2020 ᠣᠨ ᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/12
             ᠬᠥᠬᠡᠬᠤᠲᠠ ᠵᠠᠰᠠᠭ ᠠᠯᠪᠠᠨ ᠦᠰᠦᠭ ﹇2020﹈ 33 ᠳ᠋ᠤᠭᠠᠷ ᠲᠣᠭᠠᠲᠤ              2020 ᠣᠨ ᠤ 6 ᠳ᠋ᠤᠭᠠᠷ ᠰᠠᠷ᠎ᠠ ᠶᠢᠨ 15 ᠤ ᠡᠳᠦᠷ ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠄      ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 713 ᠳ᠋ᠤᠭᠠᠷ ᠲᠣᠭᠠᠲᠤ ᠵᠠᠷᠯᠢᠭ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢᠨ ᠲᠣᠭᠲᠠᠭᠠᠯ ᠶᠣᠰᠣᠭᠠᠷ᠂ ᠡᠯ᠎ᠡ ᠰᠠᠯᠠᠭ᠎ᠠ ᠮᠥᠴᠢᠷ ᠭᠤᠶᠤᠴᠢᠯᠠᠨ ᠮᠡᠳᠡᠭᠦᠯᠵᠦ᠂ ᠬᠢᠨᠠᠨ ᠬᠠᠷᠭᠤᠭᠤᠯᠵᠤ ᠰᠢᠯᠢᠨ ᠰᠣᠩᠭᠤᠬᠤ ᠪᠠᠷ ᠳᠠᠮᠵᠢᠭᠤᠯᠤᠨ᠂  ︽2020 ᠣᠨ ᠤ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠤᠨ ᠲᠥᠯᠥᠪᠯᠡᠭᠡ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠲᠥᠯᠥᠪᠯᠡᠭᠡ︾ ᠶᠢ ᠨᠠᠶᠢᠷᠠᠭᠤᠯᠤᠨ ᠵᠣᠬᠢᠶᠠᠨ ᠪᠦᠷᠢᠯᠳᠦᠭᠦᠯᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠭᠦᠨ ᠤ ᠬᠠᠮᠲᠤ ᠬᠤᠯᠪᠣᠭᠳᠠᠯ ᠪᠦᠬᠦᠢ ᠠᠵᠢᠯ ᠢ ᠰᠠᠶᠢᠳᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠲᠤᠬᠠᠶ      ︵ᠨᠢᠭᠡ︶ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠠᠵᠢᠯ ᠤᠨ ᠲᠥᠰᠦᠯ ᠢᠶᠠᠨ ᠴᠠᠭ ᠲᠤᠬᠠᠶ ᠳᠤᠨᠢ ᠲᠣᠭᠲᠠᠭᠠᠵᠤ᠂ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 713 ᠳ᠋ᠤᠭᠠᠷ ᠲᠣᠭᠠᠲᠤ ᠵᠠᠷᠯᠢᠭ︶ ᠤᠨ ᠲᠣᠭᠲᠠᠭᠠᠯ ᠶᠣᠰᠣᠭᠠᠷ᠂ ᠣᠯᠠᠨ ᠨᠡᠶᠢᠲᠡ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠠᠩᠬ᠎ᠠ ᠬᠢᠨᠠᠬᠤ᠂ ᠲᠣᠰ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠤᠷᠠᠯ ᠢᠶᠠᠷ ᠬᠠᠤᠯᠢ ᠶᠣᠰᠣᠭᠠᠷ ᠬᠢᠨᠠᠨ ᠵᠥᠪᠯᠡᠵᠦ ᠪᠠᠲᠤᠯᠠᠭᠳᠠᠭᠰᠠᠨ ᠤ ᠳᠠᠷᠠᠭ᠎ᠠ᠂ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ  ﹇2020﹈ 26 ᠳ᠋ᠤᠭᠠᠷ ᠲᠣᠭᠠᠲᠤ︶ ᠳᠤ ᠲᠣᠭᠲᠠᠭᠰᠠᠨ ᠲᠤᠰᠢᠶᠠᠬᠤ ᠶᠣᠰᠣᠲᠠᠢ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠮᠢᠶ᠎ᠠ ᠪᠦᠬᠦᠢ ᠳᠡᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠣᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠵᠦ ᠪᠣᠯᠬᠤ ᠦᠭᠡᠢ᠃      ︵ᠬᠤᠶᠠᠷ︶ ᠡᠯ᠎ᠡ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠰᠢᠢᠳᠪᠦᠷᠢᠲᠦ ᠪᠣᠳᠣᠯᠭ᠎ᠠ ᠶᠢ ᠭᠦᠢᠴᠡᠳᠬᠡᠬᠦ ᠳᠡᠰ ᠳᠠᠷᠠᠭᠠᠯᠠᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ᠢᠯᠡ ᠪᠣᠯᠭᠠᠵᠤ᠂ ᠬᠢᠨᠠᠯᠲᠠ ᠶᠢ ᠬᠦᠯᠢᠶᠡᠨ᠎ᠡ᠃      ︵ᠭᠤᠷᠪᠠ︶ ᠡᠯ᠎ᠡ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠰᠢᠢᠳᠪᠦᠷᠢᠲᠦ ᠪᠣᠳᠣᠯᠭ᠎ᠠ ᠶᠢᠨ ᠪᠦᠬᠦ ᠶᠠᠪᠤᠴᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠳᠠᠷᠠᠭᠠᠬᠢ 30 ᠡᠳᠦᠷ ᠤᠨ ᠳᠣᠲᠣᠷ᠎ᠠ᠂ ᠰᠢᠢᠳᠪᠦᠷᠢᠲᠦ ᠪᠣᠳᠣᠯᠭ᠎ᠠ ᠶᠢᠨ ᠳᠠᠩᠰᠠ ᠡᠪᠬᠡᠮᠡᠯ ᠢ ᠨᠢᠭᠡ ᠬᠡᠯᠪᠡᠷᠢ ᠶᠢᠨ ᠬᠤᠶᠠᠷ ᠬᠤᠪᠢ ᠲᠢᠭᠯᠡᠵᠦ ᠳᠠᠭᠤᠰᠬᠠᠭᠠᠳ᠂ ᠨᠢᠭᠡ ᠬᠤᠪᠢ ᠶᠢ ᠨᠢ ᠥᠪᠡᠷᠲᠡᠭᠡᠨ ᠦᠯᠡᠳᠡᠭᠡᠵᠦ᠂ ᠨᠢᠭᠡ ᠬᠤᠪᠢ ᠶᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠤᠨ᠎ᠠ᠃      ᠬᠤᠶᠠᠷ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠦᠢᠯᠡᠰ ᠤᠨ ᠲᠤᠬᠠᠶ      ︵ᠨᠢᠭᠡ︶ ᠡᠯ᠎ᠡ ᠳᠠᠭᠠᠭᠠᠨ ᠠᠪᠴᠤ ᠭᠦᠢᠴᠡᠳᠬᠡᠬᠦ ᠨᠢᠭᠡᠴᠡ ᠰᠤᠳᠤᠯᠤᠨ ᠲᠤᠭᠤᠷᠪᠢᠬᠤ ᠶᠢ ᠰᠢᠮᠳᠠᠭᠤᠯᠵᠤ᠂ ᠲᠤᠭᠤᠷᠪᠢᠨ ᠪᠢᠴᠢᠬᠦ ᠠᠬᠢᠴᠠ ᠪᠣᠯᠤᠨ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠦᠨᠡᠨᠬᠦ ᠪᠠᠲᠤᠯᠠᠵᠤ᠂ ᠠᠵᠢᠯ ᠤᠨ ᠡᠭᠦᠷᠭᠡ ᠪᠠᠨ ᠴᠠᠭ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠶ᠃ ᠲᠤᠭᠤᠷᠪᠢᠨ ᠪᠢᠴᠢᠬᠦ ᠶᠠᠪᠤᠴᠠ ᠳᠤ᠂ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ﹇2020﹈ 26 ᠳ᠋ᠤᠭᠠᠷ ᠲᠣᠭᠠᠲᠤ︶ ᠳᠤ ᠲᠣᠭᠲᠠᠭᠠᠭᠰᠠᠨ ᠲᠤᠰᠢᠶᠠᠬᠤ ᠶᠣᠰᠣᠲᠠᠢ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠦᠨᠳᠦᠰᠦᠯᠡᠨ ᠲᠣᠭᠲᠠᠭᠰᠠᠨ ᠬᠤᠯᠪᠣᠭᠳᠠᠯ ᠪᠥᠬᠦᠶ ᠲᠠᠰ ᠳᠠᠷᠠᠭᠠᠯᠠᠯ ᠢ ᠴᠢᠩᠭ᠎ᠠ ᠭᠦᠢᠴᠡᠳᠬᠡᠬᠦ ᠬᠡᠷᠡᠭᠲᠡᠶ᠃ ᠲᠥᠯᠥᠪᠯᠡᠭᠡ ᠳᠤ ᠣᠷᠣᠭᠤᠯᠤᠭᠰᠠᠨ ᠦᠭᠡᠢ ᠪᠠᠶᠢᠪᠠᠯ᠂ ᠣᠨᠴᠠᠭᠠᠢ ᠪᠠᠶᠢᠳᠠᠯ ᠠᠴᠠ ᠭᠠᠳᠠᠨ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠠᠯᠪᠠᠨ ᠪᠢᠴᠢᠭ ᠶᠠᠪᠤᠭᠤᠯᠵᠤ ᠪᠣᠯᠬᠤ ᠦᠭᠡᠢ᠃      ︵ᠬᠤᠶᠠᠷ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠲᠥᠯᠥᠪᠯᠡᠭᠡ ᠳᠤ ᠲᠥᠷᠥ ᠶᠢᠨ ᠶᠠᠪᠤᠳᠠᠯ ᠤᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠠᠯᠪᠠᠨ ᠲᠢᠩᠬᠢᠮ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠢᠵᠢ ᠪᠦᠷᠢᠳᠦᠭᠦᠯᠦᠨ ᠨᠡᠶᠢᠲᠡᠯᠡᠬᠦ ᠴᠢᠬᠤᠯᠠᠲᠠᠶ ᠪᠢᠴᠢᠭ ᠮᠠᠲ᠋ᠧᠷᠢᠶᠠᠯ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ︵ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠭᠡᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠪᠠᠭᠲᠠᠨ᠎ᠠ︶ ᠤ ᠬᠠᠮᠲᠤᠷᠠᠨ ᠳᠠᠷᠤᠮᠠᠯᠯᠠᠨ ᠶᠠᠪᠤᠭᠤᠯᠬᠤ ᠪᠢᠴᠢᠭ ᠮᠠᠲ᠋ᠧᠷᠢᠶᠠᠯ ᠪᠠᠭᠲᠠᠬᠤ ᠦᠭᠡᠶ᠃      ︵ᠭᠤᠷᠪᠠ︶ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢᠨ ᠭᠤᠤᠯ ᠬᠠᠷᠢᠭᠤᠴᠠᠯᠭᠠᠲᠠᠳ ᠪᠡᠶ᠎ᠡ ᠪᠠᠷ ᠢᠶᠠᠨ ᠬᠢᠨᠠᠨ ᠬᠠᠷᠭᠤᠭᠤᠯᠵᠤ᠂ ︽ᠣᠬᠤᠷ ᠪᠣᠳᠠᠲᠤ ᠰᠢᠨ᠎ᠡ︾ ᠵᠣᠬᠢᠶᠠᠯ ᠤᠨ ᠰᠤᠷᠲᠠᠯ ᠢ ᠪᠠᠳᠠᠷᠠᠭᠤᠯᠵᠤ᠂ ᠪᠢᠴᠢᠭ ᠮᠠᠲ᠋ᠧᠷᠢᠶᠠᠯ ᠤᠨ ᠬᠠᠭᠤᠳᠠᠰᠤ ᠶᠢ ᠴᠢᠩᠭ᠎ᠠ ᠬᠢᠵᠠᠭᠠᠷᠯᠠᠵᠤ᠂ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ᠂ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠮᠡᠳᠡᠭᠦᠯᠦᠨ ᠬᠦᠷᠭᠡᠭᠰᠡᠨ ᠡᠯ᠎ᠡ ᠲᠥᠷᠥᠯ ᠤᠨ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠪᠣᠭᠤᠮᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠮᠥᠨ ᠴᠢᠨᠠᠷ ᠤᠨ ᠠᠭᠤᠯᠭ᠎ᠠ ᠪᠠᠶᠢᠬᠤ ᠦᠭᠡᠢ᠂ ᠶᠠᠪᠤᠭᠤᠯᠬᠤ ᠴᠦ ᠪᠣᠯᠬᠤ ᠶᠠᠪᠤᠭᠤᠯᠬᠤ ᠦᠭᠡᠢ ᠴᠦ ᠪᠣᠯᠬᠤ ᠪᠢᠴᠢᠭ ᠮᠠᠲ᠋ᠧᠷᠢᠶᠠᠯ ᠢ ᠴᠥᠮ ᠶᠠᠪᠤᠭᠤᠯᠬᠤ ᠦᠭᠡᠢ᠃ ᠰᠠᠯᠠᠭ᠎ᠠ ᠮᠥᠴᠢᠷ ᠤᠨ ᠡᠷᠬᠡ ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠪᠢᠴᠢᠭ ᠮᠠᠲ᠋ᠧᠷᠢᠶᠠᠯ ᠢ ᠴᠥᠮ ᠰᠠᠯᠠᠭ᠎ᠠ ᠮᠥᠴᠢᠷ ᠤᠨ ᠨᠡᠷ᠎ᠡ ᠪᠠᠷ ᠪᠤᠶᠤ ᠰᠠᠯᠠᠭ᠎ᠠ ᠮᠥᠴᠢᠷ ᠤᠳ ᠠᠴᠠ ᠬᠠᠮᠲᠤᠷᠠᠨ ᠳᠠᠷᠤᠮᠠᠯᠯᠠᠨ ᠶᠠᠪᠤᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠶᠠᠪᠤᠭᠤᠯᠵᠤ ᠪᠣᠯᠬᠤ ᠦᠭᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠵᠣᠬᠢᠶᠠᠵᠤ ᠶᠠᠪᠤᠭᠤᠯᠬᠤ ᠳᠡᠰ ᠳᠠᠷᠠᠭᠠᠯᠠᠯ ᠢ ᠭᠦᠢᠴᠡᠳᠬᠡᠭᠰᠡᠨ ᠦᠭᠡᠢ᠂ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠨᠢ ᠪᠦᠷᠢᠨ ᠪᠦᠲᠦᠨ ᠪᠤᠰᠤ ᠪᠥᠭᠡᠳ ᠵᠢᠷᠤᠮᠵᠢᠭᠤᠨ ᠪᠤᠰᠤ ᠪᠠᠶᠢᠪᠠᠯ᠂ ᠴᠥᠮ ᠪᠢᠴᠢᠭ ᠮᠠᠲ᠋ᠧᠷᠢᠶᠠᠯ ᠢ ᠪᠤᠴᠠᠭᠠᠬᠤ ᠪᠠᠷ ᠰᠢᠢᠳᠪᠦᠷᠢᠯᠡᠬᠦ ᠶᠢᠨ ᠬᠠᠮᠲᠤ ᠪᠢᠴᠢᠭ ᠮᠠᠲ᠋ᠧᠷᠢᠶᠠᠯ ᠢ ᠪᠤᠴᠠᠭᠠᠭᠰᠠᠨ ᠪᠠᠶᠢᠳᠠᠯ ᠨᠢ ᠨᠡᠯᠢᠶᠡᠳ ᠠᠷᠪᠢᠨ ᠨᠢᠭᠡᠴᠡ ᠶᠢ ᠴᠠᠭ  ᠲᠤᠨᠢ ᠲᠣᠬᠢᠷᠠᠭᠤᠯᠤᠨ ᠵᠠᠷᠯᠠᠨ ᠨᠡᠶᠢᠲᠡᠯᠡᠨ᠎ᠡ᠃      ︵ᠳᠥᠷᠪᠡ︶ ᠬᠡᠷᠡᠭᠵᠢᠭᠦᠯᠬᠦ ᠶᠠᠪᠤᠴᠠ ᠳᠤ ᠲᠥᠯᠥᠪᠯᠡᠭᠡ ᠪᠠᠨ ᠲᠣᠬᠢᠷᠠᠭᠤᠯᠬᠤ ᠴᠢᠬᠤᠯᠠᠲᠠᠶ ᠪᠠᠶᠢᠪᠠᠯ᠂ ᠳᠠᠭᠠᠭᠠᠨ ᠠᠪᠴᠤ ᠭᠦᠢᠴᠡᠳᠬᠡᠬᠦ ᠨᠢᠭᠡᠴᠡ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠲᠣᠳᠣᠷᠬᠠᠶᠢᠯᠠᠯᠲᠠ ᠬᠢᠵᠦ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠲᠣᠰ ᠲᠥᠯᠥᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠴᠠᠭ ᠲᠤᠨᠢ ᠲᠤᠬᠢᠷᠠᠭᠤᠯᠤᠨ ᠬᠢᠨᠠᠯᠲᠠ ᠲᠠᠯᠪᠢᠵᠤ ᠪᠠᠶᠢᠴᠠᠭᠠᠨ᠎ᠠ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号