ᠸᠠᠩ ᠯᠢ ᠰᠢᠶᠠ᠄ ᠣᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠵᠤ ᠣᠯᠠᠨ ᠲᠦᠮᠡᠨ ᠳᠤ ᠤᠴᠢᠷ ᠶᠠᠪᠤᠳᠠᠯ ᠪᠦᠲᠦᠭᠡᠵᠦ ᠰᠠᠶᠢᠨ ᠤᠴᠢᠷ ᠢ ᠰᠠᠶᠢᠬᠠᠨ ᠬᠢᠵᠦ ᠪᠣᠳᠠᠲᠤ ᠤᠴᠢᠷ ᠢ ᠪᠣᠳᠠᠲᠠᠢ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2020/11/12
       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 11 ᠤ ᠡᠳᠦᠷ᠂ ᠦᠨᠳᠦᠰᠦᠨ ᠱᠠᠲᠤᠨ ᠤ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠤᠴᠢᠷ ᠶᠠᠪᠤᠳᠠᠯ ᠳᠤ ᠴᠢᠭᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠪᠠᠶᠢᠴᠠᠭᠠᠨ ᠰᠤᠳᠤᠯᠤᠯᠲᠠ ᠬᠢᠵᠦ ᠰᠤᠷᠪᠤᠯᠵᠢᠯᠠᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠨ᠂ ᠣᠯᠠᠨ ᠲᠦᠮᠡᠨ ᠤ ᠬᠠᠷᠠᠭᠠᠰᠤ ᠪᠠ ᠵᠣᠭᠰᠣᠯᠲᠠ ᠠᠴᠠ ᠣᠯᠠᠨ ᠲᠦᠮᠡᠨ ᠳᠤ ᠤᠴᠢᠷ ᠶᠠᠪᠤᠳᠠᠯ ᠪᠦᠲᠦᠭᠡᠵᠦ᠂ ᠦᠨᠡᠨᠬᠦ ᠰᠠᠶᠢᠨ ᠤᠴᠢᠷ ᠢ ᠰᠠᠶᠢᠬᠠᠨ ᠬᠢᠵᠦ᠂ ᠪᠣᠳᠠᠲᠤ ᠤᠴᠢᠷ ᠢ ᠪᠣᠳᠠᠲᠠᠢ ᠬᠢᠬᠦ ᠬᠡᠷᠡᠭᠲᠡᠢ ᠭᠡᠵᠡᠢ᠃      ᠲᠤᠰ ᠡᠳᠦᠷ ᠤᠨ ᠦᠳᠡ ᠶᠢᠨ ᠡᠮᠦᠨ᠎ᠡ᠂ ᠸᠠᠩ ᠯᠢ ᠰᠢᠶᠠ ᠨᠠᠷ ᠰᠢᠨ᠎ᠡ ᠬᠤᠲᠠ ᠲᠣᠭᠤᠷᠢᠭ ᠤᠨ ᠴᠢᠩ ᠱᠠᠨ ᠱᠦᠶ ᠯᠢᠶᠠᠨ ᠬᠤᠷᠢᠶᠠᠯᠠᠯ ᠳᠤ ᠬᠦᠷᠴᠦ᠂ ᠰᠠᠭᠤᠭᠠᠯᠢ ᠠᠷᠠᠳ ᠤᠨ ᠲᠤᠰᠬᠠᠭᠰᠠᠨ ᠬᠥᠭᠵᠢᠮ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠱᠤᠤᠬᠢᠶᠠᠨ ᠠᠷᠠᠳ ᠢ ᠦᠢᠮᠡᠭᠦᠯᠦᠭᠰᠡᠨ ᠠᠰᠠᠭᠤᠳᠠᠯ ᠢ ᠪᠠᠶᠢᠴᠠᠭᠠᠨ ᠰᠤᠳᠤᠯᠵᠠᠶ ᠃ ᠱᠤᠤᠭᠢᠶᠠᠨ ᠠᠷᠠᠳ ᠢ ᠦᠢᠮᠡᠭᠦᠯᠦᠭᠰᠡᠨ ᠠᠰᠠᠭᠤᠳᠠᠯ ᠢ ᠰᠢᠢᠳᠪᠦᠷᠢᠯᠡᠬᠦ ᠲᠤᠬᠠᠶ ᠪᠣᠳᠠᠲᠠᠶ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠃        ᠰᠢᠨ᠎ᠡ ᠬᠤᠲᠠ ᠲᠣᠭᠤᠷᠢᠭ ᠤᠨ ᠸᠧᠨ ᠳ᠋ᠦ᠋ ᠬᠤᠷᠢᠶᠠᠯᠠᠯ ᠤᠨ ᠬᠠᠭᠤᠴᠢᠨ ᠬᠤᠷᠢᠶᠠᠯᠠᠯ ᠢ ᠦᠭᠡᠷᠡᠴᠢᠯᠡᠬᠦ ᠠᠵᠢᠯ ᠰᠢᠪᠲᠤᠷᠭᠠᠨ ᠳᠠᠭᠠᠨ ᠤᠷᠤᠵᠠᠢ᠃ ᠸᠠᠩ ᠯᠢ ᠰᠢᠶᠠ ᠬᠤᠷᠢᠶᠠᠯᠠᠯ ᠳᠤ ᠤᠷᠤᠵᠤ ᠰᠠᠭᠤᠭᠠᠯᠢ ᠠᠷᠠᠳ ᠲᠠᠢ ᠳᠤᠲᠤᠨᠤᠰᠤᠭ ᠢᠶᠠᠷ ᠶᠠᠷᠢᠯᠴᠠᠵᠤ᠂ ᠣᠯᠠᠨ ᠤ ᠬᠠᠭᠤᠴᠢᠨ ᠬᠤᠷᠢᠶᠠᠯᠠᠯ ᠢ ᠦᠭᠡᠷᠡᠴᠢᠯᠡᠬᠦ ᠲᠤᠬᠠᠶ ᠰᠠᠨᠠᠯ ᠪᠠ ᠰᠠᠨᠠᠭᠤᠯᠭ᠎ᠠ ᠶᠢ ᠠᠰᠠᠭᠤᠵᠠᠢ᠃ 17 ᠳ᠋ᠤᠭᠠᠷ ᠠᠰᠠᠷ ᠤᠨ ᠭᠤᠷᠪᠠᠳᠤᠭᠠᠷ ᠨᠢᠭᠡᠴᠡ ᠶᠢᠨ ᠨᠢᠭᠡᠳᠦᠭᠡᠷ ᠲᠠᠪᠬᠤᠷᠯᠢᠭ ᠲᠤ ᠰᠠᠭᠤᠵᠤ ᠪᠠᠶᠢᠭ᠎ᠠ 80 ᠭᠠᠷᠤᠭᠰᠠᠨ ᠯᠢ ᠳ᠋ᠧ ᠹᠧᠩ ᠨᠠᠰᠤᠲᠠᠨ ᠤ ᠬᠢᠨ ᠨᠠᠷᠠᠪᠴᠢᠨ ᠳᠡᠭᠡᠷ᠎ᠡ ᠪᠠᠨ ᠡᠯᠳᠡᠪ ᠵᠦᠢᠯ ᠤᠨ ᠰᠢᠪᠠᠭᠤ ᠪᠠ ᠬᠤᠸᠠᠷ ᠴᠡᠴᠡᠭ ᠲᠡᠵᠢᠭᠡᠭᠰᠡᠨ ᠪᠠᠶᠢᠯ᠎ᠠ᠃ ᠨᠠᠰᠤᠳᠠᠨ ᠬᠦᠭᠰᠢᠨ ᠲᠠᠢ ᠪᠠᠨ ᠬᠤᠶᠠᠭᠤᠯᠠ ᠡᠳᠦᠷ ᠪᠦᠷᠢ ᠰᠢᠪᠠᠭᠤ ᠪᠠᠨ ᠲᠡᠵᠢᠭᠡᠵᠦ᠂ ᠬᠤᠸᠠᠷ ᠴᠡᠴᠡᠭ ᠢᠶᠠᠨ ᠠᠷᠠᠴᠢᠯᠠᠭᠠᠳ ᠶᠡᠬᠡᠯᠡ ᠪᠠᠶᠠᠷ ᠵᠢᠷᠭᠠᠯ ᠲᠠᠢ ᠪᠠᠶᠢᠳᠠᠭ᠃ ᠭᠡᠪᠡᠴᠦ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠳᠤ ᠨᠠᠷᠠᠪᠴᠢᠨ ᠤ ᠬᠡᠷᠡᠰᠬᠡ ᠶᠢ ᠨᠢᠭᠡᠳᠬᠡᠬᠦ ᠬᠡᠷᠡᠭᠳᠡᠢ ᠪᠣᠯᠣᠭᠰᠠᠨ ᠨᠢ ᠡᠪᠦᠭᠡᠨ ᠬᠥᠭᠰᠢᠨ ᠬᠤᠶᠠᠷ ᠤᠨ ᠪᠤᠬᠢᠨᠢᠳᠤᠯ  ᠪᠣᠯᠵᠠᠢ᠃ ᠲᠡᠳᠡ ᠨᠢᠭᠡᠳᠦᠯᠲᠡᠶ ᠲᠥᠯᠥᠪᠵᠢᠭᠦᠯᠦᠨ ᠥᠭᠡᠷᠡᠴᠢᠯᠡᠬᠦ ᠳᠤ ᠡᠨᠡ ᠬᠦ ᠣᠷᠣᠨ ᠵᠠᠶ ᠶᠢ ᠦᠯᠡᠳᠡᠭᠡᠬᠦ ᠶᠢ ᠲᠣᠩ ᠬᠦᠰᠡᠵᠦ ᠪᠠᠶᠢᠨ᠎ᠠ᠃  ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠸᠠᠩ ᠯᠢ ᠰᠢᠶᠠ ᠭᠦᠨ ᠰᠡᠳᠬᠢᠯᠭᠡ ᠲᠠᠢ ᠪᠠᠷ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠶᠢᠨ ᠵᠣᠷᠢᠯᠭ᠎ᠠ ᠪᠣᠯ ᠣᠯᠠᠨ ᠲᠦᠮᠡᠨ ᠳᠤ ᠨᠡᠩ ᠲᠤᠬᠢᠷᠠᠮᠵᠢᠳᠠᠢ ᠠᠮᠢᠳᠤᠷᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠶᠠᠪᠤᠳᠠᠯ ᠪᠤᠯᠤᠨ᠎ᠠ᠂ ᠡᠨᠡ ᠨᠢ ᠰᠠᠶᠢᠨ ᠤᠴᠢᠷ᠂ ᠭᠡᠪᠡᠴᠦ ᠰᠠᠶᠢᠨ  ᠤᠴᠢᠷ ᠢ ᠬᠡᠷᠬᠢᠨ ᠰᠠᠶᠢᠨ ᠬᠢᠬᠦ ᠳᠤ ᠡᠯ᠎ᠡ ᠱᠠᠲᠤᠨ ᠤ ᠠᠵᠢᠯᠳᠠᠨ ᠤᠯᠠᠨ ᠲᠦᠮᠡᠨ ᠤ ᠬᠠᠷᠠᠭᠠᠰᠤ ᠪᠠ ᠵᠣᠭᠰᠣᠴᠠ ᠠᠴᠠ ᠪᠣᠳᠣᠯᠬᠢᠯᠠᠬᠤ ᠴᠢᠬᠤᠯᠠᠲᠠᠶ ᠶᠤᠮ᠃ ᠠᠶᠢᠯ ᠪᠤᠯᠭᠠᠨ ᠤ ᠡᠷᠦᠬᠡ ᠪᠦᠷᠢ ᠶᠢᠨ ᠪᠠᠶᠢᠳᠠᠯ ᠢ ᠲᠣᠳᠣᠷᠬᠠᠶ ᠣᠶᠢᠯᠠᠭᠠᠵᠤ᠂ ᠶᠣᠰᠣ ᠤᠴᠢᠷ ᠢ ᠨᠢ ᠣᠯᠠᠨ ᠲᠦᠮᠡᠨ ᠳᠤ ᠲᠣᠳᠣᠷᠬᠠᠶ ᠶᠠᠷᠢᠵᠤ᠂ ᠨᠡᠪᠲᠡᠷᠬᠡᠶ ᠶᠠᠷᠢᠵᠤ᠂ ᠣᠨᠴᠠᠭᠠᠢ ᠪᠠᠶᠢᠳᠠᠯ ᠢ ᠣᠨᠴᠠᠭᠠᠢ ᠰᠢᠢᠳᠪᠦᠷᠢᠯᠡᠵᠦ᠂ ᠯᠠᠪᠳᠠᠭᠤᠨ ᠪᠠᠲᠤᠲᠠᠶ ᠪᠠᠷ ᠰᠠᠶᠢᠨ ᠶᠠᠪᠤᠳᠠᠯ ᠢ ᠰᠠᠶᠢᠨ ᠬᠢᠵᠦ᠂ ᠪᠣᠳᠠᠲᠤ ᠶᠠᠪᠤᠳᠠᠯ ᠢ ᠪᠣᠳᠠᠲᠠᠶ ᠬᠢᠵᠦ᠂ ᠤᠯᠠᠨ ᠲᠦᠮᠡᠨ ᠢ ᠨᠡᠩ ᠶᠡᠭᠡ ᠬᠥᠷᠲᠡᠮᠵᠢ ᠶᠢᠨ ᠲᠦᠷᠦᠭᠳᠡᠯ᠂ ᠵᠣᠯ ᠵᠢᠷᠭᠠᠯᠳᠤ ᠲᠦᠷᠦᠭᠳᠡᠯ ᠲᠠᠢ ᠪᠤᠯᠭᠠᠬᠤ ᠬᠡᠷᠡᠭᠳᠡᠢ ᠭᠡᠵᠦ ᠠᠵᠢᠯᠳᠠᠳ ᠲᠤ ᠶᠠᠷᠢᠵᠠᠢ᠃      ᠰᠢᠨ᠎ᠡ ᠬᠤᠲᠠ ᠲᠣᠭᠤᠷᠢᠭ ᠤᠨ ᠬᠤᠩ ᠱᠠᠨ ᠺᠧᠦ ᠲᠣᠰᠬᠤᠨ ᠪᠣᠯᠤᠨ ᠢᠦᠶ ᠴᠢᠤᠸᠠᠨ ᠲᠣᠭᠤᠷᠢᠭ ᠤᠨ ᠡᠮᠦᠨ᠎ᠡ ᠪᠠ ᠯᠢ ᠵᠤᠸᠠᠩ ᠲᠣᠰᠬᠤᠨ ᠳᠤ ᠸᠠᠩ ᠯᠢ ᠰᠢᠶᠠ ᠰᠠᠭᠤᠭᠠᠯᠢ ᠠᠷᠠᠳ ᠤᠨ ᠭᠡᠷ ᠲᠤ ᠣᠷᠣᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠦᠭᠰᠡᠨ ᠪᠠ ᠲᠥᠪᠯᠡᠷᠡᠭᠦᠯᠦᠨ ᠲᠤᠯᠠᠭᠠᠯᠠᠭ᠎ᠠ ᠬᠠᠩᠭᠠᠭᠰᠠᠨ ᠪᠠᠶᠢᠳᠠᠯ ᠢ ᠨᠠᠷᠢᠨ ᠯᠠᠪᠯᠠᠨ ᠠᠰᠠᠭᠤᠭᠰᠠᠨ ᠤ ᠳᠠᠷᠠᠭ᠎ᠠ ᠵᠢᠭᠠᠬᠤ ᠳᠠᠭᠠᠨ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠪᠣᠯ ᠨᠢᠭᠡᠨ ᠣᠷᠴᠢᠨ ᠲᠤᠭᠤᠷᠢᠨ ᠢ ᠬᠠᠮᠠᠭᠠᠯᠠᠬᠤ ᠢᠨᠵᠧᠨᠧᠷᠢᠩ᠂ ᠪᠠᠰᠠ ᠴᠤ ᠨᠢᠭᠡᠨ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠵᠤ᠂ ᠠᠭᠠᠷ ᠮᠠᠨᠳᠠᠯ ᠤᠨ ᠪᠣᠬᠢᠷᠲᠤᠯ ᠢ ᠪᠦᠲᠦᠮᠵᠢᠲᠡᠶ ᠵᠠᠰᠠᠵᠤ᠂ ᠣᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠨᠢᠭᠡᠳᠦᠯᠲᠡᠶ ᠲᠦᠯᠦᠪᠯᠡᠵᠦ ᠠᠷᠭ᠎ᠠ ᠪᠣᠳᠣᠯᠭ᠎ᠠ ᠰᠦᠪᠡᠭᠴᠢᠯᠡᠨ᠂ ᠣᠨᠣᠪᠴᠢᠲᠠᠶ ᠬᠡᠷᠡᠭᠵᠢᠬᠦᠯᠵᠦ᠂ ᠢᠨᠵᠧᠨᠧᠷᠢᠩ ᠤᠨ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃     ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠲᠠᠷᠤᠭ᠎ᠠ ᠦ᠋ ᠸᠧᠨ ᠮᠢᠩ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号