ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠣᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/12
             ᠬᠥᠬᠡᠬᠤᠲᠠ ᠵᠠᠰᠠᠭ ᠠᠯᠪᠠᠨ ᠦᠰᠦᠭ ﹇2020﹈ 27 ᠳ᠋ᠤᠭᠠᠷ ᠲᠣᠭᠠᠲᠤ                2020 ᠣᠨ ᠤ 5 ᠳ᠋ᠤᠭᠠᠷ ᠰᠠᠷ᠎ᠠ ᠶᠢᠨ 9 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠬᠥᠬᠡᠬᠤᠲᠠ ᠶᠢᠨ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠲᠣᠭᠲᠠᠭᠠᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ  ᠲᠣᠭᠤᠰᠢᠯᠠᠭᠤᠯᠣᠨ ᠬᠡᠷᠡᠭᠵᠢᠭᠦᠯᠲᠦᠭᠡᠶ᠃      ᠬᠥᠬᠡᠬᠤᠲᠠ ᠶᠢᠨ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢᠨ ᠲᠣᠭᠲᠠᠭᠠᠯ       ᠨᠢᠭᠡᠳᠦᠭᠡᠷ ᠪᠦᠯᠦᠭ  ᠶᠡᠷᠣᠩᠬᠡᠢ ᠲᠦᠷᠢᠮ      ᠨᠢᠭᠡᠳᠦᠭᠡᠷ ᠵᠦᠢᠯ᠂ ᠵᠠᠰᠠᠭ  ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠭᠡᠷ᠎ᠡ ᠶᠢᠨ ᠲᠦᠭᠰᠢᠭᠦᠷᠢ ᠶᠢ  ᠰᠡᠷᠭᠡᠶᠢᠯᠡᠨ᠂ ᠭᠡᠷ᠎ᠡ ᠶᠢᠨ ᠵᠢᠭᠤᠷᠠᠯᠳᠤᠭᠠᠨ ᠢ ᠪᠠᠭᠠᠰᠬᠠᠵᠤ᠂ ᠤᠯᠤᠰ ᠤᠨ ᠦᠮᠴᠢᠯᠡᠯᠳᠦ ᠡᠳ᠋ ᠬᠥᠷᠥᠩᠭᠡ  ᠂ ᠡᠳ᠋ ᠤᠨ ᠵᠠᠰᠠᠭ ᠤᠨ  ᠪᠡᠯᠡ ᠮᠥᠩᠭᠦ ᠶᠢᠨ ᠠᠮᠤᠷ ᠲᠦᠪᠰᠢᠨ ᠪᠠ ᠪᠠᠶᠢᠭᠠᠯᠢ ᠶᠢᠨ ᠡᠬᠢ ᠪᠠᠶᠠᠯᠢᠭ᠂ ᠣᠯᠠᠨ ᠨᠡᠶᠢᠲᠡ ᠶᠢᠨ ᠡᠬᠢ  ᠪᠠᠶᠠᠯᠢᠭ ᠢ ᠪᠦᠲᠦᠮᠵᠢᠲᠡᠶ ᠠᠰᠢᠭᠯᠠᠬᠤ ᠶᠢ ᠪᠠᠲᠤᠯᠠᠵᠤ᠂ ᠭᠡᠷ᠎ᠡ ᠶᠢᠨ ᠡᠯ᠎ᠡ ᠲᠠᠯ᠎ᠠ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ  ᠬᠠᠮᠠᠭᠠᠯᠠᠬᠤ ᠶᠢᠨ ᠳᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ  ᠭᠡᠷ᠎ᠡ ᠶᠢᠨ ᠬᠠᠤᠯᠢ︾ ᠵᠡᠷᠭᠡ  ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ᠂ ᠲᠣᠰ ᠬᠤᠲᠠ ᠶᠢᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠲᠣᠰ  ᠲᠣᠭᠳᠠᠭᠠᠯ ᠢ ᠲᠣᠭᠲᠠᠭᠠᠪᠠ᠃      ᠬᠤᠶᠠᠳᠤᠭᠠᠷ ᠵᠦᠢᠯ ᠲᠣᠰ ᠲᠣᠭᠲᠠᠭᠠᠯ ᠳᠤ ᠬᠡᠯᠡᠵᠦ ᠪᠠᠶᠢᠭ᠎ᠠ ᠵᠠᠰᠠᠭ  ᠤᠨ ᠣᠷᠳᠣᠨ ᠤ ᠭᠡᠷ᠎ᠡ ᠪᠣᠯ᠂ ᠬᠤᠲᠠ ᠶᠢᠨ ᠠᠷᠠᠳ ᠤᠨ ᠵᠠᠰᠠᠭ ᠤᠨ  ᠣᠷᠳᠣᠨ ᠵᠠᠰᠠᠭ ᠵᠠᠬᠢᠷᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠯᠠᠭ᠎ᠠ᠂ ᠢᠷᠭᠡᠨ ᠤ ᠠᠵᠤ ᠠᠬᠤᠢ ᠶᠢᠨ ᠠᠵᠢᠯᠯᠠᠭᠠᠨ ᠤ ᠳᠤᠮᠳᠠ᠂ ᠨᠢᠭᠡ ᠲᠠᠯ᠎ᠠ ᠶᠢᠨ ᠲᠤᠬᠠᠢ  ᠶᠢᠨ ᠬᠥᠮᠦᠨ ᠪᠣᠯᠤᠭᠰᠠᠨ ᠤ ᠬᠤᠪᠢ ᠳᠤ ᠲᠣᠭᠲᠠᠭᠠᠭᠰᠠᠨ ᠭᠡᠷ᠎ᠡ᠂ ᠬᠡᠯᠡᠯᠴᠡᠭᠡᠷ᠂ ᠰᠠᠨᠠᠮᠵᠢ ᠶᠢᠨ ᠪᠢᠴᠢᠭ᠂  ᠰᠠᠨᠠᠭᠤᠯᠣᠮᠵᠢ ᠵᠡᠷᠭᠡ ᠭᠡᠷ᠎ᠡ ᠶᠢᠨ ᠴᠢᠨᠠᠷᠲᠠᠢ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠵᠢᠭᠠᠵᠤ ᠪᠠᠶᠢᠨ᠎ᠠ᠃ ᠭᠤᠤᠯᠳᠠᠭᠤ ᠳᠣᠤᠷᠠᠬᠢ ᠮᠡᠲᠦ ᠲᠥᠷᠥᠯ  ᠵᠦᠢᠯ ᠢ ᠪᠠᠭᠲᠠᠭᠠᠨ᠎ᠠ᠄      ︵ᠨᠢᠭᠡ︶ ᠰᠠᠭᠤᠷᠢ ᠪᠡᠯᠡᠳᠭᠡᠮᠵᠢ ᠶᠢᠨ ᠪᠦᠳᠦᠭᠡᠠ ᠪᠠᠶᠢᠭᠤᠯᠤᠯᠲᠠ᠂ ᠲᠦᠷᠢᠶᠡᠰᠦᠯᠡᠯ᠂ ᠰᠢᠯᠵᠢᠭᠦᠯᠦᠨ ᠬᠤᠳᠠᠯᠳᠣᠬᠤ᠂ ᠰᠢᠯᠵᠢᠭᠦᠯᠦᠨ  ᠥᠭᠬᠦ᠂ ᠳᠠᠭᠠᠭᠠᠴᠢᠯᠠᠬᠤ᠂ ᠨᠠᠶᠢᠳᠠᠯᠭ᠎ᠠ ᠪᠠᠷ ᠬᠠᠮᠢᠶᠠᠷᠬᠤ ᠭᠡᠷ᠎ᠡ︔      ︵ᠬᠤᠶᠠᠷ︶ ᠵᠠᠰᠠᠭ ᠤᠨ ᠣᠷᠳᠣᠨ ᠤ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠭᠡᠷ᠎ᠡ᠂ ᠵᠠᠰᠠᠭ ᠤᠨ ᠣᠷᠳᠣᠨ ᠪᠠ  ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ ︵PPP︶ ᠶᠢᠨ ᠬᠡᠯᠡᠯᠴᠡᠭᠡᠷ︔      ︵ᠭᠤᠷᠪᠠ︶ ᠬᠤᠳᠠ ᠶᠢᠨ ᠵᠠᠰᠠᠭ ᠤᠨ ᠣᠷᠳᠣᠨ ᠤ ᠨᠠᠶᠢᠳᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ᠂ ᠬᠠᠤᠯᠢ  ᠴᠠᠭᠠᠵᠠ ᠶᠢᠨ ᠵᠥᠪᠯᠡᠯᠭᠡ ᠥᠭᠬᠦ ᠵᠡᠷᠭᠡ  ᠦᠢᠯᠡᠴᠢᠯᠡᠭᠡᠨ ᠤ ᠭᠡᠷ᠎ᠡ︔      ︵ᠲᠦᠷᠪᠡ︶ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠡᠷ᠎ᠡ︔      ︵ᠲᠠᠪᠤ︶ ᠪᠤᠰᠤᠳ ᠵᠠᠰᠠᠭ ᠤᠨ ᠣᠷᠳᠣᠨ ᠤ ᠭᠡᠷ᠎ᠡ᠃      ᠭᠤᠷᠪᠠᠳᠤᠭᠠᠷ ᠵᠦᠢᠯ  ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ᠂ ᠭᠦᠢᠴᠡᠳᠬᠡᠬᠦ ᠳᠤ ᠬᠠᠤᠯᠢ ᠶᠣᠰᠣᠨ ᠤ᠂ ᠡᠷᠬᠡ ᠲᠡᠭᠰᠢ᠂ ᠦᠨᠡᠨᠴᠢ ᠢᠲᠡᠭᠡᠮᠵᠢᠲᠡᠶ ᠪᠠᠶᠢᠬᠤ ᠪᠠ ᠪᠣᠯᠭᠤᠮᠵᠢᠲᠠᠶ ᠪᠠᠶᠢᠬᠤ ᠵᠠᠷᠴᠢᠮ ᠢ ᠵᠢᠷᠤᠮᠯᠠᠵᠤ᠂ ᠤᠯᠤᠰ ᠤᠨ  ᠦᠮᠴᠢᠯᠡᠯᠳᠤ ᠡᠳ᠋ ᠬᠦᠷᠦᠩᠭᠡ᠂ ᠡᠳ᠋ ᠤᠨ ᠵᠠᠰᠠᠭ ᠤᠨ ᠪᠡᠯᠡ ᠮᠥᠩᠭᠦᠨ ᠤ ᠠᠮᠤᠷ ᠲᠦᠪᠰᠢᠨ ᠪᠠ ᠪᠠᠶᠢᠭᠠᠯᠢ ᠶᠢᠨ ᠡᠬᠢ ᠪᠠᠶᠠᠯᠢᠭ᠂ ᠤᠯᠠᠨ ᠨᠡᠶᠢᠲᠡ ᠶᠢᠨ ᠡᠬᠢ ᠪᠠᠶᠠᠯᠢᠭ ᠤᠨ ᠪᠦᠲᠦᠮᠵᠢᠲᠡᠶ ᠠᠰᠢᠭᠯᠠᠯᠲᠠ ᠶᠢ ᠪᠠᠲᠤᠯᠠᠨ᠎ᠠ᠃      ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ ᠨᠢ ᠡᠷᠬᠡ ᠬᠠᠷᠢᠭᠤᠴᠠᠯᠭ᠎ᠠ ᠲᠣᠳᠣᠷᠬᠠᠶ᠂ ᠲᠡᠰ ᠳᠠᠷᠠᠭᠠᠯᠠᠯ ᠵᠢᠷᠣᠮᠵᠢᠭᠤᠨ᠂ ᠠᠭᠤᠯᠭ᠎ᠠ ᠨᠢ ᠬᠠᠤᠯᠢ ᠳᠤ ᠨᠡᠶᠢᠴᠡᠬᠦ᠂ ᠴᠠᠭ ᠲᠤᠬᠠᠶ ᠳᠤᠨᠢ ᠰᠢᠢᠳᠪᠦᠷᠢᠯᠡᠬᠦ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠲᠣᠰ ᠲᠣᠭᠲᠠᠭᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ᠵᠠᠰᠠᠭ ᠤᠨ ᠣᠷᠳᠣᠨ ᠤ ᠭᠡᠷ᠎ᠡ ᠶᠢᠨ ᠠᠭᠤᠯᠭ᠎ᠠ ᠳᠤ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠭᠡᠷ᠎ᠡ ᠶᠢᠨ ᠠᠭᠤᠯᠭ᠎ᠠ ᠳᠤ ᠬᠤᠯᠪᠣᠭᠳᠠᠭᠰᠠᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ᠂ ᠤᠯᠤᠰ ᠤᠨ ᠦᠮᠴᠢᠯᠡᠯᠳᠦ ᠠᠵᠤ ᠠᠬᠤᠶᠢᠯᠠᠯ ︵ᠳᠣᠷᠣᠭᠰᠢ ︽ᠭᠡᠷ᠎ᠡ ᠶᠢ ᠳᠠᠭᠠᠭᠠᠨ ᠭᠦᠢᠴᠡᠳᠭᠡᠬᠦ ᠨᠢᠭᠡᠴᠡ︾ ᠭᠡᠵᠦ ᠲᠣᠪᠴᠢᠯᠠᠨ᠎ᠠ︶ ᠭᠡᠷ᠎ᠡ ᠶᠢᠨ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ᠂ ᠲᠤᠭᠤᠷᠪᠢᠬᠤ᠂  ᠭᠦᠢᠴᠡᠳᠭᠡᠬᠦ᠂ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠶᠠᠪᠣᠳᠠᠯ ᠢ ᠡᠭᠦᠷᠭᠡᠯᠡᠵᠦ  ᠂ ᠪᠣᠳᠠᠲᠠᠶ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄      ︵ᠨᠢᠭᠡ︶ ᠵᠠᠰᠠᠭ ᠤᠨ ᠣᠷᠳᠣᠨ ᠤ ᠭᠡᠷ᠎ᠡ ᠶᠢᠨ ᠲᠥᠷᠥᠯ ᠵᠦᠢᠯ ᠤᠨ ᠪᠠᠶᠢᠴᠠᠭᠠᠨ ᠰᠤᠳᠤᠯᠤᠯᠲᠠ᠂  ᠪᠣᠯᠬᠤᠶᠢᠴᠠ ᠴᠢᠨᠠᠷ ᠤᠨ ᠪᠣᠯᠤᠮᠵᠢ ᠶᠢᠨ  ᠨᠤᠲᠠᠯᠠᠯᠲᠠ ᠶᠢ ᠬᠠᠷᠢᠭᠤᠴᠠᠨ᠎ᠠ︔      ︵ᠬᠤᠶᠠᠷ︶ ᠵᠠᠰᠠᠭ ᠤᠨ ᠣᠷᠳᠣᠨ ᠤ ᠭᠡᠷ᠎ᠡ ᠶᠢᠨ ᠨᠥᠭᠦᠭᠡ ᠲᠠᠯ᠎ᠠ ᠶᠢᠨ ᠲᠤᠬᠠᠶ ᠶᠢᠨ ᠬᠥᠮᠦᠨ ᠤ ᠪᠡᠶᠡᠴᠢ ᠴᠣᠭᠴᠠ ᠶᠢᠨ ᠬᠢᠷᠢ ᠬᠡᠮ ᠵᠢᠴᠢ ᠬᠥᠷᠥᠩᠭᠡ ᠢᠲᠡᠭᠡᠮᠵᠢ ᠵᠡᠷᠭᠡ ᠪᠠᠶᠢᠳᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠬᠤ ᠶᠢᠨ ᠬᠠᠮᠳᠤ ᠬᠤᠯᠪᠣᠭᠳᠠᠯ ᠪᠦᠬᠦᠢ ᠮᠠᠲ᠋ᠧᠷᠢᠶᠠᠯ ᠢ ᠴᠤᠭᠯᠠᠭᠤᠯᠤᠨ᠎ᠠ︔      ︵ᠭᠤᠷᠪᠠ︶ ᠨᠦᠬᠦᠭᠡ ᠲᠠᠯ᠎ᠠ ᠶᠢᠨ ᠲᠤᠬᠠᠶ ᠶᠢᠨ ᠬᠥᠮᠦᠨ ᠲᠠᠢ ᠬᠡᠯᠡᠯᠴᠡᠭᠡ ᠬᠢᠬᠦ᠂ ᠭᠡᠷ᠎ᠡ ᠶᠢᠨ ᠪᠢᠴᠢᠭ ᠢ ᠲᠣᠭᠤᠷᠪᠢᠨ  ᠪᠢᠴᠢᠵᠦ᠂ ᠵᠠᠰᠠᠪᠤᠷᠢ ᠣᠷᠣᠭᠤᠯᠬᠤ ᠶᠢ ᠬᠠᠷᠢᠭᠤᠴᠠᠨ᠎ᠠ︔      ︵ᠳᠥᠷᠪᠡ︶ ᠵᠠᠰᠠᠭ ᠤᠨ ᠣᠷᠳᠣᠨ ᠤ ᠭᠡᠷ᠎ᠡ ᠶᠢ ᠭᠦᠢᠴᠡᠳᠭᠡᠬᠦ ᠶᠢ  ᠬᠠᠷᠢᠭᠤᠴᠠᠵᠤ᠂ ᠭᠡᠷ᠎ᠡ ᠶᠢ ᠭᠦᠢᠴᠡᠳᠬᠡᠬᠦ ᠶᠠᠪᠤᠴᠠ ᠳᠤ ᠭᠠᠷᠤᠭᠰᠠᠨ ᠵᠢᠭᠤᠷᠠᠯᠳᠤᠭᠠᠨ ᠪᠠ ᠢᠯᠡᠷᠡᠭᠦᠯᠦᠭᠰᠡᠨ ᠠᠰᠠᠭᠤᠳᠠᠯ ᠢ ᠴᠠᠭ ᠲᠣᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠵᠢᠯᠴᠠᠨ ᠵᠠᠷᠭᠤᠯᠳᠤᠬᠤ ᠪᠤᠶᠤ ᠬᠥᠨᠳᠡᠯᠡᠨ ᠠᠴᠠ ᠲᠠᠰᠤᠯᠬᠤ ᠠᠵᠢᠯ ᠢ ᠰᠠᠶᠢᠲᠣᠷ ᠬᠢᠨ᠎ᠡ︔      ︵ᠲᠠᠪᠤ︶ ᠭᠡᠷ᠎ᠡ ᠬᠡᠯᠡᠯᠴᠡᠬᠦ᠂ ᠲᠣᠭᠲᠠᠭᠠᠬᠤ᠂  ᠭᠦᠢᠴᠡᠳᠭᠡᠬᠦ᠂ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ  ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠡᠮᠬᠢᠯᠡᠬᠦ ᠵᠡᠷᠭᠡ ᠠᠵᠢᠯ ᠢ ᠬᠠᠷᠢᠭᠤᠴᠠᠨ᠎ᠠ᠃ᠲᠠᠪᠤᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠲᠣᠭᠲᠠᠭᠠᠬᠤ ᠳᠤ ᠳᠣᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠢ ᠴᠠᠭᠠᠵᠠᠯᠠᠨ᠎ᠠ᠄      ︵ᠨᠢᠭᠡ︶ ᠬᠠᠤᠯᠢ ᠶᠢᠨ ᠡᠷᠬᠡᠳᠡᠨ ᠤ ᠬᠢᠷᠢ ᠭᠡᠮ ᠦᠭᠡᠢ ᠳᠦᠷ ᠴᠠᠭ ᠤᠨ ᠪᠠᠶᠢᠭᠤᠯᠣᠮᠵᠢ᠂ ᠳᠣᠲᠣᠭᠠᠳᠣ ᠪᠠᠶᠢᠭᠤᠯᠤᠮᠵᠢ ᠭᠡᠷ᠎ᠡ ᠲᠣᠭᠳᠠᠭᠠᠬᠤ᠃      ︵ᠬᠤᠶᠠᠷ︶ ᠬᠠᠤᠯᠢ ᠳᠤ ᠲᠣᠭᠲᠠᠭᠠᠭᠰᠠᠨ ᠵᠢᠷᠤᠮ᠂ ᠬᠠᠤᠯᠢ ᠳᠤ ᠲᠣᠭᠲᠠᠭᠠᠭᠰᠠᠨ ᠨᠥᠬᠦᠴᠡᠯ ᠢ ᠵᠥᠷᠢᠴᠡᠨ ᠭᠡᠷ᠎ᠡ  ᠳᠣᠭᠲᠠᠬᠤ ᠪᠠ ᠬᠤᠪᠢᠷᠠᠭᠤᠯᠬᠤ︔      ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠥᠷᠢᠴᠡᠨ ᠭᠡᠷ᠎ᠡ ᠶᠢᠨ ᠳᠠᠭᠠᠭᠠᠭᠴᠢ ᠶᠢ ᠲᠣᠭᠳᠠᠭᠠᠬᠤ︔      ︵ᠲᠦᠷᠪᠡ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠶ ᠶᠢᠨ ᠬᠥᠮᠦᠨ ᠪᠤᠶᠤ ᠭᠤᠷᠪᠠᠳᠠᠬᠢ ᠬᠥᠮᠦᠨ ᠤ ᠳᠤᠷᠠᠳᠤᠭᠰᠠᠨ ᠬᠠᠤᠯᠢ ᠳᠤ ᠤᠢᠯᠦ ᠨᠡᠶᠢᠴᠡᠬᠦ᠂ ᠵᠦᠶ ᠵᠤᠬᠢᠰ ᠤᠢᠭᠡᠢ ᠱᠠᠭᠠᠷᠳᠠᠯᠭ᠎ᠠ ᠳᠤ ᠠᠮᠠᠯᠠᠬᠤ︔      ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠬᠤ︔      ︵ᠵᠢᠷᠭᠤᠭ᠎ᠠ︶ ᠭᠡᠷ᠎ᠡ ᠳᠤ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠢ ᠵᠥᠷᠢᠴᠡᠭᠰᠡᠨ ᠪᠤᠶᠤ ᠤᠯᠤᠰ ᠣᠷᠣᠨ᠂ ᠬᠠᠮᠲᠤ ᠨᠡᠶᠢᠳᠠ ᠪᠤᠶᠤ ᠭᠤᠷᠪᠠᠳᠠᠬᠢ ᠬᠥᠮᠦᠨ ᠤ ᠠᠰᠢᠭ ᠲᠤᠰᠠ ᠶᠢ ᠬᠤᠬᠢᠷᠠᠭᠤᠯᠤᠭᠰᠠᠨ ᠪᠤᠰᠤᠳ ᠠᠭᠤᠯᠭ᠎ᠠ ᠶᠢ ᠪᠣᠯᠵᠣᠨ ᠲᠣᠭᠳᠠᠭᠠᠬᠤ  ᠃      ᠬᠤᠶᠠᠳᠤᠭᠠᠷ ᠪᠦᠯᠦᠭ ᠭᠡᠷ᠎ᠡ ᠶᠢ ᠲᠤᠭᠤᠷᠪᠢᠨ ᠪᠢᠴᠢᠬᠦ      ᠵᠢᠷᠭᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠭᠡᠷ᠎ᠡ ᠶᠢ ᠳᠠᠭᠠᠭᠠᠨ ᠠᠪᠣᠭᠰᠠᠨ   ᠨᠢᠭᠡᠴᠡ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠳᠡᠰ ᠳᠠᠷᠠᠭᠠᠯᠠᠯ ᠪᠠ ᠨᠥᠬᠦᠴᠡᠯ ᠶᠣᠰᠣᠭᠠᠷ ᠭᠡᠷ᠎ᠡ ᠶᠢᠨ ᠨᠥᠭᠦᠭᠡ ᠲᠠᠯ᠎ᠠ ᠶᠢᠨ ᠲᠤᠬᠠᠶ ᠶᠢᠨ ᠬᠥᠮᠦᠨ ᠢ ᠲᠣᠭᠲᠠᠭᠠᠬᠤ ᠬᠡᠷᠡᠭᠲᠡᠶ᠃      ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠠᠤᠯᠢ ᠳᠤ ᠲᠣᠭᠲᠠᠭᠠᠭᠰᠠᠨ ᠵᠢᠷᠤᠮ ᠢᠶᠠᠷ ᠳᠠᠮᠵᠢᠭᠤᠯᠣᠨ ᠭᠡᠷ᠎ᠡ ᠶᠢᠨ ᠨᠥᠭᠦᠭᠡ ᠡᠲᠡᠭᠡᠳ ᠤᠨ ᠲᠤᠬᠠᠶ ᠶᠢᠨ ᠬᠥᠮᠦᠨ ᠢ ᠲᠣᠭᠲᠠᠭᠠᠬᠤ ᠴᠢᠬᠤᠯᠠᠲᠠᠶ ᠪᠣᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃      ᠳᠣᠯᠣᠳᠤᠭᠠᠷ ᠵᠦᠢᠯ᠂ ᠵᠠᠰᠠᠭ ᠤᠨ ᠣᠷᠳᠣᠨ ᠤ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠪᠣᠯᠤᠨ ᠨᠦᠭᠦᠭᠡ ᠲᠠᠯ᠎ᠠ ᠶᠢᠨ ᠲᠤᠬᠠᠶ ᠶᠢᠨ ᠬᠥᠮᠦᠨ ᠵᠥᠪᠳᠡᠯᠴᠡᠵᠦ ᠲᠤᠭᠤᠷᠪᠢᠨ ᠪᠢᠴᠢᠨ᠎ᠡ᠃ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠪᠠᠶᠢᠭᠤᠯᠤᠮᠵᠢ ᠪᠠ ᠤᠷᠢᠭᠰᠠᠨ ᠬᠠᠤᠯᠢ ᠴᠠᠭᠠᠵᠠ ᠶᠢᠨ ᠵᠥᠪᠯᠡᠭᠴᠢ ᠨᠢ ᠭᠡᠷ᠎ᠡ ᠶᠢ ᠲᠤᠭᠤᠷᠪᠢᠨ ᠪᠢᠴᠢᠬᠦ ᠳᠤ ᠣᠷᠣᠯᠴᠠᠬᠤ ᠬᠡᠷᠡᠭᠲᠡᠶ᠃      ᠨᠠᠢᠮᠠᠳᠤᠭᠠᠷ ᠵᠦᠢᠯ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ ᠪᠢᠴᠢᠬᠦ ᠶᠠᠪᠤᠴᠠ ᠳᠤ᠂ ᠨᠦᠭᠦᠭᠡ ᠲᠠᠯ᠎ᠠ ᠶᠢᠨ ᠲᠤᠬᠠᠶ ᠶᠢᠨ ᠬᠥᠮᠦᠨ ᠤ ᠪᠡᠶᠡᠴᠢ ᠴᠣᠭᠴᠠ ᠶᠢᠨ ᠬᠢᠷᠢ ᠬᠡᠮ᠂ ᠡᠳ᠋ ᠬᠦᠷᠦᠩᠭᠡ᠂ ᠢᠲᠡᠭᠡᠮᠵᠢ᠂ ᠳᠠᠭᠠᠭᠠᠯᠲᠠ᠂ ᠪᠣᠯᠵᠤᠭ᠎ᠠ ᠭᠦᠢᠴᠡᠳᠭᠡᠬᠦ ᠴᠢᠳᠠᠪᠤᠷᠢ᠂ ᠮᠡᠳᠡᠯᠭᠡ ᠶᠢᠨ ᠪᠦᠳᠦᠭᠡᠭᠳᠡᠬᠦᠨ ᠤ ᠡᠷᠬᠡ ᠵᠡᠷᠭᠡ ᠪᠠᠶᠢᠳᠠᠯ ᠢ ᠬᠢᠨᠠᠨ ᠰᠢᠯᠭᠠᠬᠤ ᠬᠡᠷᠡᠭᠲᠡᠶ᠃ ᠴᠢᠬᠤᠯᠠ ᠶᠡᠭᠡ᠂ ᠬᠦᠴᠢᠷ ᠲᠦᠪᠡᠭᠲᠡᠶ ᠠᠰᠠᠭᠤᠳᠠᠯ ᠳᠤ ᠬᠤᠯᠪᠣᠭᠳᠠᠭᠰᠠᠨ ᠪᠤᠶᠤ ᠲᠦᠭᠰᠢᠭᠦᠷᠢ ᠨᠡᠯᠢᠶᠡᠳ ᠶᠡᠭᠡ  ᠪᠠᠶᠢᠪᠠᠯ᠂ ᠲᠤᠰᠬᠠᠶ ᠪᠠᠶᠢᠭᠤᠯᠤᠮᠵᠢ ᠳᠤ ᠨᠠᠶᠢᠳᠠᠵᠤ ᠬᠥᠷᠥᠩᠭᠡ ᠢᠲᠡᠭᠡᠮᠵᠢ ᠶᠢᠨ ᠪᠠᠶᠢᠴᠠᠭᠠᠯᠲᠠ ᠬᠢᠯᠭᠡᠬᠦ ᠬᠡᠷᠡᠭᠲᠡᠶ᠃      ᠶᠢᠰᠦᠳᠦᠭᠡᠷ ᠵᠦᠢᠯ  ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠬᠤ ᠶᠠᠪᠤᠴᠠ ᠳᠤ ᠨᠥᠭᠦᠭᠡ ᠲᠠᠯ᠎ᠠ ᠶᠢᠨ ᠲᠤᠬᠠᠶ ᠶᠢᠨ ᠬᠥᠮᠦᠨ ᠲᠠᠢ ᠭᠦᠢᠴᠡᠳ ᠵᠥᠪᠳᠡᠯᠴᠡᠬᠦ ᠬᠡᠷᠡᠭᠲᠡᠢ᠃ ᠭᠡᠷ᠎ᠡ ᠶᠢᠨ ᠠᠭᠤᠯᠭ᠎ᠠ ᠨᠢ ᠪᠤᠰᠤᠳ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃      ᠠᠷᠪᠠᠳᠤᠭᠠᠷ ᠵᠦᠢᠯ ᠭᠡᠷ᠎ᠡ ᠳᠠᠭᠠᠭᠠᠨ ᠠᠪᠴᠤ  ᠭᠦᠢᠴᠡᠳᠭᠡᠬᠦ ᠨᠢᠭᠡᠴᠡ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠨ  ᠪᠢᠴᠢᠬᠦ ᠶᠠᠪᠤᠴᠠ ᠳᠤ᠂ ᠭᠡᠷ᠎ᠡ ᠶᠢᠨ ᠬᠠᠤᠯᠢ ᠴᠠᠭᠠᠵᠠ᠂ ᠠᠵᠤ ᠠᠬᠤᠶ᠂ ᠮᠡᠷᠭᠡᠵᠢᠯ᠂ ᠨᠡᠶᠢᠭᠡᠮ ᠤᠨ  ᠲᠣᠭᠳᠠᠭᠤᠨ ᠪᠠᠶᠢᠳᠠᠯ ᠪᠠ ᠠᠮᠢ ᠠᠬᠤᠶ ᠶᠢᠨ ᠣᠷᠴᠢᠨ ᠨᠥᠬᠦᠴᠡᠯ ᠵᠡᠷᠭᠡ ᠲᠠᠯ᠎ᠠ ᠶᠢᠨ ᠲᠦᠭᠰᠢᠭᠦᠷᠢ ᠳᠤ ᠵᠠᠳᠠᠯᠤᠯᠲᠠ ᠪᠠ ᠦᠨᠡᠯᠡᠯᠲᠡ ᠬᠢᠬᠦ ᠬᠡᠷᠡᠭᠲᠡᠶ᠃ ᠴᠢᠬᠤᠯᠠ ᠶᠡᠭᠡ᠂ ᠬᠦᠴᠢᠷ ᠲᠦᠪᠡᠭᠲᠡᠶ ᠠᠰᠠᠭᠤᠳᠠᠯ ᠳᠤ ᠬᠤᠯᠪᠣᠭᠳᠠᠭᠰᠠᠨ ᠪᠤᠶᠤ ᠲᠦᠭᠰᠢᠭᠦᠷᠢ ᠨᠡᠯᠢᠶᠡᠳ ᠶᠡᠭᠡ  ᠪᠠᠶᠢᠪᠠᠯ  ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠬᠡᠷᠡᠭᠲᠡᠶ᠃      ᠵᠠᠰᠠᠭ ᠤᠨ ᠣᠷᠳᠣᠨ ᠤ ᠭᠡᠷ᠎ᠡ ᠶᠢᠨ  ᠠᠭᠤᠯᠭ᠎ᠠ ᠨᠢ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠰᠢᠢᠳᠪᠦᠷᠢᠯᠡᠬᠦ  ᠳᠤ ᠬᠤᠯᠪᠣᠭᠳᠠᠭᠰᠠᠨ ᠪᠠᠶᠢᠪᠠᠯ᠂ ᠤᠯᠤᠰ ᠤᠨ ᠦᠮᠴᠢᠯᠡᠯᠳᠦ ᠡᠳ᠋ ᠬᠥᠷᠥᠩᠭᠡ ᠪᠤᠶᠤ ᠡᠳ᠋ ᠤᠨ ᠵᠠᠰᠠᠭ  ᠤᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠵᠤ ᠠᠬᠤᠶᠢᠯᠠᠯ ᠤᠨ ᠤᠯᠤᠰ ᠤᠨ ᠦᠮᠴᠢᠯᠡᠯᠳᠦ ᠡᠳ᠋ ᠬᠥᠷᠥᠩᠭᠡ ᠶᠢᠨ ᠬᠠᠤᠯᠢ︾ ᠵᠡᠷᠭᠡ  ᠬᠤᠯᠪᠤᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠦᠮᠴᠢᠯᠡᠯᠳᠦ ᠡᠳ᠋ ᠬᠥᠷᠥᠩᠭᠡ ᠶᠢ ᠦᠨᠡᠯᠡᠨ ᠵᠢᠱᠢᠬᠦ᠂ ᠰᠢᠢᠳᠪᠦᠷᠢᠯᠡᠬᠦ ᠳᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ᠠᠷᠪᠠᠨ ᠨᠢᠭᠡᠳᠦᠭᠡᠷ ᠵᠦᠢᠯ ᠭᠡᠷ᠎ᠡ ᠶᠢ ᠭᠦᠢᠴᠡᠳᠭᠡᠬᠦ ᠨᠢᠭᠡᠴᠡ ᠵᠠᠰᠠᠭ ᠤᠨ ᠣᠷᠳᠣᠨ ᠤ ᠭᠡᠷ᠎ᠡ ᠶᠢ ᠲᠤᠭᠤᠷᠪᠢᠬᠤ ᠶᠠᠪᠤᠴᠠ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠭᠡᠷ᠎ᠡ ᠶᠢᠨ ᠬᠡᠪ ᠪᠢᠴᠢᠭ ᠢ ᠨᠢᠭᠡᠨᠲᠡ ᠲᠣᠭᠳᠠᠭᠠᠭᠰᠠᠨ ᠪᠠᠶᠢᠪᠠᠯ᠂ ᠭᠡᠷ᠎ᠡ ᠶᠢᠨ ᠬᠡᠪ ᠪᠢᠴᠢᠭ ᠢ ᠤᠷᠢᠳᠠᠪᠠᠷ ᠬᠡᠷᠡᠭᠯᠡᠬᠦ ᠶᠢᠨ ᠬᠠᠮᠳᠦ ᠭᠡᠷ᠎ᠡ ᠶᠢᠨ ᠬᠡᠪ ᠪᠢᠴᠢᠭ ᠤᠨ ᠰᠠᠭᠤᠷᠢᠨ ᠳᠡᠭᠡᠷ᠎ᠡ ᠭᠦᠢᠴᠡᠳ ᠵᠥᠪᠳᠡᠯᠴᠡᠬᠦ ᠬᠡᠷᠡᠭᠲᠡᠢ᠃      ᠤᠯᠤᠰ ᠪᠠ ᠥᠪᠡᠷᠲᠡᠭᠡᠨ ᠵᠠᠰᠠᠬᠤ ᠣᠷᠣᠨ ᠭᠡᠷ᠎ᠡ ᠶᠢᠨ ᠬᠡᠪ ᠪᠢᠴᠢᠭ ᠲᠣᠭᠲᠠᠭᠠᠭᠰᠠᠨ ᠦᠭᠡᠢ ᠪᠣᠯ᠂ ᠳᠠᠭᠠᠭᠠᠨ ᠭᠦᠢᠴᠡᠳᠬᠡᠬᠦ  ᠨᠢᠭᠡᠴᠡ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠡᠷ᠎ᠡ ᠳᠤ ᠬᠤᠯᠪᠣᠭᠳᠠᠬᠤ ᠠᠭᠤᠯᠭ᠎ᠠ ᠶᠢᠨ ᠬᠡᠷᠡᠭᠴᠡᠭᠡ ᠶᠢ ᠦᠨᠳᠦᠰᠦᠯᠡᠨ᠂ ᠭᠡᠷ᠎ᠡ ᠶᠢᠨ ᠪᠢᠴᠢᠭ ᠢ ᠲᠤᠭᠤᠷᠪᠢᠬᠤ  ᠬᠡᠷᠡᠭᠳᠡᠢ᠃      ᠭᠤᠷᠪᠠᠳᠤᠭᠠᠷ ᠪᠦᠯᠦᠭ  ᠬᠠᠤᠯᠢ ᠶᠣᠰᠣᠨ ᠤ ᠬᠢᠨᠠᠨ ᠬᠠᠷᠭᠤᠭᠤᠯᠤᠯᠲᠠ      ᠠᠷᠪᠠᠨ ᠬᠤᠶᠠᠳᠤᠭᠠᠷ ᠵᠦᠢᠯ  ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠬᠤ ᠠᠴᠠ ᠡᠮᠦᠨ᠎ᠡ ᠬᠠᠤᠯᠢ ᠶᠣᠰᠣᠨ ‍ᠤ‌‍ᠴᠢᠨᠠᠷ ᠢ ᠬᠢᠨᠠᠨ ᠬᠠᠷᠭᠤᠭᠤᠯᠤᠯᠲᠠ ᠬᠢᠬᠦ ᠬᠡᠷᠡᠭᠲᠡᠶ᠃ ᠬᠠᠤᠯᠢ ᠶᠣᠰᠣᠨ ᠤ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠪᠠᠲᠤᠯᠠᠭᠰᠠᠨ ᠦᠭᠡᠢ ᠪᠠᠶᠢᠪᠠᠯ᠂ ᠲᠣᠭᠲᠠᠭᠠᠵᠤ ᠪᠣᠯᠬᠤ ᠦᠭᠡᠢ᠃      ᠠᠷᠪᠠᠨ ᠭᠤᠷᠪᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠳᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠲᠤᠭᠤᠷᠪᠢᠬᠤ ᠱᠠᠲᠤᠨ ᠳᠤ ᠭᠡᠷ᠎ᠡ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠪᠠ ᠬᠠᠤᠯᠢ ᠴᠠᠭᠠᠵᠠ ᠶᠢᠨ ᠵᠥᠪᠯᠡᠭᠴᠢ ᠠᠴᠠ ᠬᠠᠷᠢᠭᠤᠴᠠᠨ ᠬᠢᠨᠠᠨ ᠬᠠᠷᠭᠤᠭᠤᠯᠤᠨ᠎ᠠ᠃ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠭᠡᠷ᠎ᠡ ᠶᠢ ᠲᠤᠭᠤᠷᠪᠢᠵᠤ ᠳᠠᠭᠤᠰᠤᠭᠰᠠᠨ ᠤ ᠳᠠᠷᠠᠭ᠎ᠠ  ᠳᠡᠭᠡᠭᠰᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠵᠠᠰᠠᠭ ᠤᠨ ᠣᠷᠳᠣᠨ ᠤ ᠬᠠᠤᠯᠢ ᠴᠠᠭᠠᠵᠠ  ᠶᠢᠨ ᠵᠥᠪᠯᠡᠭᠴᠢ ᠶᠢ ᠵᠣᠬᠢᠶᠠᠨ ᠪᠠᠶᠢᠭᠤᠯᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠶ᠃      ᠭᠡᠷ᠎ᠡ ᠶᠢᠨ ᠠᠭᠤᠯᠠᠨ᠎ᠠ ᠨᠢ ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠲᠤᠰᠬᠠᠶ ᠰᠠᠯᠠᠭ᠎ᠠ ᠮᠥᠴᠢᠷ ᠲᠤ ᠬᠤᠯᠪᠣᠭᠳᠠᠪᠠᠯ  ᠂ ᠲᠤᠰᠬᠠᠶ ᠠᠵᠢᠯ ᠤᠨ ᠰᠠᠯᠠᠭ᠎ᠠ ᠮᠥᠴᠢᠷ ᠠᠴᠠ ᠲᠤᠰᠬᠠᠶ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠤᠯᠲᠠ ᠶᠢᠨ ᠠᠭᠤᠯᠭ᠎ᠠ ᠳᠤ ᠭᠤᠤᠯᠳᠠᠭᠤ ᠪᠠᠭᠲᠠᠬᠤ ᠨᠢ᠄      ︵ᠨᠢᠭᠡ︶ ᠭᠡᠷ᠎ᠡ ᠶᠢᠨ ᠪᠡᠶᠡᠴᠢ ᠴᠣᠭᠴᠠ ᠨᠢ ᠬᠢᠷᠢ ᠬᠡᠮ ᠳᠤ ᠨᠡᠶᠢᠴᠡᠬᠦ ᠡᠰᠡᠬᠦ︔      ︵ᠬᠤᠶᠠᠷ︶ ᠭᠡᠷ᠎ᠡ ᠶᠢᠨ ᠠᠭᠤᠯᠭ᠎ᠠ ᠨᠢ ᠬᠠᠤᠯᠢ ᠳᠤ ᠨᠡᠶᠢᠴᠡᠬᠦ ᠡᠰᠡᠬᠦ᠂ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠭᠤᠷᠪᠠᠳᠠᠬᠢ ᠬᠥᠮᠦᠨ ᠤ ᠡᠷᠬᠡ ᠠᠰᠢᠭ ᠢ ᠬᠤᠬᠢᠷᠠᠭᠤᠯᠤᠭᠰᠠᠨ ᠡᠰᠡᠬᠦ︔      ︵ᠭᠤᠷᠪᠠ︶ ᠭᠡᠷ᠎ᠡ ᠶᠢᠨ ᠠᠭᠤᠯᠭ᠎ᠠ ᠳᠤ ᠬᠠᠤᠯᠢ ᠴᠠᠭᠠᠵᠠ ᠶᠢᠨ ᠲᠦᠭᠰᠢᠭᠦᠷᠢ  ᠡᠭᠦᠰᠭᠡᠬᠦ ᠡᠰᠡᠬᠦ᠂ ᠤᠯᠤᠰ ᠤᠨ ᠦᠮᠴᠢᠯᠡᠯᠳᠦ ᠡᠳ᠋ ᠬᠦᠷᠦᠩᠭᠡ᠂ ᠡᠳ᠋ ᠤᠨ ᠵᠠᠰᠠᠭ ᠤᠨ ᠪᠡᠯᠡ ᠮᠥᠩᠭᠦ ᠪᠠ ᠪᠠᠶᠢᠭᠠᠯᠢ ᠶᠢᠨ ᠡᠬᠢ ᠪᠠᠶᠠᠯᠢᠭ ᠂ ᠤᠯᠠᠨ ᠨᠡᠶᠢᠲᠡ ᠶᠢᠨ ᠡᠬᠢ ᠪᠠᠶᠠᠯᠢᠭ ᠢ ᠪᠦᠲᠦᠮᠵᠢᠲᠡᠶ ᠠᠰᠢᠭᠯᠠᠬᠤ ᠳᠤ ᠠᠰᠢᠭ ᠦᠭᠡᠢ ᠨᠥᠯᠥᠭᠡ ᠦᠵᠡᠭᠦᠯᠬᠦ ᠡᠰᠡᠬᠦ      ︵ᠲᠦᠷᠪᠡ︶ ᠭᠡᠷ᠎ᠡ ᠲᠣᠭᠲᠠᠭᠠᠬᠤ ᠵᠢᠷᠤᠮ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ︔      ︵ᠲᠠᠪᠤ︶ ᠭᠡᠷ᠎ᠡ ᠶᠢᠨ ᠭᠤᠤᠯ ᠵᠦᠢᠯ ᠵᠤᠷᠪᠤᠰ ᠨᠢ ᠪᠦᠷᠢᠨ ᠭᠦ᠋ᠶᠢᠴᠡᠳ ᠡᠰᠡᠬᠦ᠂ ᠪᠣᠯᠵᠣᠨ ᠲᠣᠭᠲᠠᠭᠰᠠᠨ ᠡᠷᠬᠡ ᠡᠭᠦᠷᠭᠡ ᠨᠢ ᠲᠣᠳᠣᠷᠬᠠᠶ᠂ ᠵᠦᠶ ᠵᠣᠬᠢᠰᠲᠠᠶ ᠡᠰᠡᠬᠦ︔      ︵ᠵᠢᠷᠭᠤᠭ᠎ᠠ︶ ᠭᠡᠷ᠎ᠡ ᠶᠢᠨ ᠵᠦᠢᠯ ᠵᠤᠷᠪᠤᠰ ᠤᠨ ᠲᠤᠬᠠᠶ ᠥᠭᠦᠯᠡᠯᠲᠡ ᠨᠢ ᠴᠢᠩᠭ᠎ᠠ ᠨᠢᠮᠪᠠᠶ ᠪᠠᠶᠢᠬᠤ ᠡᠰᠡᠬᠦ︔      ︵ᠲᠤᠯᠤᠭ᠎ᠠ︶ ᠬᠢᠨᠠᠨ ᠬᠠᠷᠭᠤᠭᠤᠯᠬᠤ ᠶᠣᠰᠣᠲᠠᠶ ᠪᠤᠰᠤᠳ ᠠᠭᠤᠯᠭ᠎ᠠ᠃      ᠠᠷᠪᠠᠨ ᠲᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠤᠨ ᠬᠠᠤᠯᠢ ᠶᠣᠰᠣᠨ‌‍ᠴᠢᠨᠠᠷ ᠢ ᠤ ᠬᠢᠨᠠᠨ ᠬᠠᠷᠭᠤᠭᠤᠯᠬᠤ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠵᠠᠰᠠᠭ  ᠤᠨ ᠣᠷᠳᠣᠨ ᠤ ᠭᠡᠷ᠎ᠡ ᠳᠤ ᠬᠠᠤᠯᠢ ᠶᠣᠰᠣᠨ ᠤ ᠴᠢᠨᠠᠷ ᠤᠨ ᠬᠢᠨᠠᠨ ᠬᠠᠷᠠᠭᠤᠭᠤᠯᠣᠯᠳᠠ᠂ ᠲᠤᠰᠬᠠᠢ ᠬᠢᠨᠠᠨ ᠪᠠᠶᠢᠴᠠᠭᠠᠯᠲᠠ ᠬᠢᠬᠦ  ᠦᠶ᠎ᠡ ᠳᠤ᠂ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠳᠣᠤᠷ᠎ᠠ ᠵᠢᠭᠰᠠᠭᠠᠭᠰᠠᠨ ᠮᠠᠲ᠋ᠧᠷᠢᠶᠠᠯ ᠤᠳ ᠢ ᠬᠠᠩᠭᠠᠬᠤ ᠬᠡᠷᠡᠭᠲᠡᠶ᠄      ︵ᠨᠢᠭᠡ︶ ᠭᠡᠷ᠎ᠡ ᠶᠢᠨ ᠲᠥᠰᠦᠯ︔      ︵ᠬᠤᠶᠠᠷ︶ ᠭᠡᠷ᠎ᠡ ᠲᠠᠢ ᠬᠤᠯᠪᠣᠭᠳᠠᠬᠤ ᠪᠠᠶᠢᠳᠠᠯ ᠤᠨ ᠲᠣᠳᠣᠷᠬᠠᠶᠢᠯᠠᠯᠲᠠ᠂ ᠠᠬᠤᠶ ᠪᠠᠶᠢᠳᠠᠯ ᠤᠨ ᠮᠠᠲ᠋ᠧᠷᠢᠶᠠᠯ ︵ᠲᠤᠭᠤᠷᠪᠢᠨ ᠪᠢᠴᠢᠭᠰᠡᠨ ᠶᠠᠪᠤᠴᠠ᠂ ᠲᠦᠭᠰᠢᠭᠦᠷᠢ ᠵᠢᠨ‌ᠦᠨᠡᠯᠡᠨ ᠵᠱᠢᠯᠳᠠ᠂ ᠲᠤᠰᠬᠠᠶ ᠮᠡᠷᠭᠡᠵᠢᠯᠲᠡᠨ ᠤ ᠨᠤᠲᠠᠯᠠᠭᠰᠠᠨ ᠪᠠᠶᠢᠳᠠᠯ᠂ ᠭᠡᠷ᠎ᠡ ᠶᠢᠨ ᠨᠥᠭᠦᠭᠡ ᠲᠠᠯ᠎ᠠ ᠶᠢᠨ ᠲᠤᠬᠠᠶ ᠶᠢᠨ ᠬᠥᠮᠦᠨ ᠤ ᠬᠥᠷᠥᠩᠭᠡ ᠢᠲᠡᠭᠡᠮᠵᠢ ᠶᠢᠨ ᠪᠠᠶᠢᠴᠠᠭᠠᠯᠲᠠ ᠶᠢᠨ ᠪᠠᠶᠢᠳᠠᠯ ᠵᠢᠴᠢ ᠭᠤᠤᠯᠳᠠᠯᠭ᠎ᠠ ᠲᠠᠢ ᠲᠣᠳᠣᠷᠬᠠᠶᠢᠯᠠᠬᠤ ᠴᠢᠬᠤᠯᠠᠲᠠᠶ ᠠᠰᠠᠭᠤᠳᠠᠯ ᠵᠡᠷᠭᠡ  ᠪᠠᠭᠳᠠᠨ᠎ᠠ︶︔      ︵ᠭᠤᠷᠪᠠ︶ ᠭᠡᠷ᠎ᠡ ᠶᠢᠨ ᠠᠭᠤᠯᠭ᠎ᠠ ᠯᠤᠭ᠎ᠠ ᠬᠤᠯᠪᠣᠭᠳᠠᠬᠤ ᠰᠠᠯᠠᠭ᠎ᠠ ᠮᠥᠴᠢᠷ ᠤᠨ ᠭᠠᠷᠭᠠᠭᠰᠠᠨ ᠪᠢᠴᠢᠭ ᠤᠨ ᠰᠠᠨᠠᠯ︔      ︵ᠳᠥᠷᠪᠡᠨ︶ ᠲᠣᠰ ᠨᠢᠭᠡᠴᠡ ᠶᠢᠨ ᠬᠠᠤᠯᠢ  ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ ᠭᠠᠷᠭᠠᠭᠰᠠᠨ ᠬᠠᠤᠯᠢ ᠶᠣᠰᠣᠨ ᠤ ᠴᠢᠨᠠᠷ ᠢ ᠬᠢᠨᠠᠨ ᠬᠠᠷᠠᠭᠤᠭᠤᠯᠣᠭᠰᠠᠨ ᠰᠠᠨᠠᠯ ᠪᠤᠶᠤ ᠬᠠᠤᠯᠢ ᠴᠠᠭᠠᠵᠠ ᠶᠢᠨ ᠵᠥᠪᠯᠡᠭᠴᠢ ᠶᠢᠨ  ᠭᠠᠷᠭᠠᠭᠰᠠᠨ ᠪᠢᠴᠢᠭᠯᠡᠭᠰᠡᠨ ᠬᠠᠤᠯᠢ ᠴᠠᠭᠠᠵᠠ ᠶᠢᠨ ᠰᠠᠨᠠᠯ᠃      ᠠᠷᠪᠠᠨ ᠵᠢᠷᠭᠤᠳᠤᠭᠠᠷ  ᠵᠦᠢᠯ  ᠭᠡᠷ᠎ᠡ ᠶᠢ ᠳᠠᠭᠠᠭᠠᠨ ᠠᠪᠴᠤ  ᠭᠦᠢᠴᠡᠳᠭᠡᠬᠦ ᠨᠢᠭᠡᠴᠡ ᠮᠠᠲ᠋ᠧᠷᠢᠶᠠᠯ ᠤᠨ ᠪᠦᠷᠢᠨ ᠪᠦᠲᠦᠨ ᠴᠢᠨᠠᠷ᠂ ᠦᠨᠡᠨ ᠪᠣᠳᠠᠲᠤ ᠴᠢᠨᠠᠷ ᠲᠤ ᠬᠠᠷᠢᠭᠤᠴᠠᠬᠤ ᠬᠡᠷᠡᠭᠲᠡᠶ᠃ ᠬᠠᠤᠯᠢ ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠤᠶᠤ ᠲᠤᠰᠬᠠᠶ ᠮᠡᠷᠭᠡᠵᠢᠯ ᠤᠨ ᠬᠢᠨᠠᠨ ᠪᠠᠶᠢᠴᠠᠭᠠᠯᠳᠠ ᠬᠢᠬᠦ ᠦᠶ᠎ᠡ ᠳᠤ ᠪᠤᠰᠤᠳ ᠮᠠᠲ᠋ᠧᠷᠢᠶᠠᠯ ᠢ ᠨᠥᠬᠦᠪᠥᠷᠢᠯᠡᠨ ᠲᠤᠰᠢᠶᠠᠬᠤ ᠴᠢᠬᠤᠯᠠᠲᠠᠶ ᠪᠣᠯ᠂ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠳᠤ ᠳᠣᠭᠲᠠᠭᠰᠠᠨ ᠬᠤᠭᠤᠴᠠᠭᠠᠨ ᠳᠣᠲᠣᠷ᠎ᠠ ᠬᠠᠮᠢᠶ᠎ᠠ ᠪᠦᠬᠦᠢ ᠮᠠᠲ᠋ᠧᠷᠢᠶᠠᠯ ᠢ ᠨᠥᠬᠦᠪᠥᠷᠢᠯᠡᠨ ᠬᠠᠩᠭᠠᠯᠭᠠᠬᠤ ᠪᠠᠷ ᠱᠠᠭᠠᠷᠳᠠᠵᠤ ᠪᠣᠯᠤᠨ᠎ᠠ︔ ᠲᠣᠭᠲᠠᠭᠰᠠᠨ ᠬᠤᠭᠤᠴᠠᠭᠠᠨ ᠳᠣᠲᠣᠷ᠎ᠠ ᠨᠥᠬᠦᠵᠦ ᠲᠤᠰᠢᠶᠠᠭᠰᠠᠨ ᠦᠭᠡᠢ ᠡᠰᠡᠬᠦᠯ᠎ᠡ ᠲᠤᠰᠢᠶᠠᠭᠰᠠᠨ ᠮᠠᠲ᠋ᠧᠷᠢᠶᠠᠯ ᠳᠤ ᠨᠡᠯᠢᠶᠡᠳ ᠶᠡᠭᠡ ᠠᠰᠠᠭᠤᠳᠠᠯ ᠲᠠᠢ ᠪᠠᠶᠢᠪᠠᠯ᠂ ᠬᠦᠷᠭᠡᠵᠦ ᠬᠢᠨᠠᠭᠤᠯᠬᠤ ᠮᠠᠲ᠋ᠧᠷᠢᠶᠠᠯ ᠢ ᠭᠡᠷ᠎ᠡ ᠶᠢ ᠳᠠᠭᠠᠭᠠᠨ ᠠᠪᠴᠤ  ᠭᠦᠢᠴᠡᠳᠭᠡᠬᠦ  ᠨᠢᠭᠡᠴᠡ ᠳᠤ ᠪᠤᠴᠠᠭᠠᠵᠤ ᠪᠣᠯᠤᠨ᠎ᠠ᠃      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠠᠤᠯᠢ ᠶᠣᠰᠣᠨ ᠤ ᠴᠢᠨᠠᠷ  ᠢ ᠬᠢᠨᠠᠨ ᠬᠠᠷᠭᠤᠭᠤᠯᠬᠤ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ  ᠠᠴᠠ ᠬᠢᠨᠠᠭᠤᠯᠬᠤ ᠪᠠᠷ ᠮᠡᠳᠡᠭᠦᠯᠦᠭᠰᠡᠨ ᠵᠠᠰᠠᠭ ᠤᠨ ᠣᠷᠳᠣᠨ ᠤ ᠭᠡᠷ᠎ᠡ ᠢ ᠪᠦᠷᠢᠨ ᠬᠤᠷᠢᠶᠠᠭᠰᠠᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ  ᠳᠠᠭᠤᠰᠬᠠᠬᠤ  ᠶᠢᠨ ᠬᠠᠮᠲᠤ ᠬᠢᠨᠠᠨ ᠬᠠᠷᠭᠤᠭᠤᠯᠤᠭᠰᠠᠨ ᠪᠢᠴᠢᠭ ᠤᠨ ᠰᠠᠨᠠᠯ ᠭᠠᠷᠭᠠᠬᠤ ᠬᠡᠷᠡᠭᠲᠡᠶ᠃ ᠭᠡᠷ᠎ᠡ ᠶᠢᠨ ᠠᠭᠤᠯᠭ᠎ᠠ ᠨᠢ ᠨᠠᠷᠢᠨ ᠪᠤᠳᠤᠯᠢᠶᠠᠨᠲᠠᠶ᠂ ᠬᠠᠤᠯᠢ ᠴᠠᠭᠠᠵᠠ ᠶᠢᠨ ᠮᠠᠷᠭᠤᠯᠳᠤᠭᠠᠨ ᠨᠢ ᠨᠡᠯᠢᠶᠡᠳ ᠶᠡᠭᠡ ᠪᠠᠶᠢᠪᠠᠯ᠂ ᠬᠤᠭᠤᠴᠠᠭ᠎ᠠ ᠶᠢ ᠨᠢ ᠵᠣᠬᠢᠰᠲᠠᠶ ᠪᠠᠷ ᠤᠷᠲᠤᠳᠬᠠᠵᠤ ᠪᠣᠯᠤᠨ᠎ᠠ᠃      ᠮᠠᠲ᠋ᠧᠷᠢᠶᠠᠯ ᠨᠥᠬᠦᠪᠥᠷᠢᠯᠡᠬᠦ ᠳᠤ ᠬᠡᠷᠡᠭᠰᠡᠬᠦ ᠴᠠᠭ ᠢ ᠬᠢᠨᠠᠨ ᠬᠠᠷᠭᠤᠭᠤᠯᠬᠤ ᠬᠤᠭᠤᠴᠠᠭᠠᠨ ᠳᠤ ᠪᠤᠳᠤᠵᠤ ᠣᠷᠣᠭᠤᠯᠬᠤ ᠥᠬᠡᠶ᠃      ᠠᠷᠪᠠᠨ ᠳᠣᠯᠣᠳᠤᠭᠠᠷ ᠵᠦᠢᠯ  ᠭᠡᠷ᠎ᠡ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠬᠤᠲᠠ ᠶᠢᠨ ᠠᠷᠠᠳ ᠤᠨ ᠵᠠᠰᠠᠭ ᠤᠨ  ᠣᠷᠳᠣᠨ ᠤ ᠠᠯᠪᠠᠨ ᠭᠡᠷ ᠤᠨ ᠬᠠᠤᠯᠢ  ᠶᠣᠰᠣᠨ ᠤ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠪᠠ ᠲᠤᠰᠬᠠᠢ ᠮᠡᠷᠭᠡᠵᠢᠯ ᠤᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠭᠠᠷᠭᠠᠭᠰᠠᠨ ᠬᠢᠨᠠᠨ ᠬᠠᠷᠭᠤᠭᠤᠯᠤᠭᠰᠠᠨ ᠰᠠᠨᠠᠯ ᠶᠣᠰᠣᠭᠠᠷ᠂ ᠭᠡᠷ᠎ᠡ ᠶᠢᠨ ᠲᠥᠰᠦᠯ ᠳᠤ ᠵᠠᠰᠠᠪᠤᠷᠢ ᠣᠷᠣᠭᠤᠯᠬᠤ ᠶᠢᠨ ᠬᠠᠮᠲᠤ ᠨᠦᠬᠦᠭᠡ ᠲᠠᠯ᠎ᠠ ᠶᠢᠨ ᠲᠤᠬᠠᠶ ᠶᠢᠨ ᠬᠥᠮᠦᠨ ᠲᠠᠢ ᠵᠥᠪᠳᠡᠯᠴᠡᠨ ᠰᠠᠨᠠᠯ ᠨᠢᠭᠡᠳᠦᠭᠰᠡᠨ ᠤ ᠲᠠᠷᠠᠭ᠎ᠠ᠂ ᠭᠡᠷ᠎ᠡ ᠶᠢᠨ ᠵᠢᠩᠬᠢᠨᠢ ᠪᠢᠴᠢᠭ ᠪᠤᠯᠵᠤ ᠪᠦᠷᠢᠯᠳᠦᠨ᠎ᠡ᠃      ᠵᠠᠰᠠᠭ ᠤᠨ ᠣᠷᠳᠣᠨ ᠤ ᠭᠡᠷ᠎ᠡ ᠬᠠᠤᠯᠢ ᠶᠣᠰᠣᠨ ᠤ ᠴᠢᠨᠠᠷ ᠤᠨ ᠬᠢᠨᠠᠨ ᠬᠠᠷᠠᠭᠤᠭᠤᠯᠣᠯᠳᠠ ᠪᠠ ᠲᠤᠰᠬᠠᠶ ᠮᠡᠷᠭᠡᠵᠢᠯ ᠤᠨ ᠬᠢᠨᠠᠨ  ᠪᠠᠶᠢᠴᠠᠭᠠᠯᠳᠠ ᠶᠢ ᠦᠩᠭᠡᠷᠡᠭᠰᠡᠨ ᠤ ᠳᠠᠷᠠᠭ᠎ᠠ᠂ ᠵᠠᠯᠭᠠᠭᠠᠳ ᠵᠥᠪᠳᠡᠯᠴᠡᠬᠦ᠂ ᠲᠣᠭᠲᠠᠭᠠᠬᠤ᠂ ᠭᠦᠢᠴᠡᠳᠬᠡᠬᠦ ᠶᠠᠪᠤᠴᠠ ᠳᠤ ᠭᠡᠷ᠎ᠡ ᠶᠢᠨ ᠠᠭᠤᠯᠭ᠎ᠠ ᠶᠢᠨ ᠮᠥᠨ ᠴᠢᠨᠠᠷ  ᠢ ᠬᠤᠪᠢᠷᠠᠭᠤᠯᠬᠤ᠂ ᠨᠥᠬᠦᠪᠥᠷᠢ ᠬᠡᠯᠡᠯᠴᠡᠭᠡᠷ ᠲᠣᠭᠲᠠᠭᠠᠬᠤ ᠪᠤᠶᠤ ᠭᠡᠷ᠎ᠡ ᠶᠢ ᠬᠦᠴᠦᠨ ᠦᠭᠡᠢ ᠪᠣᠯᠭᠠᠬᠤ  ᠴᠢᠬᠤᠯᠠᠳᠠᠢ ᠪᠣᠯ ᠲᠤᠰ ᠲᠣᠭᠲᠠᠭᠠᠯ ᠶᠣᠰᠣᠭᠠᠷ ᠬᠠᠤᠯᠢ ᠶᠣᠰᠣᠨ ᠤ ᠴᠢᠨᠠᠷ ᠤᠨ ᠬᠢᠨᠠᠨ ᠬᠠᠷᠭᠤᠭᠤᠯᠤᠯᠲᠠ ᠪᠠ ᠲᠤᠰᠬᠠᠶ ᠮᠡᠷᠭᠡᠵᠢᠯ ᠤᠨ ᠬᠢᠨᠠᠨ ᠪᠠᠶᠢᠴᠠᠭᠠᠯᠲᠠ ᠶᠢ ᠳᠠᠬᠢᠨᠲᠠ ᠬᠢᠬᠦ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠵᠠᠰᠠᠭ  ᠤᠨ ᠣᠷᠳᠣᠨ ᠤ ᠭᠡᠷ᠎ᠡ ᠶᠢᠨ ᠬᠢᠨᠠᠨ ᠬᠠᠷᠭᠤᠭᠤᠯᠤᠯᠲᠠ ᠳᠤ ᠣᠷᠣᠯᠴᠠᠭᠰᠠᠨ ᠠᠵᠢᠯᠳᠠᠨ ᠪᠠ ᠬᠠᠤᠯᠢ ᠴᠠᠭᠠᠵᠠ ᠶᠢᠨ ᠵᠥᠪᠯᠡᠭᠴᠢ᠂ ᠨᠢᠭᠤᠴᠠ ᠶᠢ ᠬᠠᠮᠠᠭᠠᠯᠠᠬᠤ ᠬᠡᠷᠡᠭᠲᠡᠶ᠂ ᠵᠠᠰᠠᠭ ᠤᠨ ᠣᠷᠳᠣᠨ ᠤ ᠭᠡᠷ᠎ᠡ ᠶᠢᠨ ᠲᠥᠰᠦᠯ᠂ ᠬᠢᠨᠠᠨ ᠪᠠᠶᠢᠴᠠᠭᠠᠭᠰᠠᠨ ᠰᠠᠨᠠᠯ ᠵᠢᠴᠢ ᠲᠥᠯᠥᠪᠯᠡᠭᠰᠡᠨ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠵᠠᠳᠠᠷᠠᠭᠤᠯᠵᠤ ᠪᠣᠯᠬᠤ ᠦᠭᠡᠢ᠃      ᠳᠥᠷᠪᠡᠳᠦᠭᠡᠷ ᠪᠦᠯᠦᠭ  ᠭᠡᠷ᠎ᠡ ᠳᠣᠭᠲᠠᠬᠤ ᠪᠠ ᠭᠦᠢᠴᠡᠳᠭᠡᠬᠦ      ᠠᠷᠪᠠ ᠶᠢᠰᠦᠳᠦᠭᠡᠷ ᠵᠦᠢᠯ ᠵᠠᠰᠠᠭ ᠤᠨ ᠣᠷᠳᠣᠨ ᠤ ᠭᠡᠷ᠎ᠡ ᠶᠢᠨ ᠠᠭᠤᠯᠭ᠎ᠠ ᠳᠤ ᠡᠯ᠎ᠡ ᠲᠠᠯ᠎ᠠ ᠶᠢᠨ ᠪᠣᠳᠠᠲᠠᠶ ᠡᠷᠬᠡ  ᠠᠯᠪᠠ ᠶᠢ ᠲᠣᠭᠲᠠᠭᠠᠬᠤ ᠴᠢᠬᠤᠯᠠᠳᠠᠢ ᠪᠠᠶᠢᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠳᠤ  ᠪᠠᠷ ᠬᠢᠨᠠᠨ ᠵᠦᠪᠯᠡᠵᠦ ᠲᠣᠭᠲᠠᠭᠠᠬᠤ ᠬᠡᠷᠡᠭᠲᠡᠶ᠃      ᠵᠠᠰᠠᠭ ᠤᠨ ᠣᠷᠳᠣᠨ ᠤ ᠭᠡᠷ᠎ᠡ ᠶᠢ ᠪᠢᠴᠢᠭ ᠤᠨ ᠬᠡᠯᠪᠡᠷᠢ ᠪᠠᠷ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ  ᠣᠷᠳᠣᠨ  ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠲᠡᠭᠦᠨ ᠤ ᠡᠷᠬᠡ ᠣᠯᠭᠤᠭᠰᠠᠨ ᠲᠥᠯᠥᠭᠡᠯᠡᠭᠴᠢ ᠭᠠᠷ ᠤᠨ ᠦᠰᠦᠭ ᠵᠢᠷᠤᠬᠤ ᠬᠡᠷᠡᠭᠲᠡᠢ᠃      ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠤᠶᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ᠂ ᠳᠠᠩᠰᠠᠯᠠᠭᠤᠯᠬᠤ ᠵᠡᠷᠭᠡ ᠭᠠᠷᠳᠠᠮ ᠢ ᠭᠦᠢᠴᠡᠳᠬᠡᠬᠦ ᠴᠢᠬᠤᠯᠠᠲᠠᠶ  ᠪᠣᠯ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠤᠨ ᠶᠣᠰᠣᠭᠠᠷ  ᠬᠤᠯᠪᠣᠭᠳᠠᠯ ᠪᠦᠬᠦᠢ ᠭᠠᠷᠳᠠᠮ ᠢ ᠴᠠᠭ ᠲᠤᠬᠠᠶ ᠳᠤᠨᠢ  ᠭᠦᠢᠴᠡᠳᠭᠡᠬᠦ ᠬᠡᠷᠡᠭᠲᠡᠶ᠃      ᠬᠤᠷᠢᠳᠤᠭᠠᠷ ᠵᠦᠢᠯ  ᠵᠠᠰᠠᠭ  ᠤᠨ ᠣᠷᠳᠣᠨ ᠤ ᠭᠡᠷ᠎ᠡ ᠲᠣᠭᠲᠠᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠤ ᠠᠯᠪᠠᠨ ᠭᠡᠷ ᠤᠨ ᠪᠢᠴᠢᠭ ᠴᠠᠬᠢᠯᠭᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠳ᠋ᠤᠭᠠᠷᠯᠠᠵᠤ᠂ ᠲᠠᠮᠠᠭ᠎ᠠ ᠳᠠᠷᠤᠵᠤ ᠳᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠪᠠᠭᠤᠯᠭᠠᠪᠤᠷᠢ ᠶᠢ ᠬᠠᠤᠯᠢ ᠶᠣᠰᠣᠴᠢ ᠴᠢᠨᠠᠷ  ᠢ  ᠬᠢᠨᠠᠨ ᠬᠠᠷᠭᠤᠭᠤᠯᠬᠤ ᠪᠠᠶᠢᠭᠤᠯᠤᠮᠵᠢ ᠳᠤ ᠬᠦᠷᠭᠡᠵᠦ ᠡᠬᠡ ᠳᠠᠩᠰᠠ ᠪᠠᠶᠢᠭᠤᠯᠤᠨ᠎ᠠ᠃      ᠵᠠᠰᠠᠭ  ᠤᠨ ᠣᠷᠳᠣᠨ ᠤ ᠭᠡᠷ᠎ᠡ ᠶᠢᠨ ᠳ᠋ᠤᠭᠠᠷᠯᠠᠯ ᠳᠤ ᠶᠡᠷᠦᠩᠬᠡᠶ XX ᠳ᠋ᠤᠭᠠᠷ ᠲᠣᠭᠠᠲᠤ᠂ ᠣᠨ ᠤ XX ᠳ᠋ᠤᠭᠠᠷ ᠲᠣᠭᠠᠲᠤ  ᠶᠢ ᠪᠠᠭᠳᠠᠭᠠᠬᠤ ᠬᠡᠷᠡᠭᠲᠡᠢ᠃      ᠬᠤᠷᠢᠨ ᠨᠢᠭᠡᠳᠦᠭᠡᠷ ᠵᠦᠢᠯ ᠭᠡᠷ᠎ᠡ ᠶᠢ ᠳᠠᠭᠠᠭᠠᠨ ᠭᠦᠢᠴᠡᠳᠭᠡᠬᠦ ᠨᠢᠭᠡᠴᠡ ᠭᠡᠷ᠎ᠡ ᠶᠢ ᠭᠦᠢᠴᠡᠳᠭᠡᠬᠦ ᠶᠢ ᠪᠦᠬᠦ ᠲᠠᠯ᠎ᠠ ᠪᠠᠷ ᠬᠠᠷᠢᠭᠤᠴᠠᠨ᠂ ᠭᠡᠷ᠎ᠡ ᠶᠢ ᠭᠦᠢᠴᠡᠳᠭᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠭᠡᠷ ᠪᠣᠯᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠤᠪᠢᠳᠠᠨ ᠬᠠᠮᠢᠶᠠᠷᠬᠤ ᠰᠠᠯᠠᠭ᠎ᠠ ᠲᠠᠰᠤᠭ ᠠᠴᠠ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠶ᠃      ᠬᠤᠷᠢᠨ ᠬᠤᠶᠠᠳᠤᠭᠠᠷ ᠵᠦᠢᠯ ᠵᠠᠰᠠᠭ ᠤᠨ ᠣᠷᠳᠣᠨ ᠤ ᠭᠡᠷ᠎ᠡ ᠶᠢ ᠭᠦᠢᠴᠡᠳᠬᠡᠬᠦ ᠶᠠᠪᠤᠴᠠ ᠳᠤ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠭᠠᠷᠤᠭᠰᠠᠨ ᠪᠠᠶᠢᠪᠠᠯ᠂ ᠭᠡᠷ᠎ᠡ ᠶᠢ ᠳᠠᠭᠠᠭᠠᠨ ᠭᠦᠢᠴᠡᠳᠭᠡᠬᠦ  ᠨᠢᠭᠡᠴᠡ ᠴᠠᠭ ᠲᠤᠬᠠᠶ ᠳᠤᠨᠢ ᠡᠷᠬᠡ ᠪᠠᠨ ᠵᠣᠷᠢᠵᠤ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠳᠤ ᠰᠡᠷᠡᠮᠵᠢᠯᠡᠭᠦᠯᠬᠦ ᠮᠡᠳᠡᠭᠦᠯᠦᠯᠲᠡ ᠪᠠ ᠰᠢᠢᠳᠪᠦᠷᠢᠯᠡᠬᠦ  ᠰᠠᠨᠠᠭᠤᠯᠭ᠎ᠠ ᠪᠠᠨ ᠴᠠᠭ ᠲᠤᠬᠠᠢ ᠳᠤᠨᠢ ᠲᠤᠰᠢᠶᠠᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ᠎ᠡ ᠶᠢᠨ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠭᠠᠨ᠎ᠠ᠄      ︵ᠨᠢᠭᠡ︶ ᠡᠰᠡᠷᠭᠦᠴᠡᠰᠢ ᠦᠭᠡᠢ ᠬᠦᠴᠦᠨ  ᠵᠦᠢᠯ ᠭᠠᠷᠤᠭᠠᠳ ᠭᠡᠷ᠎ᠡ ᠶᠢ ᠬᠡᠪ ᠤᠨ ᠶᠣᠰᠣᠭᠠᠷ ᠭᠦᠢᠴᠡᠳᠭᠡᠬᠦ ᠶᠢ  ᠨᠦᠯᠦᠭᠡᠯᠡᠵᠦ ᠮᠡᠳᠡᠬᠦ︔      ︵ᠬᠤᠶᠠᠷ︶ ᠭᠡᠷ᠎ᠡ ᠶᠢᠨ ᠦᠨᠳᠦᠰᠦᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ  ᠵᠠᠰᠠᠪᠤᠷᠢ ᠣᠷᠣᠭᠤᠯᠤᠭᠰᠠᠨ ᠪᠤᠶᠤ ᠬᠦᠴᠦᠨ ᠦᠭᠡᠢ ᠪᠣᠯᠭᠠᠵᠤ᠂ ᠭᠡᠷ᠎ᠡ ᠶᠢ ᠬᠡᠪ ᠤᠨ ᠶᠣᠰᠣᠭᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ︔      ︵ᠭᠤᠷᠪᠠ︶ ᠭᠡᠷ᠎ᠡ ᠲᠣᠭᠲᠠᠭᠠᠬᠤ ᠦᠶ᠎ᠡ ᠶᠢᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠭᠡᠷ᠎ᠡ  ᠶᠢ ᠬᠡᠪ ᠤᠨ ᠶᠣᠰᠣᠭᠠᠷ ᠭᠦᠢᠴᠡᠳᠬᠡᠬᠦ ᠶᠢ ᠨᠥᠯᠥᠭᠡᠯᠡᠵᠦ ᠮᠡᠳᠡᠬᠦ︔      ︵ᠲᠦᠷᠪᠡ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠶ ᠶᠢᠨ ᠬᠥᠮᠦᠨ ᠤ ᠡᠳ᠋ ᠬᠦᠷᠦᠩᠭᠡ ᠶᠢᠨ ᠪᠠᠶᠢᠳᠠᠯ ᠮᠠᠭᠤᠳᠠᠭᠰᠠᠨ ᠠᠴᠠ ᠪᠤᠯᠵᠤ ᠭᠡᠷ᠎ᠡ ᠶᠢ ᠭᠦᠢᠴᠡᠳᠭᠡᠬᠦ ᠴᠢᠳᠠᠪᠤᠷᠢ ᠪᠠᠨ ᠠᠯᠳᠠᠭᠰᠠᠨ ᠪᠤᠶᠤ ᠠᠯᠳᠠᠵᠤ ᠮᠡᠳᠡᠬᠦ︔      ︵ᠲᠠᠪᠤ︶ ᠭᠡᠷ᠎ᠡ ᠶᠢᠨ ᠨᠦᠬᠦᠭᠡ ᠲᠠᠯ᠎ᠠ ᠶᠢᠨ ᠲᠤᠬᠠᠶ ᠶᠢᠨ ᠬᠥᠮᠦᠨ ᠨᠢ ᠭᠡᠷ᠎ᠡ ᠶᠢ ᠵᠥᠷᠢᠴᠡᠬᠦ ᠪᠣᠯᠣᠯᠴᠠᠭ᠎ᠠ ᠲᠠᠢ ᠪᠠᠶᠢᠬᠤ︔      ︵ᠵᠢᠷᠭᠤᠭ᠎ᠠ︶ ᠭᠡᠷ᠎ᠡ ᠶᠢᠨ ᠠᠶᠤᠯ ᠲᠦᠭᠰᠢᠭᠦᠷᠢ ᠣᠷᠣᠰᠢᠵᠤ ᠮᠡᠳᠡᠬᠦ ᠪᠤᠰᠤᠳ ᠪᠠᠶᠢᠳᠠᠯ᠃      ᠲᠠᠪᠤᠳᠤᠭᠠᠷ ᠪᠦᠯᠦᠭ   ᠭᠡᠷ᠎ᠡ ᠶᠢᠨ ᠵᠢᠭᠤᠷᠠᠯᠳᠤᠭᠠᠨ ᠢ  ᠰᠢᠢᠳᠪᠦᠷᠢᠯᠡᠬᠦ  ᠵᠢᠴᠢ ᠬᠠᠷᠢᠭᠤᠴᠠᠯᠭ᠎ᠠ ᠨᠡᠬᠡᠮᠵᠢᠯᠡᠬᠦ      ᠬᠤᠷᠢᠨ ᠭᠤᠷᠪᠠᠳᠤᠭᠠᠷ ᠵᠦᠢᠯ  ᠵᠠᠰᠠᠭ ᠤᠨ ᠣᠷᠳᠣᠨ ᠤ ᠭᠡᠷ᠎ᠡ ᠶᠢ ᠭᠦᠢᠴᠡᠳᠭᠡᠬᠦ ᠶᠠᠪᠤᠴᠠ ᠳᠤ ᠵᠢᠭᠤᠷᠠᠯᠳᠤᠭᠠᠨ  ᠭᠠᠷᠪᠠᠯ  ᠂ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠡᠩ ᠲᠡᠷᠢᠭᠦᠨ ᠳᠤ ᠵᠥᠪᠳᠡᠯᠴᠡᠬᠦ ᠂ ᠡᠶᠡᠳᠡᠭᠦᠯᠬᠦ ᠠᠷᠭ᠎ᠠ ᠮᠠᠶ᠋ᠢᠭ ᠢᠶᠠᠷ  ᠰᠢᠢᠳᠪᠦᠷᠢᠯᠡᠬᠦ ᠬᠡᠷᠡᠭᠲᠡᠶ᠃ ᠵᠥᠪᠳᠡᠯᠴᠡᠬᠦ ᠪᠤᠶᠤ ᠡᠶᠡᠳᠡᠭᠦᠯᠬᠦ ᠪᠠᠷ ᠳᠠᠮᠵᠢᠨ ᠰᠠᠨᠠᠯ ᠨᠢᠭᠡᠳᠦᠭᠰᠡᠨ  ᠪᠠᠶᠢᠪᠠᠯ᠂ ᠬᠤᠲᠠ ᠶᠢᠨ ᠠᠷᠠᠳ ᠤᠨ ᠵᠠᠰᠠᠭ  ᠤᠨ ᠣᠷᠳᠣᠨ ᠳᠤ ᠮᠡᠳᠡᠭᠦᠯᠵᠦ ᠪᠢᠴᠢᠭ ᠤᠨ ᠬᠡᠯᠡᠯᠴᠡᠭᠡᠷ ᠲᠣᠭᠲᠠᠭᠠᠯᠭᠠᠬᠤ ᠬᠡᠷᠡᠭᠲᠡᠢ᠃      ᠵᠥᠪᠳᠡᠯᠴᠡᠭᠰᠡᠨ ᠪᠤᠶᠤ ᠡᠶᠡᠳᠡᠭᠦᠯᠦᠭᠡᠳ ᠰᠠᠨᠠᠯ ᠨᠢᠭᠡᠳᠴᠦ ᠴᠢᠳᠠᠬᠤ ᠦᠭᠡᠢ ᠪᠣᠯ ᠭᠡᠷ᠎ᠡ ᠶᠢ ᠳᠠᠭᠠᠭᠠᠨ ᠠᠪᠴᠤ ᠭᠦᠢᠴᠡᠳᠭᠡᠬᠦ  ᠨᠢᠭᠡᠴᠡ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤᠨᠢ ᠮᠡᠳᠡᠭᠦᠯᠵᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠵᠠᠭᠠᠯᠳᠤᠯᠭ᠎ᠠ ᠭᠠᠷᠭᠠᠬᠤ ᠪᠤᠶᠤ ᠬᠥᠨᠳᠡᠯᠡᠨ ᠠᠴᠠ ᠲᠠᠰᠤᠯᠵᠤ ᠰᠢᠢᠳᠪᠦᠷᠢᠯᠡᠬᠦ ᠬᠡᠷᠡᠭᠲᠡᠢ᠃ ᠭᠡᠷ᠎ᠡ ᠶᠢ ᠳᠠᠭᠠᠭᠠᠨ ᠠᠪᠴᠤ  ᠭᠦᠢᠴᠡᠳᠭᠡᠬᠦ  ᠨᠢᠭᠡᠴᠡ ᠨᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠠᠢ ᠬᠠᠮᠵᠢᠯᠴᠠᠨ ᠵᠠᠷᠭᠤ ᠶᠢᠨ ᠬᠦᠴᠦᠨ ᠲᠠᠢ ᠬᠤᠭᠤᠴᠠᠭ᠎ᠠ ᠶᠢᠨ ᠱᠠᠭᠠᠷᠳᠠᠯᠭ᠎ᠠ ᠵᠢᠴᠢ ᠬᠥᠨᠳᠡᠯᠡᠨ ᠠᠴᠠ ᠲᠠᠰᠤᠯᠬᠤ᠂ ᠵᠠᠷᠭᠤᠯᠳᠤᠬᠤ ᠳᠦᠷᠢᠮ ᠶᠣᠰᠣᠭᠠᠷ ᠭᠡᠷᠡᠴᠢ ᠪᠠᠷᠢᠮᠲᠠ ᠶᠢ ᠪᠦᠬᠦ ᠲᠠᠯ᠎ᠠ ᠪᠠᠷ ᠴᠤᠭᠯᠠᠭᠤᠯᠵᠤ᠂ ᠠᠷᠭᠠᠴᠠᠭᠠᠬᠤ ᠠᠵᠢᠯ ᠢ ᠰᠠᠶᠢᠲᠤᠷ ᠬᠢᠵᠦ᠂ ᠵᠠᠷᠭᠤ ᠬᠦᠯᠢᠶᠡᠬᠦ ᠨᠢ ᠵᠤᠬᠢᠰ ᠦᠭᠡᠢ ᠠᠴᠠ ᠪᠤᠯᠵᠤ ᠵᠠᠷᠭᠤ ᠢᠯᠠᠭᠳᠠᠬᠤ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠭᠡᠷ᠎ᠡ ᠶᠢ ᠳᠠᠭᠠᠭᠠᠨ ᠠᠪᠴᠤ ᠭᠦᠢᠴᠡᠳᠬᠡᠬᠦ  ᠨᠢᠭᠡᠴᠡ᠂ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠲᠣᠰ ᠲᠣᠭᠲᠠᠭᠠᠯ  ᠢ  ᠵᠥᠷᠢᠴᠡᠵᠦ᠂ ᠳᠣᠣᠷ᠎ᠠ ᠵᠢᠭᠰᠠᠭᠠᠭᠰᠠᠨ  ᠪᠠᠶᠢᠳᠠᠯ ᠤᠨ ᠨᠢᠭᠡ ᠨᠢ ᠪᠠᠶᠢᠵᠤ᠂ ᠦᠢᠯᠡ  ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ᠭᠤᠣᠯᠯᠠᠨ ᠬᠠᠮᠢᠶᠠᠷᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠵᠤ᠂ ᠬᠦᠨᠳᠦ ᠶᠡᠭᠡ ᠠᠵᠤ ᠠᠬᠤᠶ ᠶᠢᠨ ᠬᠤᠬᠢᠷᠠᠯ ᠪᠤᠶᠤ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ᠲᠣᠮᠢᠯᠠᠵᠤ ᠪᠠᠭᠤᠯᠭᠠᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠪᠤᠰᠤᠳ ᠡᠷᠬᠡᠲᠦ ᠪᠠᠶᠢᠭᠤᠯᠭ᠎ᠠ ᠠᠴᠠ ᠰᠢᠭᠤᠳ ᠬᠠᠷᠢᠭᠤᠴᠠᠵᠤ ᠪᠠᠶᠢᠭ᠎ᠠ  ᠭᠤᠣᠯᠯᠠᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠭᠡᠯ ᠥᠭᠭᠦᠨ᠎ᠡ︔ ᠶᠠᠯ᠎ᠠ ᠪᠣᠯᠣᠭᠰᠠᠨ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠬᠠᠤᠯᠢ ᠶᠣᠰᠣᠴᠢ ᠴᠢᠨᠠᠷ ᠢ ᠬᠢᠨᠠᠨ ᠬᠠᠷᠠᠭᠤᠭᠤᠯᠣᠭᠰᠠᠨ ᠦᠭᠡᠢ ᠪᠠᠷ ᠵᠠᠰᠠᠭ ᠤᠨ ᠣᠷᠳᠣᠨ ᠤ ᠭᠡᠷ᠎ᠡ ᠶᠢ ᠲᠣᠭᠲᠠᠭᠠᠭᠰᠠᠨ᠂ ᠬᠤᠪᠢᠷᠠᠭᠤᠯᠤᠭᠰᠠᠨ ᠪᠤᠶᠤ  ᠬᠦᠴᠦᠨ ᠦᠭᠡᠢ ᠪᠣᠯᠭᠠᠭᠰᠠᠨ︔      ︵ᠬᠤᠶᠠᠷ︶ ᠲᠤᠰ ᠲᠣᠭᠲᠠᠭᠠᠯ ᠤᠨ ᠲᠠᠪᠤᠳᠤᠭᠠᠷ ᠵᠦᠢᠯ ᠤᠨ ᠴᠠᠭᠠᠵᠠᠯᠠᠬᠤ ᠴᠢᠨᠠᠷᠲᠠᠶ ᠲᠣᠭᠲᠠᠭᠠᠯ ᠢ ᠵᠥᠷᠢᠴᠡᠵᠦ ᠵᠠᠰᠠᠭ  ᠤᠨ ᠣᠷᠳᠣᠨ ᠤ ᠭᠡᠷ᠎ᠡ ᠲᠣᠭᠲᠠᠭᠠᠭᠰᠠᠨ︔      ︵ᠭᠤᠷᠪᠠ︶ ᠵᠠᠰᠠᠭ ᠤᠨ ᠣᠷᠳᠣᠨ ᠤ ᠭᠡᠷ᠎ᠡ ᠶᠢᠨ ᠪᠣᠯᠵᠣᠯ ᠶᠣᠰᠣᠭᠠᠷ ᠡᠷᠬᠡ ᠪᠠᠨ ᠬᠡᠷᠡᠭᠵᠢᠭᠦᠯᠵᠦ ᠡᠭᠦᠷᠭᠡ ᠪᠠᠨ  ᠭᠦᠢᠴᠡᠳᠭᠡᠬᠦ ᠦᠭᠡᠢ︔      ︵ᠲᠦᠷᠪᠡ︶ ᠨᠢᠭᠤᠴᠠ ᠶᠢ ᠲᠣᠭᠲᠠᠭᠠᠯ ᠶᠣᠰᠣᠭᠠᠷ ᠬᠠᠮᠠᠭᠠᠯᠠᠭᠰᠠᠨ ᠦᠭᠡᠢ︔      ︵ᠲᠠᠪᠤ︶ ᠵᠠᠰᠠᠭ ᠤᠨ ᠣᠷᠳᠣᠨ ᠤ ᠭᠡᠷ᠎ᠡ ᠶᠢᠨ ᠮᠠᠲ᠋ᠧᠷᠢᠶᠠᠯ ᠢ ᠰᠠᠶᠢᠲᠤᠷ ᠬᠠᠳᠠᠭᠠᠯᠠᠭᠰᠠᠨ ᠦᠭᠡᠢ︔      ︵ᠵᠢᠷᠭᠤᠭ᠎ᠠ︶ ᠭᠡᠷ᠎ᠡ ᠲᠣᠭᠲᠠᠭᠠᠬᠤ᠂ ᠬᠢᠨᠠᠨ ᠪᠠᠶᠢᠴᠠᠭᠠᠬᠤ᠂ ᠭᠦᠢᠴᠡᠳᠬᠡᠬᠦ ᠶᠠᠪᠤᠴᠠ ᠳᠤ ᠪᠤᠰᠤᠳ ᠬᠥᠮᠦᠨ ᠲᠠᠢ   ᠰᠦᠯᠪᠡᠭᠡᠯᠡᠵᠦ᠂ ᠤᠯᠤᠰ ᠣᠷᠣᠨ ᠤ ᠠᠰᠢᠭ ᠲᠤᠰᠠ᠂ ᠨᠡᠶᠢᠭᠡᠮ ᠨᠡᠶᠢᠲᠡ ᠶᠢᠨ ᠠᠰᠢᠭ ᠲᠤᠰᠠ ᠪᠤᠶᠤ ᠭᠤᠷᠪᠠᠳᠠᠬᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ︔      ︵ᠳᠣᠯᠤᠭ᠎ᠠ︶ ᠵᠠᠰᠠᠭ ᠤᠨ ᠣᠷᠳᠣᠨ ᠤ ᠭᠡᠷ᠎ᠡ ᠶᠢᠨ ᠵᠢᠭᠤᠷᠠᠯᠳᠤᠭᠠᠨ ᠳᠤ ᠬᠤᠯᠪᠣᠭᠳᠠᠭᠰᠠᠨ ᠵᠠᠷᠭᠤ᠂ ᠬᠥᠨᠳᠡᠯᠡᠨ ᠠᠴᠠ ᠲᠠᠰᠤᠯᠬᠤ ᠵᠢᠷᠤᠮ ᠤᠨ ᠳᠤᠮᠳᠠ᠂ ᠬᠠᠤᠯᠢ ᠳᠤ ᠲᠣᠭᠲᠠᠭᠠᠭᠰᠠᠨ ᠵᠢᠷᠤᠮ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠰᠠᠨ ᠥᠬᠡᠶ︔      ︵ᠨᠠᠢᠮᠠ︶ ᠭᠡᠷ᠎ᠡ ᠲᠣᠭᠲᠠᠭᠠᠬᠤ᠂ ᠬᠢᠨᠠᠨ ᠪᠠᠶᠢᠴᠠᠭᠠᠬᠤ᠂ ᠭᠦᠢᠴᠡᠳᠭᠡᠬᠦ ᠶᠠᠪᠤᠴᠠ ᠳᠤ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠵᠦ᠂ ᠬᠡᠭᠡᠯᠢ ᠬᠠᠭ᠋ᠤᠤᠯᠢ  ᠢᠳᠡᠭᠰᠡᠨ︔      ︵ᠶᠢᠰᠦ︶ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶᠢᠳᠠᠯ᠃      ᠵᠢᠷᠭᠤᠳᠤᠭᠠᠷ ᠪᠦᠯᠦᠭ᠂ᠳᠠᠭᠠᠯᠳᠤᠭᠤᠯᠤᠭᠰᠠᠨ ᠲᠦᠷᠢᠮ      ᠬᠤᠷᠢᠨ ᠲᠠᠪᠤᠳᠤᠭᠠᠷ ᠵᠦᠢᠯ  ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠷᠢᠶ᠎ᠠ ᠠᠵᠢᠯ ᠤᠨ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠵᠠᠰᠠᠭ ᠤᠨ ᠣᠷᠳᠣᠨ ᠤ ᠭᠡᠷ᠎ᠡ ᠶᠢᠨ ᠬᠠᠮᠢᠶᠠᠷᠤᠯᠲᠠ᠂ ᠲᠤᠰ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠬᠤᠷᠢᠨ ᠵᠢᠷᠭᠤᠳᠤᠭᠠᠷ  ᠵᠦᠢᠯ  ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号