2021ᠤᠨ ᠤ ᠦᠪᠦᠷ ᠮᠤᠩᠭᠤᠯ ᠤᠨ ᠡᠩ ᠤᠨ ᠶᠡᠭᠡ ᠲᠡᠭᠡᠲᠦ ᠰᠤᠷᠭᠠᠭᠤᠯᠢ ᠶᠢᠨ ᠤᠷᠠᠯᠢᠭ ᠤᠨ  ᠲᠦᠷᠦᠯ ᠤᠨ ᠰᠤᠷᠤᠭᠴᠢ ᠡᠯᠰᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2020/11/10
     ᠦᠪᠦᠷ ᠮᠤᠩᠭᠤᠯ ᠤᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠯᠢᠦ ᡁᠢ ᠰᠢᠶᠠᠨ︶ ᠡᠮᠦᠨᠡᠬᠡᠨ ᠦᠪᠡᠷᠲᠡᠭᠡᠨ ᠵᠠᠰᠠᠬᠤ ᠤᠷᠤᠨ ᠤ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ︽2021 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠩ ᠤᠨ  ᠶᠡᠭᠡ ᠲᠡᠭᠡᠲᠦ ᠰᠤᠷᠭᠠᠭᠤᠯᠢ ᠶᠢᠨ ᠤᠷᠠᠯᠢᠭ ᠤᠨ ᠲᠦᠷᠦᠯ ᠤᠨ ᠰᠤᠷᠤᠭᠴᠢ ᠡᠯᠰᠡᠬᠦ ᠠᠵᠢᠯ ᠢ ᠰᠠᠶᠢᠳᠤᠷ ᠬᠢᠬᠦ ᠲᠤᠬᠠᠢ ᠮᠡᠲᠡᠭᠲᠡᠯ︾  ᠪᠠᠭᠤᠯᠭᠠᠬᠰᠠᠨ ᠨᠢ 2021ᠤᠨ ᠤ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠲᠡᠭᠡᠲᠦ ᠰᠤᠷᠭᠠᠭᠤᠯᠢ ᠶᠢᠨ ᠤᠷᠠᠯᠢᠭ ᠤᠨ  ᠲᠦᠷᠦᠯ ᠤᠨ ᠰᠤᠷᠤᠭᠴᠢ ᠡᠯᠰᠡᠬᠦ ᠠᠵᠢᠯ ᠡᠬᠢᠯᠡᠭᠰᠡᠨ ᠢ ᠬᠠᠷᠠᠭᠤᠯᠵᠤ ᠪᠠᠶᠢᠨ᠎ᠠ᠃     ᠤᠶᠢᠯᠠᠭᠠᠬᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠡᠩ ᠤᠨ ᠶᠡᠭᠡ ᠲᠡᠭᠡᠲᠦ ᠰᠤᠷᠭᠠᠭᠤᠯᠢ ᠶᠢᠨ  ᠤᠷᠠᠯᠢᠭ ᠤᠨ ᠲᠦᠷᠦᠯ ᠤᠨ ᠰᠤᠷᠤᠭᠴᠢ ᠡᠯᠰᠡᠯᠲᠡ ᠤᠷᠠᠨ ᠵᠢᠷᠤᠭ ᠤᠨ ᠲᠦᠷᠦᠯ᠂ ᠲᠠᠭᠤᠤ ᠬᠦᠭᠵᠢᠮ ᠤᠨ  ᠲᠦᠷᠦᠯ᠂ ᠨᠠᠶᠢᠷᠠᠭᠤᠯᠬᠤ ᠤᠳᠤᠷᠢᠳᠤᠭᠠᠴᠢᠯᠠᠬᠤ ᠪᠠ ᠪᠤᠰᠤᠳ ᠤᠷᠠᠯᠢᠭ ᠤᠨ ᠲᠦᠷᠦᠯ ᠬᠤᠪᠢᠶᠠᠨ᠎ᠠ᠃ ᠡᠬᠦᠨ ᠳᠤ᠂ ᠤᠷᠠᠨ ᠵᠢᠷᠤᠭ ᠤᠨ ᠲᠦᠷᠦᠯ ᠨᠢ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ︵ᠨᠡᠶᠢᠭᠡᠮ ᠤᠨ ᠰᠢᠨᠵᠢᠯᠡᠯ︶᠂ ᠬᠢᠲᠠᠳ ᠢᠶᠠᠷ ᠬᠢᠴᠢᠶᠡᠯᠯᠡᠬᠦ ᠤᠷᠠᠨ ᠵᠢᠷᠤᠭ ︵ᠪᠠᠶᠢᠭᠠᠯᠢ ᠶᠢᠨ  ᠰᠢᠨᠵᠢᠯᠡᠬᠦ ᠤᠬᠠᠭᠠᠨ︶᠂  ᠮᠤᠩᠭᠤᠯ ᠢᠶᠠᠷ ᠬᠢᠴᠢᠶᠡᠯᠯᠡᠬᠦ ᠤᠷᠠᠨ ᠵᠢᠷᠤᠭ ︵ᠨᠡᠶᠢᠭᠡᠮ ᠤᠨ  ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠬᠦ ᠤᠷᠠᠨ ᠵᠢᠷᠤᠭ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠵᠡᠷᠭᠡ ᠨᠡᠷ᠎ᠡ ᠮᠡᠲᠡᠬᠦᠯᠵᠦ ᠰᠢᠯᠭᠠᠭᠤᠯᠬᠤ ᠲᠦᠷᠦᠯ ᠵᠦᠢᠯ ᠪᠠᠭᠲᠠᠨ᠎ᠠ︔  ᠲᠠᠭᠤᠤ  ᠬᠦᠭᠵᠢᠮ ᠤᠨ ᠲᠦᠷᠦᠯ ᠨᠢ ᠬᠢᠲᠠᠳ ᠢᠶᠠᠷ ᠬᠢᠴᠢᠶᠡᠯᠯᠡᠬᠦ ᠲᠠᠭᠤᠤ  ᠬᠦᠭᠵᠢᠮ ︵ᠨᠡᠶᠢᠭᠡᠮ ᠤᠨ  ᠰᠢᠨᠵᠢᠯᠡᠯ︶᠂ ᠬᠢᠲᠠᠳ ᠢᠶᠠᠷ ᠬᠢᠴᠢᠶᠡᠯᠯᠡᠬᠦ ᠲᠠᠭᠤᠤ ᠬᠦᠭᠵᠢᠮ ︵ᠪᠠᠶᠢᠭᠠᠯᠢ ᠶᠢᠨ ᠰᠢᠨᠵᠢᠯᠡᠬᠦ ᠤᠬᠠᠭᠠᠨ︶᠂  ᠮᠤᠩᠭᠤᠯ ᠢᠶᠠᠷ ᠬᠢᠴᠢᠶᠡᠯᠯᠡᠬᠦ ᠲᠠᠭᠤᠤ  ᠬᠦᠭᠵᠢᠮ ︵ᠨᠡᠶᠢᠭᠡᠮ ᠤᠨ  ᠰᠢᠨᠵᠢᠯᠡᠯ︶᠂ ᠮᠤᠩᠭᠤᠯ ᠢᠶᠠᠷ ᠬᠢᠴᠢᠶᠡᠯᠯᠡᠬᠦ  ᠲᠠᠭᠤᠤ  ᠬᠦᠭᠵᠢᠮ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠪᠠᠭᠲᠠᠨ᠎ᠠ︔ ᠨᠠᠶᠢᠷᠠᠭᠤᠯᠬᠤ ᠤᠳᠤᠷᠢᠳᠤᠭᠠᠴᠢᠯᠠᠬᠤ  ᠲᠦᠷᠦᠯ ᠨᠢ ᠬᠢᠲᠠᠳ ᠢᠶᠠᠷ ᠨᠠᠶᠢᠷᠠᠭᠤᠯᠬᠤ ᠤᠳᠤᠷᠢᠳᠤᠭᠠᠴᠢᠯᠠᠬᠤ ︵ᠨᠡᠶᠢᠭᠡᠮ ᠤᠨ ᠰᠢᠨᠵᠢᠯᠡᠯ︶᠂ ᠬᠢᠲᠠᠳ ᠢᠶᠠᠷ ᠨᠠᠶᠢᠷᠠᠭᠤᠯᠬᠤ ᠤᠳᠤᠷᠢᠳᠤᠭᠠᠴᠢᠯᠠᠬᠤ ︵ᠪᠠᠶᠢᠭᠠᠯᠢ ᠶᠢᠨ ᠰᠢᠨᠵᠢᠯᠡᠬᠦ ᠤᠬᠠᠭᠠᠨ︶ ᠪᠠᠭᠲᠠᠨ᠎ᠠ︔ ᠪᠤᠰᠤᠳ ᠤᠷᠠᠯᠢᠭ ᠤᠨ ᠲᠦᠷᠦᠯ ᠨᠢ ᠬᠢᠲᠠᠳ ᠢᠶᠠᠷ ᠬᠢᠴᠢᠶᠡᠯᠯᠡᠬᠦ ᠪᠤᠰᠤᠳ ᠤᠷᠠᠯᠢᠭ ᠤᠨ ᠲᠦᠷᠦᠯ  ︵ᠨᠡᠶᠢᠭᠡᠮ ᠤᠨ ᠰᠢᠨᠵᠢᠯᠡᠯ︶᠂ ᠬᠢᠲᠠᠳ ᠢᠶᠠᠷ ᠬᠢᠴᠢᠶᠡᠯᠯᠡᠬᠦ ᠪᠤᠰᠤᠳ ᠤᠷᠠᠯᠢᠭ ᠤᠨ ᠲᠦᠷᠦᠯ ︵ᠪᠠᠶᠢᠭᠠᠯᠢ ᠶᠢᠨ ᠰᠢᠨᠵᠢᠯᠡᠬᠦ ᠤᠬᠠᠭᠠᠨ︶᠂ ᠮᠤᠩᠭᠤᠯ ᠢᠶᠠᠷ ᠬᠢᠴᠢᠶᠡᠯᠯᠡᠬᠦ ᠪᠤᠰᠤᠳ ᠤᠷᠠᠯᠢᠭ  ᠤᠨ ᠲᠦᠷᠦᠯ ︵ᠨᠡᠶᠢᠭᠡᠮ ᠤᠨ ᠰᠢᠨᠵᠢᠯᠡᠯ  ︶᠂ ᠮᠤᠩᠭᠤᠯ ᠢᠶᠠᠷ ᠬᠢᠴᠢᠶᠡᠯᠯᠡᠬᠦ ᠪᠤᠰᠤᠳ ᠤᠷᠠᠯᠢᠭ ᠤᠨ ᠲᠦᠷᠦᠯ ︵ᠪᠠᠶᠢᠭᠠᠯᠢ ᠶᠢᠨ  ᠰᠢᠨᠵᠢᠯᠡᠬᠦ ᠤᠬᠠᠭᠠᠨ︶  ᠪᠠᠭᠲᠠᠨ᠎ᠠ᠃      ᠤᠳᠤᠬᠠᠨ ᠳᠤ᠂ ᠤᠷᠠᠯᠢᠭ ᠤᠨ ᠲᠦᠷᠦᠯ ᠤᠨ ᠨᠢᠭᠡᠲᠦᠯᠲᠡᠢ ᠰᠢᠯᠭᠠᠯᠲᠠ ᠶᠢᠨ ᠴᠠᠭ ᠴᠤ ᠭᠠᠷᠤᠭᠠᠳ ᠢᠷᠡᠭᠰᠡᠨ᠃ ᠤᠷᠠᠨ ᠵᠢᠷᠤᠭ ᠤᠨ ᠲᠦᠷᠦᠯ ᠤᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠢᠨ ᠴᠠᠭ ᠨᠢ 2021ᠤᠨ ᠤᠨ 1 ᠳ᠋ᠤᠭᠡᠷ ᠰᠠᠷ᠎ᠠ ᠶᠢᠨ 10   ᠤ ᠡᠲᠦᠷ᠂ ᠡᠬᠦᠨ ᠳᠤ ᠪᠤᠲᠤᠭᠲᠤ ᠵᠢᠷᠤᠭ  ᠤᠨ ᠰᠢᠯᠭᠠᠭᠤᠯᠢ 8  ᠄ 30 — 11᠄ 30︔  ᠪᠤᠷᠤ ᠵᠢᠷᠤᠭ 14᠄ 00——17᠄ 00᠂ ᠲᠠᠲᠠᠯᠭᠠᠨ ᠵᠢᠷᠤᠭ 17᠄ 10 — 17᠄ 40 ᠃ ᠲᠠᠭᠤᠤ  ᠬᠦᠭᠵᠢᠮ ᠤᠨ ᠲᠦᠷᠦᠯ ᠤᠨ ᠨᠢᠭᠡᠲᠦᠯᠲᠡᠢ ᠰᠢᠯᠭᠠᠯᠲᠠ ᠶᠢᠨ ᠪᠢᠷ ᠤᠨ ᠰᠢᠯᠭᠠᠯᠲᠠ ᠶᠢᠨ ᠴᠠᠭ   ᠨᠢ 2021 ᠤᠨ ᠤᠨ 1 ᠳ᠋ᠤᠭᠡᠷ ᠰᠠᠷ᠎ᠠ ᠶᠢᠨ 10   ᠤ ᠡᠲᠦᠷ ᠤᠨ 9᠄ 00—11᠄ 00︔ ᠨᠢᠭᠤᠷᠲᠠᠬᠤ ᠰᠢᠯᠭᠠᠯᠲᠠ 2021 ᠤᠨ ᠤ 1 ᠳ᠋ᠤᠭᠡᠷ ᠰᠠᠷ᠎ᠠ ᠶᠢᠨ 14   ᠤ  ᠡᠲᠦᠷ  ᠡᠬᠢᠯᠡᠵᠦ᠂ 23   ᠤ ᠡᠲᠦᠷ ᠲᠠᠭᠤᠰᠬᠠᠬᠤ ᠪᠠᠷ ᠵᠢᠱᠢᠵᠦ ᠪᠤᠢ᠃ ᠨᠠᠶᠢᠷᠠᠭᠤᠯᠬᠤ ᠤᠳᠤᠷᠢᠳᠤᠭᠠᠴᠢᠯᠠᠬᠤ ᠲᠦᠷᠦᠯ   ᠤᠨ ᠲᠤᠰᠬᠠᠢ ᠮᠡᠷᠭᠡᠵᠢᠯ   ᠤᠨ ᠨᠢᠭᠡᠲᠦᠯᠲᠡᠢ ᠰᠢᠯᠭᠠᠯᠲᠠ   ᠶᠢᠨ ᠰᠢᠯᠭᠠᠭᠤᠯᠢ ᠶᠢᠨ ᠵᠦᠢᠯ ᠪᠢᠷ ᠤᠨ ᠰᠢᠯᠭᠠᠯᠲᠠ ᠨᠢᠭᠡ ᠪᠠ ᠪᠢᠷ ᠤᠨ ᠰᠢᠯᠭᠠᠯᠲᠠ ᠬᠤᠶᠠᠷ ᠵᠦᠢᠯ ᠢᠶᠠᠷ ᠶᠠᠪᠤᠭᠲᠠᠨ᠎ᠠ᠃ ᠪᠢᠷ ᠤᠨ ᠰᠢᠯᠭᠠᠯᠲᠠ ᠨᠢᠭᠡ ᠳᠤ  ᠤᠳᠬ᠎ᠠ ᠵᠤᠬᠢᠶᠠᠯ ᠤᠷᠠᠯᠢᠭ ᠤᠨ ᠶᠡᠷᠦ ᠶᠢᠨ ᠮᠡᠲᠡᠯᠭᠡ᠂ ᠰᠡᠳᠦᠪ ᠦᠭᠴᠦ ᠵᠤᠬᠢᠶᠠᠨ ᠪᠢᠴᠢᠬᠦᠯᠬᠦ᠂ ᠪᠦᠲᠦᠭᠡᠯᠴᠢ ᠰᠠᠨᠠᠭ᠎ᠠ ᠪᠦᠬᠦᠢ ᠤᠬᠠᠭᠠᠯᠠᠯ ᠲᠦᠰᠦᠪᠯᠡᠯ ᠪᠠᠭᠲᠠᠨ᠎ᠠ︔ ᠪᠢᠷ ᠤᠨ ᠰᠢᠯᠭᠠᠯᠲᠠ ᠬᠤᠶᠠᠷ ᠲᠤ ᠺᠢᠨᠤ᠋ ᠲᠧᠯᠸᠢᠰ ᠵᠦᠴᠦᠭᠡ  ᠪᠦᠲᠦᠭᠡᠯ ᠢ ᠰᠢᠨᠵᠢᠯᠡᠬᠦ᠂ ᠺᠢᠨᠤ᠋ ᠲᠧᠯᠸᠢᠰ ᠵᠦᠴᠦᠭᠡ  ᠪᠦᠲᠦᠭᠡᠯ ᠢ  ᠰᠢᠬᠦᠮᠵᠢᠯᠡᠬᠦ ᠪᠠᠭᠲᠠᠨ᠎ᠠ᠃ ᠰᠢᠯᠭᠠᠭᠤᠯᠬᠤ ᠴᠠᠭ ᠨᠢ 2021 ᠤᠨ ᠤ 1 ᠳ᠋ᠤᠭᠡᠷ ᠰᠠᠷ᠎ᠠ ᠶᠢᠨ 10 ᠤ ᠡᠲᠦᠷ ᠡᠬᠢᠯᠡᠵᠦ᠂ ᠡᠬᠦᠨ ᠳᠤ ᠪᠢᠷ ᠤᠨ ᠰᠢᠯᠭᠠᠯᠲᠠ ᠨᠢᠭᠡ 9᠄ 00—11᠄ 3 0︔  ᠪᠢᠷ ᠤᠨ ᠰᠢᠯᠭᠠᠯᠲᠠ ᠬᠤᠶᠠᠷ 14᠄30——17᠄ 00᠃ http://mongol.people.com.cn/15829191.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ