ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠷᠪᠠᠨ ᠳᠦᠷᠢᠮ ᠤᠨ ᠲᠠᠶᠢᠯᠤᠮᠵᠢ
ᠨᠡᠶᠢᠲᠡᠯᠡᠭᠰᠡᠨ ᠴᠠᠭ᠄
2020/11/11
      ᠨᠢᠭᠡ᠂ ᠲᠣᠭᠲᠠᠭᠠᠭᠰᠠᠨ ᠠᠬᠤᠢ ᠪᠠᠶᠢᠳᠠᠯ      ᠳᠤᠷ᠎ᠠ ᠪᠠᠷ ᠬᠠᠤᠯᠢ ᠬᠡᠷᠡᠭᠵᠢᠭᠦᠯᠬᠦ᠂ ᠬᠠᠤᠯᠢ ᠬᠡᠷᠡᠭᠵᠢᠭᠦᠯᠬᠦ ᠲᠠᠢ ᠡᠰᠡᠷᠭᠦᠴᠡᠯᠳᠦᠬᠦ ᠵᠡᠷᠭᠡ ᠪᠠᠶᠢᠳᠠᠯ ᠳᠤ ᠴᠢᠭᠯᠡᠭᠦᠯᠦᠨ᠂ ᠮᠠᠨ ᠤ ᠤᠯᠤᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠵᠡᠷᠭᠡ  ᠭᠤᠷᠪᠠᠨ ᠳᠦᠷᠢᠮ ᠢ ᠬᠡᠷᠡᠭᠵᠢᠭᠦᠯᠵᠦ᠂ ᠬᠠᠤᠯᠢ ᠶᠢ ᠡᠷᠡᠰ ᠴᠢᠩᠭ᠎ᠠ ᠬᠡᠷᠡᠭᠵᠢᠭᠦᠯᠬᠦ᠂ ᠬᠢᠯᠢᠰᠳᠡᠭᠦᠯᠬᠦ ᠦᠭᠡᠢ ᠳᠤᠷ᠎ᠠ ᠪᠠᠷ ᠲᠠᠯᠪᠢᠬᠤ ᠦᠭᠡᠢ ᠪᠠᠶᠢᠬᠤ ᠶᠢ ᠪᠠᠲᠤᠯᠠᠪᠠ᠃      ᠣᠳᠣᠬᠠᠨ ᠳᠤ᠂ ᠮᠠᠨ ᠤ ᠤᠯᠤᠰ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠣᠯᠠᠨ᠂ ᠬᠦᠷᠢᠶ᠎ᠡ ᠬᠡᠪᠴᠢᠶ᠎ᠡ ᠬᠦᠷᠢᠶ᠎ᠡ ᠴᠠᠷᠠᠭ᠎ᠠ ᠥᠷᠭᠡᠨ᠂ ᠦᠢᠯᠡ ᠠᠵᠢᠯᠯᠠᠭ᠎ᠠ ᠶᠢᠨ ᠲᠤᠭ᠎ᠠ ᠬᠡᠮᠵᠢᠶ᠎ᠡ ᠶᠡᠭᠡ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠬᠡᠷᠬᠢᠨ ᠨᠡᠩ ᠬᠠᠲᠠᠭᠤ᠂ ᠵᠢᠷᠤᠮᠵᠢᠯ ᠲᠠᠢ᠂ ᠲᠥᠪ ᠭᠤᠣᠯᠴᠢ᠂ ᠪᠣᠯᠪᠠᠰᠤᠨ ᠪᠣᠯᠭᠠᠬᠤ ᠤᠴᠢᠷ ᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠢᠯᠡ ᠨᠡᠶᠢᠲᠡᠯᠡᠬᠦ ᠲᠦᠷᠢᠮ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠭᠤᠷᠪᠠᠨ ᠳᠦᠷᠢᠮ ᠨᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢᠨ ᠡᠬᠢ᠂ ᠶᠠᠪᠤᠴᠠ᠂ ᠦᠷ᠎ᠡ ᠳ᠋ᠦᠩ ᠵᠡᠷᠭᠡ ᠵᠠᠩᠭᠢᠯᠠᠭ᠎ᠠ ᠶᠢᠨ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠡᠢ᠃      ᠬᠤᠶᠠᠷ᠂ ᠪᠣᠳᠠᠲᠠᠢ ᠬᠡᠷᠡᠭᠵᠢᠭᠦᠯᠦᠯᠲᠡ      1.ᠢᠯᠡ ᠨᠡᠶᠢᠲᠡᠯᠡᠬᠦ ᠳᠦᠷᠢᠮ᠄ ︽ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠨ᠎ᠡ︾       ᠢᠯᠡ ᠨᠡᠶᠢᠲᠡᠯᠡᠬᠦ ᠳᠦᠷᠢᠮ ᠳᠤ ᠰᠠᠨᠠᠯ ᠲᠣᠳᠣᠷᠬᠠᠢ ᠪᠠᠶᠢᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠪᠠᠶᠢᠭᠤᠯᠭ᠎ᠠ ︽ᠬᠡᠨ ᠬᠠᠤᠯᠢ ᠬᠡᠷᠡᠭᠵᠢᠭᠦᠯᠪᠡᠯ ᠬᠡᠨ ᠨᠡᠶᠢᠲᠡᠯᠡᠬᠦ︾ ᠵᠠᠷᠴᠢᠮ ᠶᠣᠰᠣᠭᠠᠷ᠂ ᠬᠡᠷᠡᠭ ᠤᠴᠢᠷ ᠤᠨ ᠡᠮᠦᠨ᠎ᠡ ᠨᠡᠶᠢᠲᠡᠯᠡᠬᠦ ᠶᠢ ᠴᠢᠩᠭᠠᠳᠬᠠᠬᠤ᠂ ᠬᠡᠷᠡᠭ ᠤᠴᠢᠷ ᠤᠨ ᠳᠤᠮᠳᠠ ᠵᠠᠷᠯᠠᠬᠤ ᠶᠢ ᠵᠢᠷᠤᠮᠵᠢᠭᠤᠯᠬᠤ᠂ ᠬᠡᠷᠡᠭ ᠤᠴᠢᠷ ᠤᠨ ᠳᠠᠷᠠᠭ᠎ᠠ ᠢᠯᠡ ᠪᠣᠯᠭᠠᠬᠤ ᠶᠢ ᠴᠢᠩᠭᠠᠳᠬᠠᠬᠤ ᠵᠡᠷᠭᠡ ᠭᠤᠷᠪᠠᠨ ᠲᠠᠯ᠎ᠠ ᠠᠴᠠ ᠢᠯᠡ ᠨᠡᠶᠢᠲᠡᠯᠡᠬᠦ ᠭᠤᠣᠯ ᠴᠣᠭᠴᠠ᠂ ᠠᠭᠤᠯᠭ᠎ᠠ᠂ ᠬᠡᠯᠪᠡᠷᠢ ᠮᠠᠶ᠋ᠢᠭ ᠵᠡᠷᠭᠡ ᠳᠤ ᠲᠣᠳᠣᠷᠬᠠᠢ ᠲᠣᠭᠲᠠᠭᠠᠯ ᠭᠠᠷᠭᠠᠵᠠᠢ᠃ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠬᠠᠤᠯᠢ ᠬᠡᠷᠡᠭᠵᠢᠭᠦᠯᠬᠦ ᠨᠥᠭᠦᠭᠡ ᠲᠠᠯ᠎ᠠ᠂ ᠬᠠᠤᠯᠢ ᠬᠡᠷᠡᠭᠵᠢᠭᠦᠯᠬᠦ ᠲᠥᠷᠥᠯ ᠢᠯᠭᠠᠯ᠂ ᠬᠠᠤᠯᠢ ᠬᠡᠷᠡᠭᠵᠢᠭᠦᠯᠦᠭᠰᠡᠨ ᠳ᠋ᠦᠩᠨᠡᠯᠲᠡ ᠵᠡᠷᠭᠡ ᠮᠡᠳᠡᠭᠡ ᠵᠠᠩᠭᠢ ᠶᠢ ᠨᠡᠶᠢᠭᠡᠮ ᠳᠤ ᠢᠯᠡ ᠨᠡᠶᠢᠳᠡᠯᠡᠵᠦ᠂ ᠨᠡᠶᠢᠭᠡᠮ ᠤᠨ ᠬᠢᠨᠠᠯᠳᠠ ᠶᠢ ᠬᠦᠯᠢᠶᠡᠨ᠎ᠡ᠃      2. ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠵᠦ  ᠪᠦᠬᠦ ᠶᠠᠪᠤᠴᠠ ᠳᠤ ᠮᠥᠷ ᠦᠯᠡᠳᠡᠭᠡᠨ ᠪᠤᠴᠠᠵᠤ ᠮᠦᠷᠳᠡᠵᠦ ᠪᠣᠯᠬᠤ      ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠨᠢ ᠬᠠᠤᠯᠢ ᠬᠡᠷᠡᠭᠵᠢᠭᠦᠯᠬᠦ ᠶᠠᠪᠤᠴᠠ ᠶᠢᠨ ᠬᠠᠤᠯᠢ ᠶᠣᠰᠣᠨ ᠳᠤ ᠨᠡᠶᠢᠴᠡᠬᠦ ᠶᠢ ᠬᠠᠷᠠᠭᠤᠯᠵᠤ ᠪᠠᠶᠢᠨ᠎ᠠ᠃ ᠵᠢᠯᠣᠭᠤᠳᠬᠤ ᠰᠠᠨᠠᠯ ᠳᠤ ᠲᠣᠳᠣᠷᠬᠠᠶᠢᠯᠠᠭᠰᠠᠨ ᠨᠢ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ  ᠪᠠᠶᠢᠭᠤᠯᠭ᠎ᠠ ᠨᠢ ᠦᠰᠦᠭ ᠪᠢᠴᠢᠭ᠂ ᠳᠠᠭᠤ ᠳᠦᠷᠰᠦ ᠰᠢᠩᠭᠡᠭᠡᠯᠲᠡ ᠵᠡᠷᠭᠡ ᠲᠡᠮᠳᠡᠭᠯᠡᠯ ᠤᠨ ᠠᠷᠭ᠎ᠠ ᠬᠡᠯᠪᠡᠷᠢ ᠪᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠬᠢᠯᠡᠭᠦᠯᠬᠦ᠂  ᠪᠠᠶᠢᠴᠠᠭᠠᠵᠤ ᠭᠡᠷᠡᠴᠢ ᠠᠪᠬᠤ ᠵᠡᠷᠭᠡ ᠪᠦᠬᠦ ᠶᠠᠪᠤᠴᠠ ᠶᠢ ᠲᠡᠮᠳᠡᠭᠯᠡᠵᠦ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ ᠮᠥᠷ ᠦᠯᠡᠳᠡᠭᠡᠵᠦ ᠪᠤᠴᠠᠵᠤ ᠮᠥᠷᠳᠡᠵᠦ ᠪᠣᠯᠬᠤ ᠪᠠᠷ ᠬᠠᠮᠢᠶᠠᠷᠤᠨ᠎ᠠ᠃ ᠡᠳ᠋ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠵᠦ ᠬᠤᠷᠢᠶᠠᠨ ᠠᠪᠬᠤ᠂ ᠠᠯᠪᠠᠳᠠᠯᠭ᠎ᠠ ᠪᠠᠷ ᠨᠤᠷᠠᠭᠠᠬᠤ ᠵᠡᠷᠭᠡ ᠬᠤᠪᠢ ᠬᠥᠮᠥᠨ ᠤ ᠡᠷᠬᠡ ᠴᠢᠯᠦᠭᠡ᠂ ᠠᠮᠢ ᠨᠠᠰᠤ ᠡᠷᠡᠭᠦᠯ ᠴᠢᠭᠢᠷᠠᠭ᠂ ᠴᠢᠬᠤᠯᠠ ᠶᠡᠭᠡ ᠡᠳ᠋ ᠬᠥᠷᠥᠩᠭᠡ ᠶᠢᠨ ᠡᠷᠬᠡ ᠠᠰᠢᠭ ᠲᠠᠢ ᠬᠤᠯᠪᠣᠭᠳᠠᠬᠤ ᠠᠬᠤᠢ ᠲᠠᠯᠠᠪᠠᠢ ᠳᠡᠭᠡᠷᠡᠬᠢ ᠬᠠᠤᠯᠢ ᠬᠡᠷᠡᠭᠵᠢᠭᠦᠯᠬᠦ ᠠᠵᠢᠯᠯᠠᠭ᠎ᠠ ᠪᠠ ᠬᠠᠤᠯᠢ ᠬᠡᠷᠡᠭᠵᠢᠭᠦᠯᠦᠨ ᠬᠡᠷᠡᠭ ᠰᠢᠢᠳᠬᠡᠬᠦ ᠭᠠᠵᠠᠷ ᠲᠤ ᠪᠦᠬᠦ ᠶᠠᠪᠤᠴᠠ ᠳᠤ ᠳᠠᠭᠤ ᠳᠦᠷᠰᠦ ᠰᠢᠩᠭᠡᠭᠡᠯᠲᠡ ᠪᠠᠷ ᠲᠡᠮᠳᠡᠭᠯᠡᠬᠦ ᠬᠡᠷᠡᠭᠲᠡᠢ᠃      3. ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠡᠷᠬᠡᠪᠰᠢ ᠬᠠᠤᠯᠢ ᠴᠠᠭᠠᠵᠠ ᠳᠤ ᠨᠡᠶᠢᠴᠡᠬᠦ ᠬᠢᠨᠠᠯᠲᠠ ᠶᠢ ᠥᠩᠭᠡᠷᠡᠭᠡᠭᠰᠡᠨ ᠪᠠᠶᠢᠬᠤ ᠬᠡᠷᠡᠭᠲᠡᠢ      ᠴᠢᠬᠤᠯᠠ ᠶᠡᠭᠡ ᠬᠠᠤᠯᠢ ᠬᠡᠷᠡᠭᠵᠢᠭᠦᠯᠬᠦ ᠲᠤᠭᠲᠠᠭᠠᠯ ᠤᠨ ᠬᠠᠤᠯᠢ ᠲᠦᠷᠢᠮ ᠤᠨ ᠬᠢᠨᠠᠯᠲᠠ ᠶᠢᠨ ᠳᠦᠷᠢᠮ ᠨᠢ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠨᠢ ᠡᠷᠬᠡᠪᠰᠢ ᠬᠠᠤᠯᠢ ᠴᠠᠭᠠᠵᠠ ᠳᠤ ᠨᠡᠶᠢᠴᠡᠬᠦ ᠬᠢᠨᠠᠯᠲᠠ ᠶᠢ ᠦᠩᠭᠡᠷᠡᠭᠡᠬᠦ ᠶᠢ ᠪᠠᠳᠤᠯᠠᠵᠤ᠂ ᠬᠠᠤᠯᠢ ᠬᠡᠷᠡᠭᠵᠢᠭᠦᠯᠦᠭᠴᠢ ᠲᠡᠭᠦᠨ ᠠᠴᠠ ᠳᠠᠪᠠᠵᠤ ᠪᠣᠯᠬᠤ ᠦᠭᠡᠢ᠃
 
ᠢᠷᠡᠯᠲᠡ᠄ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号