ᠰᠢᠨ᠎ᠡ ᠬᠤᠲᠠ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠬᠥᠳᠡᠭᠡ ᠲᠣᠰᠬᠤᠨ ᠤ ᠤᠤᠭᠤᠬᠤ ᠤᠰᠤᠨ ᠤ ᠤᠰᠤᠨ ᠤ ᠰᠤᠷᠪᠤᠯᠵᠢ ᠭᠠᠵᠠᠷ ᠤᠨ ᠤᠰᠤᠨ ᠤ ᠴᠢᠨᠠᠷ ᠢ ᠬᠢᠨᠠᠨ ᠬᠡᠮᠵᠢᠪᠡ
ᠨᠡᠶᠢᠲᠡᠯᠡᠭᠰᠡᠨ ᠴᠠᠭ᠄
2020/11/12
      ᠨᠣᠮᠢᠨ ᠤᠰᠤ ᠶᠢ ᠬᠠᠮᠠᠭᠠᠯᠠᠬᠤ ᠲᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠤᠰᠤᠨ ᠤ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠦᠯᠦᠭᠡ᠂ ᠣᠶᠢᠷ᠎ᠠ ᠳᠤ᠂ ᠬᠥᠬᠡᠬᠤᠲᠠ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠵᠦ᠂ ᠰᠢᠨ᠎ᠡ ᠬᠤᠲᠠ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠠᠴᠠ ᠬᠠᠷᠢᠶᠠᠲᠤ ᠲᠤᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠤᠰᠤᠨ ᠤ ᠰᠤᠷᠪᠤᠯᠵᠢ ᠭᠠᠵᠠᠷ ᠲᠤ ᠳᠥᠷᠪᠡᠳᠦᠭᠡᠷ ᠤᠯᠠᠷᠢᠯ ᠤᠨ ᠤᠰᠤᠨ ᠤ ᠴᠢᠨᠠᠷ ᠤᠨ ᠥᠯᠢᠭᠡᠷ ᠠᠪᠬᠤ ᠠᠵᠢᠯ ᠬᠢᠵᠦ ᠡᠬᠢᠯᠡᠪᠡ᠃      ᠰᠢᠨ᠎ᠡ ᠬᠤᠲᠠ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ ᠣᠷᠴᠢᠨ ᠲᠣᠭᠤᠷᠢᠨ ᠢ ᠬᠢᠨᠠᠨ ᠬᠡᠮᠵᠢᠬᠦ ᠠᠵᠢᠯᠲᠠᠨ ᠢ ᠵᠣᠬᠢᠶᠠᠨ ᠪᠠᠶᠢᠭᠤᠯᠵᠤ᠂ ᠤᠰᠤᠨ ᠤ ᠴᠢᠨᠠᠷ ᠤᠨ ᠦᠯᠢᠭᠡᠷ ᠠᠪᠬᠤ ᠮᠡᠷᠭᠡᠵᠢᠯ ᠤᠨ ᠵᠢᠷᠤᠮᠵᠢᠯ ᠶᠣᠰᠣᠭᠠᠷ ᠬᠠᠷᠢᠶᠠᠲᠤ ᠲᠤᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠤᠰᠤᠨ ᠤ ᠰᠤᠷᠪᠤᠯᠵᠢ ᠭᠠᠵᠠᠷ ᠤᠨ ᠠᠷᠪᠠᠨ ᠨᠠᠢᠮᠠᠨ ᠠᠮᠠᠰᠠᠷ ᠤᠰᠤᠨ ᠤ ᠰᠤᠷᠪᠤᠯᠵᠢ ᠭᠠᠵᠠᠷ ᠤᠨ ᠬᠤᠳᠳᠤᠭ ᠲᠤ ᠦᠯᠢᠭᠡᠷ ᠶᠠᠩᠵᠤ ᠠᠪᠬᠤ ᠶᠢᠨ ᠬᠠᠮᠲᠤ ᠴᠠᠭ ᠲᠤᠬᠠᠢ ᠳᠤᠨᠢ ᠬᠦᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡᠨ ᠳᠤ ᠬᠦᠷᠭᠡᠵᠦ ᠵᠠᠳᠠᠯᠤᠯᠲᠠ ᠬᠢᠯᠭᠡᠪᠡ᠃ ᠬᠥᠳᠡᠭᠡ ᠲᠣᠰᠬᠤᠨ ᠤ ᠤᠤᠭᠤᠬᠤ ᠤᠰᠤᠨ ᠤ ᠰᠤᠷᠪᠤᠯᠵᠢ ᠭᠠᠵᠠᠷ ᠤᠨ ᠬᠠᠮᠠᠭᠠᠯᠠᠯᠲᠠ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠂ ᠬᠥᠳᠡᠭᠡ ᠲᠣᠰᠬᠤᠨ ᠤ ᠲᠦᠪᠯᠡᠷᠡᠭᠦᠯᠦᠨ ᠤᠤᠭᠤᠬᠤ ᠤᠰᠤᠨ ᠤ ᠤᠰᠤᠨ ᠤ ᠰᠤᠷᠪᠤᠯᠵᠢ ᠭᠠᠵᠠᠷ ᠤᠨ ᠤᠰᠤᠨ ᠤ ᠴᠢᠨᠠᠷ ᠤᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号