ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠬᠤᠲᠠ ᠶᠢᠨ ᠲᠤᠰ ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠡᠪᠡᠷᠯᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/11/12
       ᠬᠥᠬᠡᠬᠤᠲᠠ ᠵᠠᠰᠠᠭ ᠦᠰᠦᠭ ﹇2020﹈ 86 ᠳ᠋ᠤᠭᠠᠷ ᠲᠣᠭᠠᠲᠤ       2020 ᠣᠨ ᠤ 6 ᠳ᠋ᠤᠭᠠᠷ ᠰᠠᠷ᠎ᠠ ᠶᠢᠨ 24 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠄      ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠴᠡᠪᠡᠷᠯᠡᠯᠲᠡ ᠬᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠬᠤ ᠳᠤ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠲᠣᠭᠠᠲᠤ︶ ᠶᠢᠨ ᠲᠣᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ 2000 ᠣᠨ ᠠᠴᠠ 2019 ᠣᠨ ᠤ ᠬᠤᠭᠤᠷᠣᠨᠳᠤᠬᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠣᠭᠳᠠᠭᠰᠠᠨ ᠬᠤᠲᠠ ᠶᠢᠨ ᠲᠤᠰ ᠱᠠᠲᠤᠨ ᠤ ᠵᠢᠷᠤᠮᠵᠢᠯ ᠤᠨ ᠴᠢᠨᠠᠷᠲᠠᠢ 30 ᠪᠢᠴᠢᠭ ᠮᠠᠲ᠋ᠧᠷᠢᠶᠠᠯ ᠢ ᠴᠡᠪᠡᠷᠯᠡᠪᠡ᠃ 2020 ᠣᠨ ᠤ 6 ᠳ᠋ᠤᠭᠠᠷ ᠰᠠᠷ᠎ᠠ ᠶᠢᠨ 23 ᠤ ᠡᠳᠦᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 24 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠦᠷᠭᠦᠯᠵᠢᠯᠡᠨ ᠬᠦᠴᠦᠨ ᠲᠠᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ  ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 6᠂  ᠵᠠᠰᠠᠪᠤᠷᠢ ᠣᠷᠣᠭᠤᠯᠬᠤ ᠪᠠᠷ ᠪᠠᠶᠢᠭ᠎ᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ  ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 1᠂  ᠬᠦᠴᠦᠨ ᠦᠭᠡᠢ ᠪᠣᠯᠣᠭᠰᠠᠨ ᠪᠠ ᠬᠦᠴᠦᠨ ᠦᠭᠡᠢ ᠪᠣᠯᠭᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ  ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 23 ᠶᠢ ᠨᠤᠳᠠᠯᠠᠬᠤ ᠪᠠᠷ ᠲᠣᠭᠲᠠᠪᠠ᠃      ᠡᠲᠥᠭᠡ ᠴᠡᠪᠡᠷᠯᠡᠭᠰᠡᠨ ᠦᠷ᠎ᠡ ᠳ᠋ᠦᠩ ᠢ ᠨᠡᠶᠢᠲᠡᠯᠡᠶ᠎ᠡ᠂ ᠡᠨᠡ ᠤᠳᠠᠭᠠᠨ ᠤ ᠴᠡᠪᠡᠷᠯᠡᠯᠲᠡ ᠪᠠᠷ ᠦᠷᠭᠦᠯᠵᠢᠯᠡᠨ ᠬᠦᠴᠦᠨ ᠲᠠᠢ ᠭᠡᠵᠦ ᠲᠣᠭᠲᠠᠭᠠᠭᠰᠠᠨ 6 ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠠᠴᠠ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ︔ ᠵᠠᠰᠠᠪᠤᠷᠢ ᠣᠷᠣᠭᠤᠯᠬᠤ 1 ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠨᠢ ᠣᠳᠣᠬᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠳᠠᠷᠠᠭᠠᠯᠠᠯ ᠶᠣᠰᠣᠭᠠᠷ᠂ ᠠᠯᠢ ᠲᠦᠷᠭᠡᠨ ᠢᠶᠠᠷ ᠵᠠᠰᠠᠪᠤᠷᠢ ᠣᠷᠣᠭᠤᠯᠤᠭᠰᠠᠨ ᠤ ᠳᠠᠷᠠᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠠᠬᠢᠨ ᠰᠢᠨ᠎ᠡ ᠪᠠᠷ ᠲᠤᠭᠲᠠᠭᠠᠵᠤ ᠲᠠᠷᠬᠠᠭᠠᠬᠤ ᠬᠡᠷᠡᠭᠲᠡᠢ᠃ ᠬᠦᠴᠦᠨ ᠦᠭᠡᠢ ᠪᠣᠯᠣᠭᠰᠠᠨ ᠪᠠ ᠬᠦᠴᠦᠨ ᠦᠭᠡᠢ ᠪᠣᠯᠭᠠᠭᠰᠠᠨ 23 ᠵᠠᠰᠠᠭ ᠤᠨ ᠣᠷᠳᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠬᠦ ᠪᠠᠨ ᠵᠣᠭᠰᠣᠭᠠᠬᠤ ᠬᠡᠷᠡᠭᠲᠡᠶ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠ ᠨᠢᠭᠡᠴᠡ ᠦᠷᠭᠦᠯᠵᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠠ ᠨᠢᠭᠡᠴᠡ ᠲᠤᠰ ᠮᠡᠳᠡᠭᠳᠡᠯ ᠲᠠᠢ ᠬᠠᠷᠢᠴᠠᠭᠤᠯᠤᠨ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ ᠪᠠ ᠨᠢᠭᠡᠴᠡ ᠶᠢᠨ ᠨᠡᠶᠢᠲᠡᠯᠡᠭᠰᠡᠨ ᠬᠤᠯᠪᠣᠭᠳᠠᠯ ᠪᠦᠬᠦᠢ ᠢᠵᠢ  ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠴᠡᠪᠡᠷᠯᠡᠬᠦ ᠬᠡᠷᠡᠭᠲᠡᠢ᠃ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵6︶2. ᠵᠠᠰᠠᠪᠤᠷᠢ ᠣᠷᠣᠭᠤᠯᠬᠤ ᠪᠠᠷ ᠪᠠᠶᠢᠭ᠎ᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵1︶3. ᠬᠦᠴᠦᠨ ᠦᠭᠡᠢ ᠪᠣᠯᠣᠭᠰᠠᠨ ᠪᠠ ᠬᠦᠴᠦᠨ ᠦᠭᠡᠢ ᠪᠣᠯᠭᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵23︶ᠳᠠᠭᠠᠯᠳᠤᠭᠤᠯᠤᠯ 1 ᠦᠷᠭᠦᠯᠵᠢᠯᠡᠨ ᠬᠦᠴᠦᠨ ᠲᠠᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵2000 ᠣᠨ— 2019 ᠣᠨ︶1  ᠬᠥᠬᠡᠬᠤᠲᠠ ᠵᠠᠰᠠᠭ ᠲᠠᠷᠬᠠᠭᠠᠭᠰᠠᠨ ﹇2017﹈ 57 ᠳ᠋ᠤᠭᠠᠷ ᠲᠣᠭᠠᠲᠤ ︽ᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠤᠬᠤᠷᠢᠨ ᠭᠠᠷᠬᠤ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ2  ᠬᠥᠬᠡᠬᠤᠲᠠ ᠵᠠᠰᠠᠭ ᠲᠠᠷᠬᠠᠭᠠᠭᠰᠠᠨ ﹇2019﹈ 4 ᠳ᠋ᠦ᠋ᠭᠡᠷ ᠲᠣᠭᠠᠲᠤ ︽ᠬᠥᠬᠡᠬᠤᠲᠠ ᠶᠢᠨ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠢ ᠲᠥᠯᠥᠪᠵᠢᠭᠦᠯᠭᠡ ︵2016 - 2020 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ3  ᠬᠥᠬᠡᠬᠤᠲᠠ ᠵᠠᠰᠠᠭ ᠲᠠᠷᠬᠠᠭᠠᠭᠰᠠᠨ ﹇2019﹈ 21 ᠳ᠋ᠦ᠋ᠭᠡᠷ ᠲᠣᠭᠠᠲᠤᠬᠥᠬᠡᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠢ ᠶᠢᠨ ᠡᠷᠬᠡ ᠤᠬᠤᠷᠢᠨ ᠭᠠᠷᠬᠤ ᠳᠤ ᠨᠦᠬᠦᠪᠦᠷᠢ ᠥᠭᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ4  ᠬᠥᠬᠡᠬᠤᠲᠠ ᠵᠠᠰᠠᠭ ᠲᠠᠷᠬᠠᠭᠠᠭᠰᠠᠨ ﹇2019﹈ 33 ᠳ᠋ᠤᠭᠠᠷ ᠲᠣᠭᠠᠲᠤᠴᠡᠪᠡᠷ ᠨᠡᠭᠦᠷᠡᠰᠦ ᠶᠢ ᠬᠡᠷᠡᠭᠯᠡᠬᠦ ᠬᠤᠯᠪᠣᠭᠳᠠᠯ ᠪᠦᠬᠦᠢ ᠤᠴᠢᠷ ᠤᠨ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ5  ᠬᠥᠬᠡᠬᠤᠲᠠ ᠵᠠᠰᠠᠭ ᠠᠯᠪᠠᠨ ᠦᠰᠦᠭ  ﹇2019﹈ 41 ᠳ᠋ᠦ᠋ᠭᠡᠷ ᠲᠣᠭᠠᠲᠤ ︽ᠬᠥᠬᠡᠬᠤᠲᠠ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠲᠤᠷᠭᠠᠭᠤᠯᠢ ᠰᠢᠢᠳᠭᠡᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠰᠤᠯᠠ ᠨᠡᠭᠦᠷᠡᠰᠦ ᠶᠢ ᠵᠠᠰᠠᠬᠤ ᠶᠢ ᠬᠢᠨᠠᠨ ᠰᠢᠯᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ6  ᠬᠥᠬᠡᠬᠤᠲᠠ ᠵᠠᠰᠠᠭ ᠠᠯᠪᠠᠨ ᠦᠰᠦᠭ ﹇2019﹈ 42 ᠳ᠋ᠤᠭᠠᠷ ᠲᠣᠭᠠᠲᠤ ︽ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠬᠥᠬᠡᠬᠤᠲᠠ ᠶᠢᠨ ᠨᠡᠭᠦᠷᠡᠰᠦ ᠮᠠᠯᠲᠠᠭᠠᠳ ᠳᠣᠷᠣᠭᠰᠢ ᠰᠠᠭᠤᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠬᠤ ᠲᠤᠬᠠᠢ ᠠᠵᠢᠯ ᠤᠨ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ ︵ᠨᠢᠭᠤᠴᠠ︶ᠳᠠᠭᠠᠯᠳᠤᠭᠤᠯᠤᠯ 2ᠵᠠᠰᠠᠪᠤᠷᠢ ᠣᠷᠣᠭᠤᠯᠬᠤ ᠪᠠᠷ ᠪᠠᠶᠢᠭ᠎ᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵2000 ᠣᠨ— 2019 ᠣᠨ︶1  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 49 ᠳ᠋ᠦ᠋ᠭᠡᠷ ᠲᠣᠭᠠᠲᠤᠬᠥᠬᠡᠬᠤᠲᠠ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠳᠠᠭᠠᠯᠳᠤᠭᠤᠯᠤᠯ 3ᠬᠦᠴᠦᠨ ᠦᠭᠡᠢ ᠪᠣᠯᠣᠭᠰᠠᠨ ᠪᠠ ᠬᠦᠴᠦᠨ ᠦᠭᠡᠢ ᠪᠣᠯᠭᠠᠭᠰᠠᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠤ ᠬᠤᠯᠪᠤᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ  ︵2000 ᠣᠨ— 2019 ᠣᠨ 1 ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2000﹈ 94 ᠳ᠋ᠦ᠋ᠭᠡᠷ ᠲᠣᠭᠠᠲᠤᠬᠥᠬᠡᠬᠤᠲᠠ ᠶᠢᠨ ᠨᠡᠭᠦᠷᠡᠰᠦᠨ ᠤ ᠡᠵᠡᠩᠨᠡᠯᠲᠡ ᠶᠢᠨ ᠡᠮᠬᠢ ᠵᠢᠷᠤᠮ ᠢ ᠴᠡᠭᠴᠡᠯᠡᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ2  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2000﹈ 137 ᠳ᠋ᠤᠭᠠᠷ ᠲᠣᠭᠠᠲᠤᠨᠡᠭᠦᠷᠡᠰᠦᠨ ᠤ ᠵᠠᠬ᠎ᠠ ᠳᠡᠯᠭᠡᠭᠦᠷ ᠢ ᠴᠡᠭᠴᠡᠯᠡᠨ ᠴᠡᠪᠡᠷᠯᠡᠬᠦ ᠬᠡᠷᠡᠭᠵᠢᠭᠦᠯᠬᠦ ᠲᠥᠰᠥᠯ ᠢ ᠤᠯᠠᠮᠵᠢᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ3  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2001﹈ 66 ᠳ᠋ᠤᠭᠠᠷ ᠲᠣᠭᠠᠲᠤᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠴᠡᠭᠴᠡᠯᠡᠬᠦ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ4  ᠬᠥᠬᠡᠬᠤᠲᠠ ᠵᠠᠰᠠᠭ ᠲᠠᠷᠬᠠᠭᠠᠭᠰᠠᠨ ﹇2001﹈ 86 ᠳ᠋ᠤᠭᠠᠷ ᠲᠣᠭᠠᠲᠤᠨᠡᠭᠦᠷᠡᠰᠦᠨ ᠤ ᠡᠵᠡᠩᠨᠡᠯᠲᠡ ᠶᠢᠨ ᠡᠮᠬᠢ ᠵᠢᠷᠤᠮ ᠢ ᠬᠤᠭᠤᠴᠠᠭ᠎ᠠ ᠲᠣᠭᠲᠠᠭᠠᠨ ᠴᠡᠭᠴᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ5 ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ  ᠪᠠᠶᠢᠴᠠᠭᠠᠵᠤ ᠰᠢᠯᠭᠠᠨ ᠠᠪᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ6  ᠠᠭᠤᠷᠬᠠᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠵᠢᠷᠤᠮ ᠢ ᠵᠠᠰᠠᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠴᠢᠮ ᠮᠡᠳᠡᠭᠳᠡᠯ7 ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2002﹈ 16 ᠳ᠋ᠤᠭᠠᠷ ᠲᠣᠭᠠᠲᠤᠥᠪᠡᠷᠲᠡᠭᠡᠨ ᠵᠠᠰᠠᠬᠤ ᠣᠷᠣᠨ ᠤ ᠵᠢᠵᠢᠭ ᠨᠡᠭᠦᠷᠡᠰᠦᠨ ᠠᠭᠤᠷᠬᠠᠢ ᠶᠢ ᠬᠠᠭᠠᠬᠤ ᠪᠠ ᠬᠠᠤᠯᠢ ᠶᠣᠰᠤ ᠪᠠᠷ ᠦᠯᠡᠳᠡᠭᠡᠬᠦ ᠬᠠᠮᠢᠶᠠᠷᠤᠯᠲᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷ ᠬᠡᠷᠡᠭᠵᠢᠭᠦᠯᠬᠦ ᠲᠣᠭᠲᠠᠭᠠᠯ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ8  ᠬᠥᠬᠡᠬᠤᠲᠠ ᠵᠠᠰᠠᠭ ᠲᠠᠷᠬᠠᠭᠠᠭᠰᠠᠨ ﹇2003﹈ 39 ᠳ᠋ᠦ᠋ᠭᠡᠷ ᠲᠣᠭᠠᠲᠤᠠᠭᠤᠷᠬᠠᠢ ᠮᠠᠯᠲᠠᠬᠤ ᠡᠷᠬᠡ ᠶᠢ ᠲᠥᠯᠥᠪᠦᠷᠢ ᠲᠠᠢ ᠰᠢᠯᠵᠢᠭᠦᠯᠬᠦ ᠠᠵᠢᠯ ᠢ ᠥᠷᠨᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ9 ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2003﹈ 131 ᠳ᠋ᠦ᠋ᠭᠡᠷ ᠲᠣᠭᠠᠲᠤᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠣᠷᠣᠨ ᠤ ᠠᠭᠤᠷᠬᠠᠢ ᠮᠠᠯᠲᠠᠬᠤ ᠡᠮᠬᠢ ᠵᠢᠷᠤᠮ ᠢ ᠴᠡᠭᠴᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ10 ᠬᠥᠬᠡᠬᠤᠲᠠ ᠵᠠᠰᠠᠭ ᠲᠠᠷᠬᠠᠭᠠᠭᠰᠠᠨ ﹇2004﹈ 55 ᠳ᠋ᠤᠭᠠᠷ ᠲᠣᠭᠠᠲᠤᠬᠥᠬᠡᠬᠤᠲᠠ ᠶᠢᠨ ᠳᠠᠯᠠᠨ ᠬᠠᠷ᠎ᠠ ᠠᠭᠤᠯᠠ ᠶᠢᠨ ᠣᠷᠣᠨ ᠤ ᠠᠭᠤᠷᠬᠠᠢ ᠮᠠᠯᠲᠠᠬᠤ ᠡᠮᠬᠢ ᠵᠢᠷᠤᠮ ᠢ ᠴᠡᠭᠴᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ11 ᠬᠥᠬᠡᠬᠤᠲᠠ ᠵᠠᠰᠠᠭ ᠲᠠᠷᠬᠠᠭᠠᠭᠰᠠᠨ ﹇2004﹈ 73 ᠳ᠋ᠤᠭᠠᠷ ᠲᠣᠭᠠᠲᠤᠠᠶᠤᠯᠭᠦᠢ ᠦᠢᠯᠡᠳᠪᠦᠷᠢᠯᠡᠯ ᠤᠨ ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠨᠡᠭᠦᠷᠡᠰᠦᠨ ᠠᠭᠤᠷᠬᠠᠢ ᠶᠢ ᠬᠠᠭᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ12  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2004﹈ 76 ᠳ᠋ᠤᠭᠠᠷ ᠲᠣᠭᠠᠲᠤᠳᠠᠯᠠᠨ ᠬᠠᠷ᠎ᠠ ᠠᠭᠤᠯᠠ ᠶᠢᠨ ᠣᠷᠣᠨ ᠤ ᠠᠭᠤᠷᠬᠠᠢ ᠮᠠᠯᠲᠠᠬᠤ ᠡᠮᠬᠢ ᠵᠢᠷᠤᠮ ᠢ ᠴᠡᠭᠴᠡᠯᠡᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ13  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2005﹈ 43 ᠳ᠋ᠤᠭᠠᠷ ᠲᠣᠭᠠᠲᠤᠳᠠᠯᠠᠨ ᠬᠠᠷ᠎ᠠ ᠠᠭᠤᠯᠠ ᠳᠠᠭᠠᠤ ᠣᠷᠣᠨ ᠤ ᠠᠭᠤᠷᠬᠠᠢ ᠶᠢᠨ ᠡᠮᠬᠢ ᠵᠢᠷᠤᠮ ᠢ ᠴᠡᠭᠴᠡᠯᠡᠨ ᠵᠠᠰᠠᠬᠤ ᠶᠢ ᠴᠢᠩᠭᠠᠳᠬᠠᠬᠤ  ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠠᠴᠢᠮ ᠮᠡᠳᠡᠭᠳᠡᠯ14  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2005﹈ 144 ᠳ᠋ᠦ᠋ᠭᠡᠷ ᠲᠣᠭᠠᠲᠤᠬᠥᠬᠡᠬᠤᠲᠠ ᠶᠢᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠡᠮᠬᠢ ᠵᠢᠷᠤᠮ ᠢ ᠪᠦᠬᠦ ᠲᠠᠯ᠎ᠠ ᠪᠠᠷ ᠴᠡᠭᠴᠡᠯᠡᠬᠦ ᠪᠠ ᠵᠢᠷᠤᠮᠵᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ15  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2008﹈ 9 ᠳ᠋ᠦ᠋ᠭᠡᠷ ᠲᠣᠭᠠᠲᠤᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ16  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2008﹈ 18 ᠳ᠋ᠤᠭᠠᠷ ᠲᠣᠭᠠᠲᠤᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠡᠮᠬᠢ ᠵᠢᠷᠤᠮ ᠢ ᠴᠡᠭᠴᠡᠯᠡᠬᠦ  ᠪᠠ ᠵᠢᠷᠤᠮᠵᠢᠭᠤᠯᠬᠤ ︽ᠡᠷᠭᠢᠨ ᠬᠠᠷᠠᠬᠤ︾ ᠠᠵᠢᠯᠯᠠᠭ᠎ᠠ ᠶᠢ ᠥᠷᠨᠢᠭᠦᠯᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ17  ᠬᠥᠬᠡᠬᠤᠲᠠ ᠵᠠᠰᠠᠭ ᠲᠠᠷᠬᠠᠭᠠᠭᠰᠠᠨ ﹇2008﹈ 48 ᠳ᠋ᠤᠭᠠᠷ ᠲᠣᠭᠠᠲᠤᠠᠭᠤᠷᠬᠠᠢ ᠶᠢᠨ ᠡᠷᠬᠡ ᠶᠢᠨ ᠦᠨ᠎ᠡ ᠶᠢᠨ ᠵᠣᠭᠤᠰ ᠤᠨ ᠣᠷᠣᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠤᠴᠢᠷ ᠤᠨ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ18  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2009﹈ 106 ᠳ᠋ᠤᠭᠠᠷ ᠲᠣᠭᠠᠲᠤᠨᠡᠭᠦᠷᠡᠰᠦᠨ ᠤ ᠵᠠᠬ᠎ᠠ ᠳᠡᠯᠭᠡᠭᠦᠷ ᠤᠨ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠨ ᠵᠠᠰᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ19   ᠬᠥᠬᠡᠬᠤᠲᠠ ᠵᠠᠰᠠᠭ ᠲᠠᠷᠬᠠᠭᠠᠭᠰᠠᠨ ﹇2011﹈ 27 ᠳ᠋ᠤᠭᠠᠷ ᠲᠣᠭᠠᠲᠤ︽ᠬᠥᠬᠡᠬᠤᠲᠠ ᠶᠢᠨ ᠠᠭᠤᠷᠬᠠᠢ ᠶᠢᠨ ᠡᠬᠢ ᠪᠠᠶᠠᠯᠢᠭ ᠤᠨ ᠶᠡᠷᠦᠩᠬᠡᠢ ᠲᠥᠯᠥᠪᠵᠢᠭᠦᠯᠭᠡ ︵2008 ᠣᠨ — 2015 ᠣᠨ︶︾ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ20 ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2011﹈ 109 ᠳ᠋ᠦ᠋ᠭᠡᠷ ᠲᠣᠭᠠᠲᠤᠬᠤᠲᠠ ᠶᠢᠨ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠵᠠᠰᠠᠯᠲᠠ ᠶᠢᠨ ᠲᠥᠯᠥᠪᠵᠢᠭᠦᠯᠭᠡ ︵2010 ᠣᠨ — 2015 ᠣᠨ︶ ᠶᠢ ᠤᠯᠠᠮᠵᠢᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ21  ᠬᠥᠬᠡᠬᠤᠲᠠ ᠵᠠᠰᠠᠭ ᠲᠠᠷᠬᠠᠭᠠᠭᠰᠠᠨ ﹇2012﹈ 60 ᠳ᠋ᠤᠭᠠᠷ ᠲᠣᠭᠠᠲᠤᠬᠤᠲᠠ ᠶᠢᠨ ᠡᠶ᠎ᠡ ᠵᠣᠬᠢᠴᠠᠯᠲᠤ ᠠᠭᠤᠷᠬᠠᠢ ᠶᠢᠨ ᠣᠷᠤᠨ ᠠᠭᠤᠷᠬᠠᠢ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ22  ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2013﹈ 24 ᠳ᠋ᠦ᠋ᠭᠡᠷ ᠲᠣᠭᠠᠲᠤᠬᠤᠲᠠ ᠶᠢᠨ ᠨᠡᠭᠦᠷᠡᠰᠦᠨ ᠠᠭᠤᠷᠬᠠᠢ ᠶᠢᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠤ ᠭᠠᠮᠰᠢᠭ ᠢ ᠶᠡᠷᠦᠩᠬᠡᠶᠢᠯᠡᠨ ᠵᠠᠰᠠᠬᠤ ᠡᠮᠦᠨᠡᠬᠢ ᠬᠤᠭᠤᠴᠠᠭᠠᠨ ᠤ ᠠᠵᠢᠯ ᠤᠨ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ23 ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2018﹈ 29 ᠳ᠋ᠦ᠋ᠭᠡᠷ ᠲᠣᠭᠠᠲᠤᠨᠡᠭᠦᠷᠡᠰᠦᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号