ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 18 ᠳ᠋ᠤᠭᠠᠷ ᠤᠳᠠᠭ᠎ᠠ ᠶᠢᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠰᠡᠳᠦᠪᠲᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/11
ᠵᠠᠩ ᠪᠠᠢ ᠴᠧᠩ ᠡᠷᠬᠢᠯᠡᠪᠡ      11 ᠳ᠋ᠦ᠋ᠭᠡᠷ ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ 18 ᠳ᠋ᠤᠭᠠᠷ ᠤᠳᠠᠭ᠎ᠠ ᠶᠢᠨ ᠬᠤᠷᠠᠯ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢ ᠮᠠᠤ ᠯᠢᠨ ᠰᠢᠨ᠎ᠡ ᠬᠤᠲᠠ ᠲᠣᠭᠤᠷᠢᠭ᠂ ᠢᠦᠢ ᠴᠢᠦᠸᠠᠨ ᠲᠣᠭᠤᠷᠢᠭ ᠲᠤ ᠭᠦᠨᠵᠡᠭᠡᠶᠢᠷᠡᠨ ᠰᠢᠮᠳᠠᠭᠤᠯᠤᠨ ᠵᠢᠯᠣᠭᠤᠳᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠴᠢᠶᠥᠥ ᠶᠦᠨ ᠯᠢ᠂ ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠨᠠᠷ ᠲᠤᠰ ᠲᠤᠰ ᠤᠨ ᠪᠣᠳᠠᠲᠠᠢ ᠠᠵᠢᠯ ᠲᠠᠢ ᠪᠠᠨ ᠤᠶᠠᠯᠳᠤᠭᠤᠯᠵᠤ᠂ ᠥᠪᠡᠷ ᠤᠨ ᠪᠡᠶ᠎ᠡ ᠠᠴᠠ ᠪᠠᠨ ᠰᠢᠯᠲᠠᠭᠠᠨ ᠡᠷᠢᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ᠂ ᠥᠭᠡᠷᠡᠴᠢᠯᠡᠨ ᠰᠠᠶᠢᠵᠢᠷᠠᠭᠤᠯᠬᠤ ᠰᠡᠳᠬᠢᠮᠵᠢ ᠪᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠶᠠᠷᠢᠯᠴᠠᠪᠠ᠃      ᠵᠠᠩ ᠪᠠᠢ ᠴᠧᠩ ᠵᠢᠭᠠᠬᠤ ᠳᠠᠭᠠᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠪᠡᠷ ᠢ ᠪᠠᠨ ᠬᠢᠨᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠡᠷᠭᠢᠴᠡᠭᠦᠯᠦᠨ ᠪᠣᠳᠣᠵᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠡᠪ ᠳᠠᠭᠤᠷᠢᠶᠠᠯ ᠪᠣᠯᠵᠣ᠂ ᠳᠡᠭᠡᠳᠦ ᠱᠠᠲᠤ ᠨᠢ ᠳᠣᠣᠷ᠎ᠠ ᠱᠠᠲᠤ ᠪᠠᠨ ᠳᠠᠭᠠᠭᠤᠯᠤᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠵᠤ᠂ ᠪᠣᠳᠠᠲᠠᠶ ᠠᠰᠠᠭᠤᠳᠠᠯ ᠳᠤ ᠪᠣᠳᠠᠲᠠᠶ ᠠᠷᠭ᠎ᠠ ᠬᠡᠮᠵᠢᠶ᠎ᠡ ᠠᠪᠴᠤ ᠂ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠨᠢᠭᠡ ᠨᠢᠭᠡ ᠪᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠪᠤᠢ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠲᠤ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠳᠡᠯᠭᠡᠵᠦ᠂ ᠲᠣᠰ ᠲᠣᠰ ᠤᠨ ᠴᠡᠭᠴᠡᠯᠡᠨ ᠰᠠᠶᠢᠵᠢᠷᠠᠭᠤᠯᠬᠤ ᠲᠥᠰᠦᠯ ᠢᠶᠠᠨ ᠭᠠᠷᠭᠠᠵᠤ᠂ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠢ᠃ ᠣᠳᠣᠬᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ︽ᠬᠥᠮᠦᠨ︾ ᠤ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠶ ᠡᠮᠬᠢᠯᠡᠵᠦ᠂ ᠠᠵᠢᠯ ᠤᠨ ᠳᠤᠮᠳᠠᠬᠢ ︽ᠠᠯᠵᠠᠭᠤ︾ ︽ᠵᠠᠯᠬᠠᠭᠤ︾  ︽ᠠᠶᠤᠬᠤ︾ ︽ᠵᠥᠭᠡᠯᠡᠨ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠶᠡᠷᠦᠩᠬᠡᠢ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠢ ᠭᠡᠪᠡ᠃      ᠬᠤᠷᠠᠯ ᠠᠴᠠ ᠪᠠᠰᠠ ᠬᠥᠬᠡᠬᠤᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠰᠤᠳᠤᠯᠪᠠ᠃      ᠵᠠᠩ ᠪᠠᠢ ᠴᠧᠩ ᠱᠠᠭᠠᠷᠳᠠᠬᠤ ᠳᠠᠭᠠᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠦᠢᠯᠡᠰ ᠪᠦᠷᠢ ᠶᠢ ᠨᠠᠷᠢᠯᠢᠭᠵᠢᠭᠤᠯᠤᠨ᠂ ᠬᠠᠷᠢᠭᠤᠴᠠᠬᠤ ᠰᠠᠯᠠᠭ᠎ᠠ ᠮᠥᠴᠢᠷ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠠᠶᠢᠭᠤᠯᠵᠤ᠂ ᠦᠢᠯᠡᠴᠢᠯᠡᠭᠡ ᠶᠢᠨ ᠵᠦᠢᠯᠡᠰ ᠢ ᠪᠠᠶᠠᠯᠢᠭᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠣᠯᠠᠨ ᠲᠦᠮᠡᠨ ᠤ ᠤᠴᠢᠷ ᠶᠠᠪᠤᠳᠠᠯ ᠭᠦᠢᠴᠡᠳᠬᠡᠬᠦ ᠳᠤ ᠬᠦᠴᠢᠷᠳᠡᠳᠡᠭ ᠵᠣᠪᠠᠭᠤᠷᠢ ᠲᠠᠢ᠂ ᠬᠦᠴᠢᠷ ᠲᠠᠢ᠂ ᠲᠦᠭᠵᠢᠷᠡᠯ ᠲᠠᠢ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠨ ᠦᠢᠯᠡᠰ ᠢᠶᠠᠨ ᠬᠦᠴᠦᠷᠬᠡᠭᠵᠢᠭᠦᠯᠬᠦ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠥᠬᠦᠴᠡᠯ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠪᠡ᠃    ᠯᠢ ᠬᠠᠢ ᠵᠧᠨ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号