ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠰᠢᠶᠠᠩ ᠬᠤᠸᠠ︶ | ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠲᠠ ᠶᠢᠨ ᠤᠰᠤ ᠬᠠᠩᠭᠠᠬᠤ | ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠬᠤᠩ ᠱᠧᠩ ᠰᠢᠯᠵᠢᠭᠦᠯᠦᠨ | ᠬᠠᠳᠠᠭᠠᠯᠠᠬᠤ ᠳᠠᠷᠤᠯᠲᠠ ᠨᠡᠮᠡᠬᠦ ᠥᠷᠲᠡᠭᠡ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠢᠨᠠᠨ ᠰᠢᠯᠭᠠᠭᠠᠳ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ | ᠠᠩᠬᠠᠳᠠᠭᠴᠢ ᠡᠯᠧᠺᠲᠷᠣᠨ ᠦᠨᠡᠮᠯᠡᠯ ᠢ ᠦᠭᠪᠡ᠃ ᠡᠯᠧᠺᠲᠷᠣᠨ ᠦᠨᠡᠮᠯᠡᠯ ᠬᠡᠷᠡᠭᠯᠡᠬᠦ ᠶᠢ ᠲᠡᠯᠭᠡᠷᠡᠬᠦᠯᠬᠦ ᠪᠣᠯ ᠮᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠪᠣᠯᠤᠨ᠎ᠠ᠃ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠳᠤ ᠴᠢᠬᠤᠯᠠ | ᠠᠴᠢ ᠬᠤᠯᠪᠣᠭᠳᠠᠯ ᠲᠠᠢ ᠶᠤᠮ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ | ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠬᠰᠢᠳᠠ ᠭᠦᠨᠵᠡᠭᠡᠶᠢᠷᠡᠭᠦᠯᠵᠦ᠂ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠠᠬᠢᠭᠤᠯᠬᠤ ᠶᠢᠨ ᠲᠦᠯᠦᠭᠡ᠂ | ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ 20 ᠤ | ᠡᠳᠦᠷ ᠠᠴᠠ ᠡᠬᠢᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ | ᠰᠠᠨᠠᠯ ᠤᠨ ᠪᠢᠴᠢᠭ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ | ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ ᠵᠡᠷᠭᠡ ᠶᠢ ᠦᠭᠭᠦ ᠳᠡᠭᠡᠨ ᠤᠯᠠᠨ | ᠤᠳᠠᠭ᠎ᠠ ᠶᠢᠨ ᠬᠢᠨᠠᠨ ᠰᠢᠯᠭᠠᠯᠳᠠ ᠶᠢ ᠦᠡᠭᠭᠡᠷᠡᠭᠦᠯᠦᠭᠡᠳ ᠰᠠᠶ᠋ᠢ ᠦᠨᠡᠮᠯᠡᠯ ᠦᠭᠴᠦ᠂ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠯ ᠤᠨ ᠡᠯᠧᠺᠲᠷᠣᠨ ᠦᠨᠡᠮᠯᠡᠯ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ ᠠᠵᠢᠯᠯᠠᠬᠤ | ᠶᠠᠪᠤᠴᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠢᠨᠠᠨ ᠵᠥᠪᠰᠢᠶᠡᠷᠡᠬᠦ ᠠᠵᠢᠯ ᠤᠨ | ᠠᠵᠢᠯᠲᠠᠳ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ ᠳᠤ ᠲᠦᠰᠢᠭᠯᠡᠨ᠂ | ᠦᠨᠡᠮᠯᠡᠯ ᠦᠭᠭᠦ ᠪᠠᠷ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠦᠨᠡᠮᠯᠡᠯ ᠦᠢᠯᠡᠳᠬᠦ᠂ ᠲᠠᠮᠠᠭ᠎ᠠ ᠳᠠᠷᠤᠬᠤ | ᠭᠤᠭᠴᠤᠭ᠎ᠠ ᠶᠢ ᠰᠣᠩᠭᠤᠪᠠᠯ ᠳᠠᠷᠤᠶ ᠡᠯᠧᠺᠲᠷᠣᠨ ᠦᠨᠡᠮᠯᠡᠯ ᠢ ᠦᠢᠯᠡᠳᠴᠦ᠂ ᠡᠯᠧᠺᠲᠷᠣᠨ ᠦᠨᠡᠮᠯᠡᠯ ᠢ ᠭᠠᠷᠭᠠᠨ᠎ᠠ︔ | ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠤᠲᠠ ᠶᠢᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠭᠦᠯᠡᠨ ᠲᠠᠪᠴᠠᠩ ᠤᠨ ᠡᠯᠧᠺᠲᠷᠣᠨ ᠦᠨᠡᠮᠯᠡᠯ ᠤᠨ ᠬᠥᠮᠥᠷᠭᠡ ᠠᠴᠠ ᠡᠯᠧᠺᠲᠷᠣᠨ ᠦᠨᠡᠮᠯᠡᠯ ᠢ | ᠡᠷᠢᠵᠦ ᠭᠠᠷᠭᠠᠵᠤ ᠪᠣᠯᠤᠨ᠎ᠠ︔ ᠡᠭᠦᠨ ᠤ ᠬᠠᠮᠲᠤ᠂ ᠭᠤᠶᠤᠴᠢᠯᠠᠭᠴᠢ ᠨᠢ ᠭᠤᠶᠤᠴᠢᠯᠠᠨ ᠮᠡᠳᠡᠭᠦᠯᠦᠭᠰᠡᠨ ᠲᠠᠩᠰᠠᠨ | ᠨᠣᠮᠧᠷ ᠢᠶᠠᠷ ᠢᠶᠠᠨ ᠡᠯᠧᠺᠲᠷᠣᠨ ᠦᠨᠡᠮᠯᠡᠯ ᠢ ᠪᠠᠭᠤᠯᠭᠠᠨ ᠠᠪᠴᠤ ᠬᠠᠳᠠᠭᠠᠯᠠᠵᠤ ᠪᠣᠯᠤᠨ᠎ᠠ᠃ ᠬᠠᠤᠯᠢ ᠴᠠᠭᠠᠵᠠ᠂ | ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠤᠬᠳᠠᠭᠠᠬᠰᠠᠨ ᠠᠰᠲᠠᠭᠠᠨ ᠲᠣᠭᠲᠠᠭᠠᠯ ᠢ ᠭᠠᠷᠭᠠᠪᠠᠯ᠂ ᠡᠯᠧᠺᠲᠷᠣᠨ | ᠦᠨᠡᠮᠯᠡᠯ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠢᠳᠪᠦᠷᠢᠯᠡᠬᠦ ᠦᠨᠳᠦᠰᠦᠯᠡᠯ ᠪᠣᠯᠭᠠᠵᠤ | ᠪᠣᠯᠤᠨ᠎ᠠ᠃ | ᠡᠯᠧᠺᠲᠷᠣᠨ ᠦᠨᠡᠮᠯᠡᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠦᠭᠰᠡᠨ ᠶᠠᠪᠤᠳᠠᠯ ᠨᠢ᠂ ᠪᠦᠬᠦ | ᠶᠠᠪᠤᠴᠠ ᠳᠤ ᠡᠯᠧᠺᠲᠷᠣᠨᠴᠢᠯᠡᠭᠰᠡᠨ ᠬᠢᠨᠠᠨ ᠵᠥᠪᠰᠢᠶᠡᠷᠡᠯ ᠬᠢᠬᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ | ᠡᠴᠦᠰ ᠤᠨ ᠨᠢᠭᠡ ᠠᠯᠬᠤᠮ ᠵᠠᠢ ᠶᠢ ᠨᠡᠪᠳᠡᠷᠡᠬᠦᠯᠬᠦ︾ ᠶᠢ ᠪᠡᠶᠡᠯᠡᠭᠦᠯᠵᠦ᠂ ᠭᠤᠶᠤᠴᠢᠯᠠᠭᠴᠢ ᠬᠢᠨᠠᠨ ᠵᠥᠪᠰᠢᠶᠡᠷᠡᠬᠦ | ᠴᠣᠩᠬᠤᠨ ᠳᠤ ᠬᠦᠷᠴᠦ ᠦᠨᠡᠮᠯᠡᠯ ᠠᠪᠬᠤ ᠴᠢᠬᠤᠯᠠ ᠦᠭᠡᠢ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ | ᠪᠤᠯᠵᠤ᠂ ᠠᠵᠤ ᠠᠬᠤᠶᠢᠯᠠᠯ ᠤᠨ ᠦᠨᠡᠮᠯᠡᠯ ᠠᠪᠬᠤ ᠪᠠᠷ ᠬᠦᠶᠦᠳᠡᠭ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ | ᠂ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠴᠠᠭ ᠢ ᠪᠣᠭᠤᠨᠢᠰᠬᠠᠪᠠ᠃ ᠡᠭᠦᠨ ᠤ ᠬᠠᠮᠲᠤ᠂ ᠰᠠᠯᠠᠭ᠎ᠠ | ᠮᠥᠴᠢᠷ ᠤᠨ ᠬᠤᠭᠤᠷᠣᠨᠳᠣ ᠪᠠᠨ ᠦᠨᠡᠮᠯᠡᠯ ᠤᠨ ᠬᠥᠮᠥᠷᠭᠡ ᠳᠠᠬᠢ ᠡᠯᠧᠺᠲᠷᠣᠨ ᠦᠨᠡᠮᠯᠡᠯ ᠢ ᠰᠢᠯᠵᠢᠭᠦᠯᠦᠨ | ᠬᠡᠷᠡᠭᠯᠡᠬᠦ ᠪᠠᠷ ᠳᠠᠮᠵᠢᠨ ᠬᠠᠮᠢᠶ᠎ᠠ ᠪᠦᠬᠦᠢ ᠮᠠᠲ᠋ᠧᠷᠢᠶᠠᠯ ᠢ ᠬᠠᠮᠲᠤᠪᠠᠷ ᠦᠵᠡᠵᠦ ᠪᠤᠯᠤᠨ᠎ᠠ᠂ ᠡᠨᠡ ᠨᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢᠨ ᠳᠥᠭᠦᠮ ᠳᠥᠲᠡ ᠴᠢᠨᠠᠷ ᠪᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠭᠡ ᠪᠠᠷ | ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦᠭᠰᠡᠨ ᠪᠠᠶᠢᠨ᠎ᠠ᠃ | http://mongol.people.com.cn/15829221.html |