ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠴᠢ ᠰᠢᠶ᠋ᠶᠤ ᠶᠠᠨ︶ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠤᠪᠴᠢᠶ᠎ᠠ ᠡᠨᠡ ᠵᠢᠯ ᠤᠨ 10 ᠰᠠᠷ᠎ᠠ ᠶᠢᠨ 1 ᠤ ᠡᠳᠤᠷ ᠠᠴᠠ ᠡᠬᠢᠯᠡᠨ᠂ ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ | ᠪᠠᠶᠢᠴᠠᠭᠠᠬᠤ︾ ᠠᠵᠢᠯᠯᠠᠭ᠎ᠠ ᠦᠷᠨᠢᠭᠦᠯᠦᠭᠰᠡᠨ ᠶᠤᠮ᠃ ᠠᠵᠢᠯᠯᠠᠭ᠎ᠠ ᠲᠤᠮᠳᠠ᠂ ᠨᠡᠶᠢᠭᠡᠮ ᠤᠨ ᠡᠯ᠎ᠡ ᠡᠲᠡᠭᠡᠳ ᠢᠳᠡᠪᠬᠢᠲᠡᠢ ᠤᠷᠤᠯᠴᠠᠵᠦ᠂ 10 ᠰᠠᠷ᠎ᠠ ᠶᠢᠨ | 30 ᠤ ᠡᠳᠤᠷ ᠪᠤᠯᠲᠠᠯ᠎ᠠ ᠠᠵᠢᠯᠯᠠᠭ᠎ᠠ ᠳᠤ ᠤᠷᠤᠯᠴᠠᠭᠰᠠᠨ ᠬᠡᠷᠡᠭᠯᠡᠭᠴᠢᠳ 26 ᠲᠦᠷᠦᠯ ᠤᠨ 47 ᠵᠥᠢᠯ ᠤᠨ ᠢᠳᠡᠭᠡᠨ ᠤ ᠨᠡᠷᠢᠨ ᠢᠯᠭᠠᠯ ᠵᠢᠴᠢ | ᠲᠠᠷᠢᠶᠠᠯᠠᠩ ᠤᠨ ᠠᠷᠠᠯᠵᠢᠶᠠᠨ ᠤ ᠵᠠᠬ᠎ᠠ᠂ ᠬᠡᠳᠤ ᠳᠡᠯᠭᠡᠭᠦᠷ᠂ ᠢᠳᠡᠭᠡᠨ ᠤᠮᠳᠠᠭᠠᠨ ᠵᠡᠷᠭᠡ 3 ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠠᠴᠠ ᠲᠦᠷᠦᠭᠦᠦ | 10 ᠲᠦᠷᠦᠯ ᠤᠨ ᠦᠢᠯᠡᠳᠭᠦᠨ ᠢ ᠰᠤᠩᠭᠤᠵᠠᠢ᠃ ᠬᠡᠷᠡᠭᠯᠡᠭᠴᠢᠳ ᠤᠨ ᠲᠤᠪᠰᠢᠭᠰᠠᠨ ᠨᠤᠷᠮ᠎ᠠ ᠶᠢᠨ ᠶᠡᠭᠡ ᠠᠴᠠ ᠪᠠᠭ᠎ᠠ ᠵᠦᠭ ᠵᠢᠭᠰᠠᠭᠠᠪᠠᠯ᠂ ᠪᠤᠯᠭᠠᠭᠰᠠᠨ | ᠤᠯᠠᠭᠠᠨ ᠢᠳᠡᠭᠡᠨ ︵ᠬᠡᠳᠤ ᠳᠡᠯᠭᠡᠭᠦᠷ︶᠂ ᠴᠠᠷᠳᠠᠭᠤᠯ ᠵᠢᠴᠢ ᠴᠠᠷᠳᠠᠭᠤᠯᠳᠤ ᠦᠢᠯᠡᠳᠭᠦᠨ ︵ ᠬᠡᠳᠤ ᠳᠡᠯᠭᠡᠭᠦᠷ︶᠂ ᠢᠳᠡᠭᠡᠨ ᠳᠤ ᠬᠡᠷᠡᠭᠯᠡᠭᠦ ᠤᠷᠭᠤᠮᠠᠯ ᠤᠨ | ᠲᠤᠰᠤ ︵ᠬᠡᠳᠤ ᠳᠡᠯᠭᠡᠭᠦᠷ︶᠂ ᠲᠦᠷᠭᠡᠨ ᠬᠦᠯᠳᠡᠭᠡᠭᠰᠡᠨ ᠪᠤᠰᠤᠳ ᠢᠳᠡᠭᠡᠨ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠢᠰᠭᠡᠭᠰᠡᠨ ᠭᠤᠯᠢᠷ ᠦᠢᠯᠡᠳᠭᠦᠨ | ︵ᠬᠡᠳᠤ ᠳᠡᠯᠭᠡᠭᠦᠷ︶᠂ ᠨᠤᠭᠤᠭ᠎ᠠ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠴᠠᠭᠠᠨ ᠢᠳᠡᠭᠡ ︵ᠬᠡᠳᠤ ᠳᠡᠯᠭᠡᠭᠦᠷ︶᠂ ᠮᠠᠯ ᠵᠢᠭᠦᠷᠲᠡᠨ ᠤ ᠮᠢᠬ᠎ᠠ ᠵᠢᠴᠢ | ᠲᠤᠰᠠᠯᠠᠬᠤ ᠦᠢᠯᠡᠳᠭᠦᠨ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶᠂ ᠠᠮᠲᠠ ᠤᠷᠤᠭᠤᠯᠬᠤ ᠡᠳ᠋ ︵ᠲᠠᠷᠢᠶᠠᠯᠠᠩ ᠤᠨ ᠠᠷᠠᠯᠵᠢᠶᠠᠨ ᠤ ᠵᠠᠬ᠎ᠠ︶ ᠵᠡᠷᠭᠡ | ᠪᠤᠯᠤᠨ᠎ᠠ᠃ | 11 ᠰᠠᠷ᠎ᠠ ᠶᠢᠨ 2 ᠤᠨ ᠡᠳᠤᠷ ᠰᠤᠷᠪᠤᠯᠵᠢᠯᠠᠭᠴᠢ ᠵᠢᠨᠤᠶᠢᠯᠠᠭᠠᠭᠰᠠᠨ ᠢᠶᠠᠷ᠂ ᠦᠷᠭᠡᠨ ᠤᠯᠠᠨ ᠬᠡᠷᠡᠭᠯᠡᠭᠴᠢᠳ ᠤᠨ ᠳᠡᠮᠵᠢᠯᠭᠡ ᠪᠤᠯᠤᠨ ᠨᠡᠶᠢᠭᠡᠮ ᠤᠨ | ᠡᠯ᠎ᠡ ᠡᠲᠡᠭᠡᠳ ᠤᠨ ᠠᠩᠬᠠᠷᠤᠯ ᠳᠤ ᠵᠤᠷᠢᠭᠤᠯᠤᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠡᠨᠡ ᠵᠢᠯ ᠤᠨ 11 ᠰᠠᠷ᠎ᠠ | ᠶᠢᠨ 1 ᠤ ᠡᠳᠤᠷ ᠠᠴᠠ 11 ᠰᠠᠷ ᠶᠢᠨ 30 ᠤ ᠡᠳᠤᠷ ᠪᠤᠯᠲᠠᠯ᠎ᠠ ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ︾ ᠠᠵᠢᠯᠯᠠᠭ᠎ᠠ ᠶᠢ | ᠦᠷᠭᠦᠯᠵᠢᠯᠡᠨ ᠦᠷᠨᠢᠭᠦᠯᠬᠦ ᠪᠠᠷ ᠪᠤᠯᠪᠠ᠃ ᠬᠡᠷᠡᠭᠯᠡᠭᠴᠢᠳ ᠦᠪᠡᠷ ᠤᠨ ᠰᠡᠷᠡᠯ ᠮᠡᠳᠡᠷᠴᠡ ᠪᠠᠨ ᠦᠨᠳᠦᠰᠦᠯᠡᠨ ᠠᠯᠢ ᠨᠢᠭᠡᠨ ᠢᠳᠡᠭᠡᠨ ᠳᠤ ᠠᠶᠤᠯ ᠤᠷᠤᠰᠢᠵᠦ | ᠪᠠᠶᠢᠨ᠎ᠠ ᠭᠡᠵᠦ ᠦᠵᠡᠪᠡᠯ ᠪᠠᠶᠢᠴᠠᠭᠠᠯᠭᠠᠬᠤ ᠱᠠᠭᠠᠷᠳᠠᠯᠭ᠎ᠠ ᠪᠠᠨ ᠲᠤᠷᠠᠳᠴᠤ᠂ ︽ᠴᠢ ᠲᠤᠷᠠᠳᠴᠤ ᠪᠢ ᠪᠠᠶᠢᠴᠠᠭᠠᠬᠤ︾ ᠲᠤᠰᠬᠠᠢ ᠪᠤᠯᠤᠩ ᠳᠤ ᠭᠠᠷᠴᠤ᠂ | ᠢᠳᠡᠭᠡᠨ ᠤ ᠲᠦᠷᠦᠯ ᠵᠥᠢᠯ ᠪᠤᠯᠤᠨ ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠢ ᠰᠤᠩᠭᠤᠬᠤ ᠪᠤᠶᠤ ᠲᠤᠪᠰᠢᠵᠦ᠂ ᠬᠤᠲᠠᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠵᠤᠬᠢᠶᠠᠨ ᠪᠠᠶᠢᠭᠤᠯᠤᠨ ᠰᠤᠭᠤᠴᠠᠨ ᠪᠠᠶᠢᠴᠠᠭᠠᠬᠤ ᠪᠦᠭᠡᠳ ᠰᠤᠭᠤᠴᠠᠨ ᠪᠠᠶᠢᠴᠠᠭᠠᠭᠰᠠᠨ ᠦᠷ᠎ᠡ ᠳ᠋ᠦᠩ ᠢ | ᠨᠡᠶᠢᠭᠡᠮ ᠨᠡᠶᠢᠲᠡ ᠳᠤ ᠵᠠᠷᠯᠠᠵᠦ᠂ ᠬᠢᠷᠢ ᠲᠡᠩᠴᠡᠬᠦ ᠦᠭᠡᠢ ᠢᠳᠡᠭᠡᠨ ᠤ ᠦᠢᠯᠡᠳᠪᠤᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠤᠷᠢᠯᠡᠨ᠎ᠡ | ᠃ ᠬᠡᠷᠡᠭᠯᠡᠭᠴᠢᠳ ᠬᠦᠬᠡᠬᠤᠲᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠠᠯᠪᠠᠨ ᠰᠦᠯᠵᠢᠶ᠎ᠡ᠂ ᠸᠢᠴᠠᠲ ᠤᠯᠠᠨ ᠨᠡᠶᠢᠲᠡ | ᠶᠢᠨ ᠳᠠᠪᠴᠠᠩ᠂ ᠲᠡᠷᠢᠭᠦᠨ ᠵᠤᠷᠪᠤᠰᠳᠤ ᠳᠠᠪᠴᠠᠩ ᠳᠤ ᠭᠠᠷᠬᠤ ᠪᠤᠶᠤ ᠮᠡᠷᠭᠡᠨ ᠴᠤᠬᠤᠷ ︵ᠰᠦᠯᠵᠢᠶ᠎ᠡ᠂ ᠸᠢᠴᠠᠲ᠂ ᠲᠡᠷᠢᠭᠦᠨ ᠵᠤᠷᠪᠤᠰᠳᠤ︶ ᠢ ᠰᠢᠷᠪᠢᠵᠦ᠂ | ᠢᠳᠡᠭᠡᠨ ᠤ ᠠᠶᠤᠯᠭᠦᠢ ᠶᠢᠨ ︽ᠴᠢ ᠲᠤᠷᠠᠳᠴᠤ ᠪᠢ ᠪᠠᠶᠢᠴᠠᠭᠠᠬᠤ︾ ᠠᠵᠢᠯᠯᠠᠭ᠎ᠠ ᠶᠢᠨ ᠪᠤᠯᠤᠩ ᠲᠤᠪᠰᠢᠵᠦ᠂ ᠦᠪᠡᠷ ᠤᠨ ᠬᠠᠮᠤᠭ ᠠᠩᠬᠠᠷᠴᠤ ᠪᠠᠶᠢᠭ᠎ᠠ | ᠠᠶᠤᠯᠲᠠᠢ ᠭᠡᠵᠦ ᠦᠵᠡᠭᠰᠡᠨ ᠢᠳᠡᠭᠡᠨ ᠤ ᠵᠥᠢᠯ ᠪᠤᠯᠤᠨ ᠦᠢᠯᠡᠳᠪᠤᠷᠢᠯᠡᠯ ᠡᠵᠡᠩᠨᠡᠯᠲᠡ ᠶᠢᠨ ᠭᠠᠵᠠᠷ ᠲᠤ ᠪᠢᠯᠧᠲ ᠦᠭᠴᠤ ᠪᠤᠯᠤᠨ᠎ᠠ᠃ | http://mongol.people.com.cn/15829194.html |