ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠡᠬᠢᠯᠡᠬᠦᠯᠪᠡ
ᠨᠡᠶᠢᠲᠡᠯᠡᠭᠰᠡᠨ ᠴᠠᠭ᠄
2020/11/10
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠤᠲᠠ ᠶᠢᠨ ᠤᠰᠤ ᠬᠠᠩᠭᠠᠬᠤ ᠤᠰᠤ ᠵᠠᠯᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠥᠬᠡᠬᠤᠲᠠ ᠶᠢᠨ ᠬᠤᠩ ᠱᠧᠩ ᠰᠢᠯᠵᠢᠭᠦᠯᠦᠨ ᠬᠠᠳᠠᠭᠠᠯᠠᠬᠤ ᠳᠠᠷᠤᠯᠲᠠ ᠨᠡᠮᠡᠬᠦ ᠥᠷᠲᠡᠭᠡ ᠶᠢᠨ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠬᠢᠨᠠᠨ ᠰᠢᠯᠭᠠᠭᠠᠳ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠤᠨ ᠠᠩᠬᠠᠳᠠᠭᠴᠢ ᠡᠯᠧᠺᠲᠷᠣᠨ ᠦᠨᠡᠮᠯᠡᠯ ᠢ ᠦᠭᠪᠡ᠃ ᠡᠯᠧᠺᠲᠷᠣᠨ ᠦᠨᠡᠮᠯᠡᠯ ᠬᠡᠷᠡᠭᠯᠡᠬᠦ ᠶᠢ ᠲᠡᠯᠭᠡᠷᠡᠬᠦᠯᠬᠦ ᠪᠣᠯ ᠮᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠢᠨᠵᠧᠨᠧᠷᠢᠩ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠪᠣᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠶᠢ ᠡᠭᠦᠳᠬᠦ᠂ ᠠᠵᠤ ᠠᠬᠤᠶᠢᠯᠠᠯ ᠳᠤ ᠳᠥᠭᠦᠮ ᠦᠵᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠴᠢᠨᠠᠬᠰᠢᠳᠠ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠶᠡᠬᠡᠪᠡᠷ ᠠᠬᠢᠭᠤᠯᠬᠤ ᠶᠢᠨ ᠲᠦᠯᠦᠭᠡ᠂  ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ 20 ᠤ ᠡᠳᠦᠷ ᠠᠴᠠ ᠡᠬᠢᠯᠡᠨ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠰᠠᠨᠠᠯ ᠤᠨ ᠪᠢᠴᠢᠭ ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠲᠥᠯᠥᠪᠵᠢᠭᠦᠯᠭᠡ ᠶᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠨᠡᠮᠯᠡᠯ ᠵᠡᠷᠭᠡ ᠶᠢ ᠦᠭᠭᠦ ᠳᠡᠭᠡᠨ ᠤᠯᠠᠨ ᠤᠳᠠᠭ᠎ᠠ ᠶᠢᠨ ᠬᠢᠨᠠᠨ ᠰᠢᠯᠭᠠᠯᠳᠠ ᠶᠢ ᠦᠡᠭᠭᠡᠷᠡᠭᠦᠯᠦᠭᠡᠳ ᠰᠠᠶ᠋ᠢ ᠦᠨᠡᠮᠯᠡᠯ ᠦᠭᠴᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠡᠯᠧᠺᠲᠷᠣᠨ ᠦᠨᠡᠮᠯᠡᠯ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠪᠡ᠃ ᠠᠵᠢᠯᠯᠠᠬᠤ ᠶᠠᠪᠤᠴᠠ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠬᠢᠨᠠᠨ ᠵᠥᠪᠰᠢᠶᠡᠷᠡᠬᠦ ᠠᠵᠢᠯ ᠤᠨ ᠠᠵᠢᠯᠲᠠᠳ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠦᠨᠡᠮᠯᠡᠯ ᠦᠭᠭᠦ ᠪᠠᠷ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠦᠨᠡᠮᠯᠡᠯ ᠦᠢᠯᠡᠳᠬᠦ᠂ ᠲᠠᠮᠠᠭ᠎ᠠ ᠳᠠᠷᠤᠬᠤ ᠭᠤᠭᠴᠤᠭ᠎ᠠ ᠶᠢ ᠰᠣᠩᠭᠤᠪᠠᠯ ᠳᠠᠷᠤᠶ ᠡᠯᠧᠺᠲᠷᠣᠨ ᠦᠨᠡᠮᠯᠡᠯ ᠢ ᠦᠢᠯᠡᠳᠴᠦ᠂ ᠡᠯᠧᠺᠲᠷᠣᠨ ᠦᠨᠡᠮᠯᠡᠯ ᠢ ᠭᠠᠷᠭᠠᠨ᠎ᠠ︔ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠬᠤᠭᠤᠷᠣᠨᠳᠣ ᠪᠠᠨ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠭᠦᠯᠡᠨ ᠲᠠᠪᠴᠠᠩ ᠤᠨ ᠡᠯᠧᠺᠲᠷᠣᠨ ᠦᠨᠡᠮᠯᠡᠯ ᠤᠨ ᠬᠥᠮᠥᠷᠭᠡ ᠠᠴᠠ ᠡᠯᠧᠺᠲᠷᠣᠨ ᠦᠨᠡᠮᠯᠡᠯ ᠢ ᠡᠷᠢᠵᠦ ᠭᠠᠷᠭᠠᠵᠤ ᠪᠣᠯᠤᠨ᠎ᠠ︔ ᠡᠭᠦᠨ ᠤ ᠬᠠᠮᠲᠤ᠂ ᠭᠤᠶᠤᠴᠢᠯᠠᠭᠴᠢ ᠨᠢ ᠭᠤᠶᠤᠴᠢᠯᠠᠨ ᠮᠡᠳᠡᠭᠦᠯᠦᠭᠰᠡᠨ ᠲᠠᠩᠰᠠᠨ ᠨᠣᠮᠧᠷ ᠢᠶᠠᠷ ᠢᠶᠠᠨ ᠡᠯᠧᠺᠲᠷᠣᠨ ᠦᠨᠡᠮᠯᠡᠯ ᠢ ᠪᠠᠭᠤᠯᠭᠠᠨ ᠠᠪᠴᠤ ᠬᠠᠳᠠᠭᠠᠯᠠᠵᠤ ᠪᠣᠯᠤᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠤᠬᠳᠠᠭᠠᠬᠰᠠᠨ ᠠᠰᠲᠠᠭᠠᠨ ᠲᠣᠭᠲᠠᠭᠠᠯ ᠢ ᠭᠠᠷᠭᠠᠪᠠᠯ᠂ ᠡᠯᠧᠺᠲᠷᠣᠨ ᠦᠨᠡᠮᠯᠡᠯ ᠢᠶᠠᠷ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠵᠦᠢᠯᠡᠰ ᠢ ᠰᠢᠢᠳᠪᠦᠷᠢᠯᠡᠬᠦ ᠦᠨᠳᠦᠰᠦᠯᠡᠯ ᠪᠣᠯᠭᠠᠵᠤ ᠪᠣᠯᠤᠨ᠎ᠠ᠃       ᠡᠯᠧᠺᠲᠷᠣᠨ ᠦᠨᠡᠮᠯᠡᠯ ᠢ ᠬᠡᠷᠡᠭᠯᠡᠬᠦ ᠠᠵᠢᠯ ᠢ ᠪᠦᠬᠦ ᠲᠠᠯ᠎ᠠ ᠪᠠᠷ ᠡᠬᠢᠯᠡᠬᠦᠯᠦᠭᠰᠡᠨ ᠶᠠᠪᠤᠳᠠᠯ ᠨᠢ᠂ ᠪᠦᠬᠦ ᠶᠠᠪᠤᠴᠠ ᠳᠤ ᠡᠯᠧᠺᠲᠷᠣᠨᠴᠢᠯᠡᠭᠰᠡᠨ ᠬᠢᠨᠠᠨ ᠵᠥᠪᠰᠢᠶᠡᠷᠡᠯ ᠬᠢᠬᠦ᠂ ᠣᠯᠠᠨ ᠲᠦᠮᠡᠨ ᠳᠤ ᠦᠢᠯᠡᠴᠢᠯᠡᠬᠦ ︽ᠬᠠᠮᠤᠭ ᠡᠴᠦᠰ ᠤᠨ ᠨᠢᠭᠡ ᠠᠯᠬᠤᠮ ᠵᠠᠢ ᠶᠢ ᠨᠡᠪᠳᠡᠷᠡᠬᠦᠯᠬᠦ︾ ᠶᠢ ᠪᠡᠶᠡᠯᠡᠭᠦᠯᠵᠦ᠂ ᠭᠤᠶᠤᠴᠢᠯᠠᠭᠴᠢ ᠬᠢᠨᠠᠨ ᠵᠥᠪᠰᠢᠶᠡᠷᠡᠬᠦ ᠴᠣᠩᠬᠤᠨ ᠳᠤ ᠬᠦᠷᠴᠦ ᠦᠨᠡᠮᠯᠡᠯ ᠠᠪᠬᠤ ᠴᠢᠬᠤᠯᠠ ᠦᠭᠡᠢ ︽ᠨᠢᠭᠡ ᠰᠦᠯᠵᠢᠶ᠎ᠡ ᠪᠠᠷ ᠪᠦᠬᠦᠨ ᠢ  ᠰᠢᠢᠳᠪᠦᠷᠢᠯᠡᠬᠦ︾ ᠪᠤᠯᠵᠤ᠂ ᠠᠵᠤ ᠠᠬᠤᠶᠢᠯᠠᠯ ᠤᠨ ᠦᠨᠡᠮᠯᠡᠯ ᠠᠪᠬᠤ ᠪᠠᠷ ᠬᠦᠶᠦᠳᠡᠭ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠠᠵᠤ ᠠᠬᠤᠶᠢᠯᠠᠯ ᠤᠨ ᠠᠵᠢᠯ ᠶᠠᠪᠤᠳᠠᠯ ᠡᠷᠬᠢᠯᠡᠬᠦ ᠴᠠᠭ ᠢ ᠪᠣᠭᠤᠨᠢᠰᠬᠠᠪᠠ᠃ ᠡᠭᠦᠨ ᠤ ᠬᠠᠮᠲᠤ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠦᠨᠡᠮᠯᠡᠯ ᠤᠨ ᠬᠥᠮᠥᠷᠭᠡ ᠳᠠᠬᠢ ᠡᠯᠧᠺᠲᠷᠣᠨ ᠦᠨᠡᠮᠯᠡᠯ ᠢ ᠰᠢᠯᠵᠢᠭᠦᠯᠦᠨ ᠬᠡᠷᠡᠭᠯᠡᠬᠦ ᠪᠠᠷ ᠳᠠᠮᠵᠢᠨ ᠬᠠᠮᠢᠶ᠎ᠠ ᠪᠦᠬᠦᠢ ᠮᠠᠲ᠋ᠧᠷᠢᠶᠠᠯ ᠢ ᠬᠠᠮᠲᠤᠪᠠᠷ ᠦᠵᠡᠵᠦ ᠪᠤᠯᠤᠨ᠎ᠠ᠂ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠳᠥᠭᠦᠮ ᠳᠥᠲᠡ ᠴᠢᠨᠠᠷ ᠪᠠ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ  ᠦᠢᠯᠡᠴᠢᠯᠡᠭᠡ︾ ᠶᠢ ᠶᠡᠭᠡ ᠪᠠᠷ ᠠᠬᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ ᠥᠭᠬᠦᠭᠰᠡᠨ ᠪᠠᠶᠢᠨ᠎ᠠ᠃    http://mongol.people.com.cn/15829221.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ