ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ | 11 ᠳ᠋ᠦ᠋ᠭᠡᠷ ᠰᠠᠷ᠎ᠠ ᠶᠢᠨ 9 ᠤ ᠦᠳᠡ ᠶᠢᠨ ᠬᠤᠶᠢᠨ᠎ᠠ᠂ ᠪᠦᠬᠦ ᠬᠤᠲᠠ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠵᠤ᠂ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ | ᠡᠷᠬᠢᠯᠡᠵᠦ ᠶᠠᠷᠢᠶ᠎ᠠ ᠲᠠᠯᠪᠢᠪᠠ᠃ | ᠵᠠᠩ ᠪᠠᠢ ᠴᠧᠩ ᠵᠢᠭᠠᠬᠤ ᠳᠠᠭᠠᠨ᠂ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠪᠦᠬᠦ ᠳᠡᠯᠡᠬᠡᠢ ᠳᠤ ᠦᠷᠭᠦᠯᠵᠢᠯᠡᠨ ᠶᠡᠬᠡᠪᠡᠷ ᠳᠡᠯᠭᠡᠷᠡᠨ ᠲᠠᠷᠬᠠᠵᠤ᠂ ᠤᠯᠤᠰ ᠤᠨ ᠳᠣᠲᠣᠭᠠᠳᠤ ᠳᠤ ᠴᠦ ᠬᠠᠶᠠ ᠨᠢᠭᠡ | ᠡᠪᠡᠳᠴᠢᠨ ᠤ ᠵᠢᠱᠢᠶ᠎ᠡ ᠪᠠ ᠵᠠᠷᠢᠮ ᠭᠠᠵᠠᠷ ᠣᠷᠣᠨ ᠢᠶᠠᠷ ᠬᠢᠵᠢᠭ ᠤᠨ ᠪᠠᠶᠢᠳᠠᠯ ᠳᠡᠯᠭᠡᠷᠡᠬᠦ ᠠᠶᠤᠯ ᠮᠥᠨ ᠬᠦ ᠣᠷᠣᠰᠢᠭᠰᠠᠭᠠᠷ | ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠤᠶᠢᠯ ᠤᠨ ᠭᠡᠴᠡᠬᠦᠦ᠂ ᠤᠮᠳᠤᠭᠠᠶᠢᠯᠠᠵᠤ ᠪᠣᠯᠣᠰᠢ | ᠦᠭᠡᠢ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠲᠧᠯᠸᠢᠰ ᠤᠲᠠᠰᠤᠲᠤ ᠬᠤᠷᠠᠯ ᠪᠠ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠡᠨᠡ | ᠡᠪᠦᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠲᠥᠪ ᠥᠪᠡᠷᠲᠡᠭᠡᠨ ᠵᠠᠰᠠᠬᠤ | ᠣᠷᠣᠨ ᠤ ᠰᠢᠨ᠎ᠡ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠮᠢᠨᠴᠦᠭᠦᠷᠡᠬᠦ ᠦᠵᠡᠯ | ᠰᠠᠨᠠᠭ᠎ᠠ ᠰᠤᠯᠠᠷᠠᠬᠤ ᠰᠡᠳᠬᠢᠯᠭᠡ ᠶᠢ ᠲᠡᠪᠴᠢᠨ᠂ ᠡᠨᠡ ᠡᠪᠦᠯ ᠢᠷᠡᠬᠦ ᠬᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠢᠯᠪᠠᠷ ᠪᠤᠰᠤ ᠪᠠᠷ ᠣᠯᠣᠭᠰᠠᠨ ᠠᠮᠵᠢᠯᠲᠠ ᠪᠠᠨ ᠶᠠᠭᠠᠬᠢᠭᠰᠠᠨ ᠴᠦ ᠣᠷᠣ ᠦᠭᠡᠢ ᠠᠯᠳᠠᠵᠤ ᠪᠣᠯᠬᠤ ᠦᠭᠡᠢ ᠭᠡᠵᠡᠢ | ᠃ | ᠵᠠᠩ ᠪᠠᠢ ᠴᠧᠩ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠭᠤᠣᠯᠳᠠᠯᠭ᠎ᠠ ᠲᠠᠢ | ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠭᠤᠭᠴᠤᠭ᠎ᠠ ᠶᠢ ᠰᠠᠶᠢᠨ ᠠᠩᠬᠠᠷᠴᠤ᠂ ᠬᠡᠵᠢᠶ᠎ᠡ ᠴᠦ ᠭᠡᠰᠡᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠯᠠᠷᠠᠭᠤᠯᠤᠯ ᠦᠭᠡᠢ᠂ ᠡᠷᠴᠢ ᠬᠦᠴᠦᠨ ᠢ ᠰᠤᠯᠠᠷᠠᠭᠤᠯᠤᠯ ᠦᠭᠡᠢ ᠪᠠᠷᠢᠮᠲᠠᠯᠠᠨ᠂ | ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ | ᠪᠥᠭᠡᠳ ᠪᠣᠳᠠᠲᠠᠢ ᠠᠳᠬᠤᠵᠤ᠂ ᠭᠠᠳᠠᠨ᠎ᠠ ᠠᠴᠠ ᠣᠷᠣᠵᠤ ᠢᠷᠡᠬᠦ ᠪᠣᠭᠤᠮᠲᠠ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ | ᠪᠣᠭᠤᠮᠲᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠬᠢᠬᠦ ᠪᠣᠭᠤᠮᠲᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠪᠣᠭᠤᠮᠲᠠ ᠶᠢ ᠴᠢᠩᠭ᠎ᠠ ᠰᠠᠬᠢᠵᠤ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠨ᠂ ᠳᠣᠲᠣᠷ᠎ᠠ ᠪᠠᠨ ᠳᠠᠬᠢᠨ | ᠳᠡᠯᠭᠡᠷᠡᠬᠦ ᠶᠢ ᠰᠡᠷᠭᠡᠶᠢᠯᠡᠬᠦ︾ ᠠᠵᠢᠯ ᠢ ᠪᠦᠬᠦ ᠲᠠᠯ᠎ᠠ ᠪᠠᠷ ᠰᠠᠶᠢᠨ ᠬᠢᠬᠦ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠳᠠᠷᠤᠰᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠠᠭ ᠳᠠᠷᠤᠢ ᠳᠤᠨᠢ | ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠵᠤ᠂ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ | ᠪᠦᠲᠦᠮᠵᠢ ᠪᠠᠷ ᠲᠥᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠲᠠᠭᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠢ ᠭᠡᠵᠡᠢ᠃ | ᠬᠤᠲᠠ ᠶᠢᠨ ᠤᠳᠤᠷᠢᠳᠤᠯᠭ᠎ᠠ ᠯᠥᠸᠧ ᠴᠢᠩ᠂ ᠵᠠᠩ ᠶᠢᠨ ᠫᠢᠩ᠂ ᠯᠢᠦ ᠴᠧᠩ ᠮᠢᠨ᠂ ᠸᠠᠩ ᠬᠤᠤ ᠯᠧᠢ᠂ ᠰᠢᠦᠢ | ᠷᠦᠢ ᠰᠢᠶᠠ᠂ ᠪᠢ ᠭᠥᠸᠧ ᠴᠧᠨ᠂ ᠮᠠᠤ ᠪᠣᠣ ᠹᠧᠩ᠂ ᠴᠢᠶᠥᠥ ᠶᠦᠨ ᠯᠢ᠂ ᠵᠠᠩ ᠭᠥᠸᠧ ᠫᠢᠩ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ | ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠤᠯᠪᠣᠭᠳᠠᠯ ᠪᠦᠬᠦᠢ | ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃ ︵ᠯᠢ ᠬᠠᠢ ᠵᠧᠨ︶ |