯ ᠤᠨ ᠡᠴᠦᠰ ᠤᠨ ᠬᠢ ᠠᠴᠠ 1273  ᠨᠡᠮᠡᠭᠳᠡᠬᠦᠯᠦᠨ᠂ ᠮᠠᠯᠵᠢᠬᠤ ᠲᠠᠷᠢᠶᠠᠯᠠᠬᠤ ᠣᠷᠣᠨ ᠤ ᠲᠦᠷᠭᠡᠨ ᠬᠦᠷᠭᠡᠯᠳᠡ ᠶᠢᠨ ᠰᠠᠭᠤᠷᠢ ᠲᠦᠭᠦᠬᠡᠷᠦᠮᠵᠢ ᠵᠢᠴᠢ ᠲᠣᠤᠷ ᠰᠦᠯᠵᠢᠶ᠎ᠡ ᠶᠢ ᠲᠠᠰᠤᠷᠠᠯᠲᠠ ᠦᠭᠡᠢ   ᠲᠡᠭᠦᠯᠳᠡᠷᠵᠢᠬᠦᠯᠵᠦ᠂ ᠮᠠᠯᠴᠢᠨ ᠲᠠᠷᠢᠶᠠᠴᠢᠳ ᠤᠨ ᠪᠠᠷᠠᠭ᠎ᠠ ᠶᠠᠪᠤᠭᠤᠯᠬᠤ ᠪᠠ ᠪᠠᠷᠠᠭ᠎ᠠ ᠬᠦᠷᠭᠡᠬᠦ ᠬᠡᠷᠡᠭᠴᠡᠭᠡ ᠶᠢ ᠴᠠᠭ ᠲᠤᠬᠠᠶ ᠳᠤᠨᠢ ᠪᠠᠲᠤᠯᠠᠵᠦ ᠪᠠᠶᠢᠨ᠎ᠠ᠃ ᠡᠭᠦᠨ ᠤ ᠬᠠᠮᠲᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠮᠠᠯᠴᠢᠨ ᠲᠠᠷᠢᠶᠠᠴᠢᠨ ᠳᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢᠨ ᠦᠷ᠎ᠡ ᠪᠦᠲᠦᠭᠡᠯ ᠢ ᠬᠦᠷᠳᠡᠭᠡᠬᠦ ᠶᠢ ᠦᠨᠡᠨᠬᠦ ᠪᠠᠲᠤᠯᠠᠵᠤ᠂ ᠪᠠᠷᠠᠭ᠎ᠠ ᠬᠦᠷᠭᠡᠬᠦ ᠠᠵᠤ ᠠᠬᠤᠶᠢᠯᠠᠯ ᠤᠨ ᠡᠳᠦᠷ ᠲᠤᠲᠤᠮ ᠤᠨ ᠡᠵᠡᠩᠨᠡᠯᠲᠡ ᠶᠢᠨ ᠡᠮᠬᠢ ᠳᠢᠭᠯᠢᠮ ᠵᠢᠴᠢ  ᠦᠢᠯᠡᠴᠢᠯᠡᠭᠡᠨ ᠤ ᠶᠠᠰᠤ ᠴᠢᠨᠠᠷ ᠲᠤ ᠲᠤᠰᠬᠠᠶ ᠴᠡᠭᠴᠡᠯᠡᠨ ᠵᠠᠰᠠᠯᠲᠠ ᠬᠢᠵᠦ᠂ ᠲᠦᠷᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠲᠣᠭᠲᠠᠭᠠᠯ ᠠᠴᠠ ᠵᠥᠷᠢᠴᠡᠨ ᠡᠵᠡᠩᠨᠡᠬᠦ᠂ ᠬᠤᠶᠠᠳᠠᠬᠢ ᠤᠳᠠᠭ᠎ᠠ ᠰᠦᠢᠳᠭᠡᠯ ᠬᠤᠷᠢᠶᠠᠬᠤ ᠵᠡᠷᠭᠡ ᠬᠠᠤᠯᠢ ᠠᠴᠠ ᠵᠥᠷᠢᠴᠡᠬᠦ ᠠᠰᠠᠭᠤᠳᠠᠯ ᠭᠠᠷᠬᠤ ᠶᠢ ᠡᠷᠡᠰ ᠬᠤᠷᠢᠭᠯᠠᠵᠠᠢ᠃ ᠭᠤᠮᠣᠳᠠᠯ ᠲᠣᠭᠠᠴᠢᠯᠲᠠ ᠳᠤ ᠦᠢᠯᠡᠴᠢᠯᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠴᠢᠳ ᠤᠨ ᠬᠥᠭᠵᠢᠶᠡᠨᠲᠡᠶ ᠤᠯᠠᠷᠢᠯ ᠤᠨ ᠬᠤᠭᠤᠴᠠᠭᠠᠨ ᠳᠠᠬᠢ ᠲᠦᠷᠭᠡᠨ ᠬᠦᠷᠭᠡᠬᠦ  ᠦᠢᠯᠡᠴᠢᠯᠡᠭᠡᠨ ᠤ ᠶᠠᠰᠤ ᠴᠢᠨᠠᠷ ᠤᠨ ᠠᠰᠠᠭᠤᠳᠠᠯ ᠢ ᠡᠩ ᠲᠡᠷᠢᠭᠦᠨ ᠳᠤ ᠰᠢᠢᠳᠪᠦᠷᠢᠯᠡᠵᠦ᠂ ᠴᠠᠭ ᠲᠤᠬᠠᠶ ᠲᠤᠨᠢ ᠰᠢᠢᠳᠪᠦᠷᠢᠯᠡᠵᠦ᠂ ᠮᠠᠯᠴᠢᠨ ᠲᠠᠷᠢᠶᠠᠴᠢᠨ ᠤ ᠪᠠᠷᠠᠭ᠎ᠠ ᠶᠠᠪᠤᠭᠤᠯᠬᠤ ᠪᠠ ᠬᠦᠷᠭᠡᠬᠦ ᠠᠰᠠᠭᠤᠳᠠᠯ ᠢ ᠨᠢᠭᠡᠳ ᠨᠢᠭᠡ ᠪᠠᠷ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠠᠢ᠃      ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠦᠷᠭᠡᠨ ᠬᠦᠷᠭᠡᠬᠦ ᠪᠠᠷᠠᠭᠠᠨ ᠤ  ᠬᠦᠢᠯᠭᠡᠭᠡᠨ ᠤ ᠲᠣᠭᠤᠷᠢᠭ ᠢ 19 ᠪᠠᠶᠢᠭᠤᠯᠵᠤ᠂ ᠬᠤᠰᠢᠭᠤ ᠰᠢᠶᠠᠨ ᠤ ᠲᠦᠷᠭᠡᠨ ᠬᠦᠷᠭᠡᠯᠲᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ 55 ᠪᠠᠶᠢᠭᠤᠯᠵᠤ᠂ 776 ᠰᠢᠶᠠᠩ ᠪᠠᠯᠭᠠᠰᠤ ᠳᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠲᠣᠣᠷ ᠴᠢᠬ ᠢ ᠦᠨᠳᠦᠰᠦᠨ ᠳᠡᠭᠡᠨ ᠪᠠᠶᠢᠭᠤᠯᠵᠤ᠂ ᠪᠦᠬᠦ ᠣᠷᠣᠨ ᠤ 11094 ᠵᠠᠰᠠᠬ ᠵᠠᠬᠢᠷᠭᠠᠨ ᠤ ᠲᠣᠰᠬᠤᠨ ᠳᠤ ᠴᠦᠮ ᠰᠢᠦᠳᠠᠨ ᠨᠡᠪᠲᠡᠷᠡᠭᠦᠯᠵᠦ᠂ ᠦᠢᠯᠡᠴᠢᠯᠡᠭᠡᠨ ᠤ ᠴᠢᠳᠠᠪᠤᠷᠢ ᠡᠳᠦᠷ ᠢᠷᠡᠬᠦᠶ᠎ᠡ ᠳᠡᠭᠡᠭᠰᠢᠯᠡᠵᠦ᠂  ᠦᠢᠯᠡᠴᠢᠯᠡᠭᠡᠨ ᠤ ᠶᠠᠰᠤ ᠴᠢᠨᠠᠷ ᠪᠣᠯᠤᠨ ᠦᠵᠦᠬᠦᠷ ᠤᠨ ᠲᠣᠤᠷ ᠰᠦᠯᠵᠢᠶ᠎ᠡ ᠶᠢᠨ ᠲᠣᠭᠲᠠᠭᠤᠨ ᠪᠠᠶᠢᠬᠤ ᠶᠢ ᠲᠠᠰᠤᠷᠠᠯᠲᠠ ᠦᠭᠡᠢ ᠠᠬᠢᠭᠤᠯᠪᠠ᠃http://mongol.people.com.cn/15829214.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号