ᠬᠥᠬᠡᠬᠤᠲᠠ ᠵᠠᠰᠠᠭ ᠠᠯᠪᠠᠨ ᠦᠰᠦᠭ ﹇2020﹈ 28 ᠳ᠋ᠤᠭᠠᠷ ᠲᠣᠭᠠᠲᠤ | 2020 ᠣᠨ ᠤ 5 ᠳ᠋ᠤᠭᠠᠷ ᠰᠠᠷ᠎ᠠ ᠶᠢᠨ 12 ᠤᠨ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠠᠮᠢᠶ᠎ᠠ ᠪᠦᠬᠦᠢ | ᠰᠠᠯᠠᠭ᠎ᠠ ᠮᠥᠴᠢᠷ᠄ | ︽ᠲᠤᠭᠲᠠᠮᠠᠯ ᠬᠥᠷᠥᠩᠭᠡ ᠶᠢᠨ ᠳᠠᠩᠰᠠᠯᠠᠯ ᠢ ᠭᠦᠢᠴᠡᠳᠭᠡᠬᠦ ᠴᠠᠭ ᠢ ᠪᠠᠭᠠᠰᠬᠠᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ︹ 2019 ︺ | 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠨᠠᠩ ᠰᠢᠯᠢᠳᠡᠭ ᠰᠠᠶᠢᠨ | ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠣᠯᠭᠠᠬᠤ ᠶᠢᠨ ᠲᠦᠯᠦᠭᠡ᠂ ᠬᠤᠲᠠ ᠶᠢᠨ ᠠᠷᠠᠳ ᠤᠨ ᠵᠠᠰᠠᠭ | ᠤᠨ ᠣᠷᠳᠣᠨ ᠠᠴᠠ ᠰᠤᠳᠤᠯᠤᠨ᠂ ᠡᠳᠦᠭᠡ ᠬᠠᠮᠢᠶ᠎ᠠ ᠪᠦᠬᠦᠢ ᠣᠴᠢᠷ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠬᠠᠷᠠᠯᠲᠠ | ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳᠦᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠪᠠᠷ ᠨᠢᠭᠡᠲᠦᠭᠦᠯᠬᠦ᠂ ᠴᠤᠪᠤᠷᠠᠯ ᠢ ᠨᠢᠭᠡᠲᠦᠭᠦᠯᠬᠦ ᠪᠤᠶᠤ ᠠᠵᠢᠯᠲᠠᠨ ᠢ ᠨᠢᠭᠡᠲᠦᠭᠦᠯᠬᠦ ᠶᠢ ᠠᠬᠢᠭᠤᠯᠵᠤ᠂ | ᠲᠤᠭᠲᠠᠮᠠᠯ ᠬᠥᠷᠥᠩᠭᠡ ᠶᠢᠨ ᠳᠠᠩᠰᠠᠯᠠᠯ᠂ ᠬᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ᠪᠥᠬᠦ | ᠶᠠᠪᠤᠴᠠ ᠶᠢᠨ ︽ᠨᠢᠭᠡ ᠶᠠᠪᠤᠳᠠᠯ︾ ᠢ ᠪᠥᠬᠦ ᠶᠠᠪᠤᠴᠠ ᠪᠠᠷ ᠰᠢᠯᠢᠳᠡᠭᠵᠢᠭᠦᠯᠵᠦ᠂ ᠠᠷᠠᠳ ᠲᠤ ᠲᠦᠬᠦᠮ ᠥᠨᠳᠥᠷ | ᠪᠦᠲᠦᠮᠵᠢᠲᠡᠶ ᠲᠤᠭᠲᠠᠮᠠᠯ ᠬᠦᠷᠦᠩᠭᠡ ᠶᠢ ᠳᠠᠩᠰᠠᠯᠠᠬᠤ ᠠᠵᠢᠯ ᠤᠨ ᠰᠢᠰᠲ᠋ᠧᠮ ᠢ ᠪᠠᠶᠢᠭᠤᠯᠤᠨ᠎ᠠ᠃ 2020 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠬᠤᠲᠠ ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠳᠤ | ᠱᠠᠭᠠᠷᠳᠠᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠪᠦᠬᠦᠨ ᠢ ᠬᠠᠮᠲᠤ ᠪᠠᠷ ᠡᠳ᠋ᠯᠡᠬᠦ ᠶᠢ | ᠪᠠᠲᠤᠯᠠᠵᠤ᠂ ︽ᠢᠨᠲ᠋ᠧᠷ ᠰᠦᠯᠵᠢᠶ᠎ᠡ + ᠲᠤᠭᠲᠠᠮᠠᠯ ᠬᠥᠷᠥᠩᠭᠡ ᠶᠢᠨ ᠳᠠᠩᠰᠠᠯᠠᠯ︾ ᠢ ᠪᠦᠬᠦ ᠲᠠᠯ᠎ᠠ ᠪᠠᠷ | ᠪᠡᠶᠡᠯᠡᠬᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠲᠤᠭ᠎ᠠ ᠪᠠᠷᠢᠮᠲᠠ ᠶᠢᠨ ᠪᠦᠷᠢᠨ ᠪᠦᠲᠦᠨ ᠢ ᠪᠠᠲᠤᠯᠠᠨ᠎ᠠ᠃ | ᠬᠤᠲᠠ᠂ ᠬᠤᠰᠢᠭᠤ ︵ᠰᠢᠶᠠᠨ︶ ᠶᠢᠨ ᠡᠩ ᠤᠨ ᠲᠤᠭᠲᠠᠮᠠᠯ ᠬᠥᠷᠥᠩᠭᠡ ᠶᠢᠨ ᠳᠠᠩᠰᠠᠯᠠᠯ᠂ ᠪᠠᠷᠢᠴᠠᠭᠠᠯᠠᠬᠤ | ᠳᠠᠩᠰᠠᠯᠠᠯ ᠤᠨ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠠᠭ ᠢ ᠲᠣᠰ ᠲᠣᠰ 5 ᠪᠠ 3 ᠠᠵᠢᠯᠯᠠᠬᠤ ᠡᠳᠦᠷ ᠤᠨ | ᠳᠣᠲᠣᠷ᠎ᠠ ᠪᠤᠯᠲᠠᠯ᠎ᠠ ᠪᠠᠭᠠᠰᠬᠠᠨ᠎ᠠ᠃ | ᠬᠤᠶᠠᠷ᠂ ᠡᠭᠦᠷᠭᠡ ᠶᠢᠨ ᠬᠤᠪᠢᠶᠠᠷᠢᠯᠠᠯ | ︵ᠨᠢᠭᠡ︶ ᠰᠠᠯᠠᠭ᠎ᠠ ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠶᠢ | ᠪᠡᠶᠡᠯᠡᠭᠦᠯᠦᠨ᠎ᠡ᠃ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠳᠤ ᠰᠠᠭᠤᠷᠢᠯᠠᠨ᠂ ᠰᠠᠯᠠᠭ᠎ᠠ | ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ | ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠶᠠᠰᠤ ᠴᠢᠨᠠᠷ ᠪᠠ ᠠᠰᠢᠭᠯᠠᠮᠵᠢ ᠶᠢ ᠳᠡᠭᠡᠭᠰᠢᠯᠡᠭᠦᠯᠦᠨ᠂ ︽ | ᠢᠨᠲ᠋ᠧᠷ ᠰᠦᠯᠵᠢᠶ᠎ᠡ + ᠲᠤᠭᠲᠠᠮᠠᠯ ᠬᠦᠷᠥᠩᠭᠡ ᠶᠢᠨ ᠳᠠᠩᠰᠠᠯᠠᠯ︾ ᠢ ᠲᠦᠯᠬᠢᠨ ᠠᠬᠢᠭᠤᠯᠤᠨ᠎ᠠ᠃ | 1. ᠰᠠᠯᠠᠭ᠎ᠠ ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠶᠢ | ᠠᠬᠢᠭᠤᠯᠤᠨ᠎ᠠ᠃ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠲᠠ ᠶᠢᠨ ᠪᠠᠶᠢᠭᠠᠯᠢ ᠶᠢᠨ | ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ | ᠲᠤᠭ᠎ᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠪᠤᠶᠤ ᠰᠠᠯᠠᠭ᠎ᠠ ᠮᠦᠴᠢᠷ ᠢ ᠰᠢᠭᠤᠳ ᠬᠤᠯᠪᠤᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠶᠢᠨ ᠴᠠᠭ ᠲᠤᠬᠠᠶ ᠳᠠᠭᠠᠨ ᠬᠠᠷᠢᠯᠴᠠᠨ ᠨᠡᠪᠲᠡᠷᠡᠯᠴᠡᠵᠦ | ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ | ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠢᠶᠠᠷ ᠳᠣᠤᠷᠠᠬᠢ ᠮᠡᠲᠦ ᠭᠤᠤᠯ ᠮᠡᠳᠡᠭᠡ ᠵᠠᠩᠭᠢ ᠶᠢ ᠭᠠᠷᠭᠠᠨ | ᠠᠪᠴᠤ ᠪᠣᠯᠤᠨ᠎ᠠ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠳᠠᠩᠰᠠ ᠲᠠᠢ ᠬᠥᠮᠦᠨ | ᠠᠮᠠ ᠶᠢᠨ ᠦᠨᠳᠦᠰᠦᠨ ᠮᠡᠳᠡᠭᠡ ᠵᠠᠩᠭᠢ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ︔ ᠪᠠᠶᠢᠭᠤᠯᠤᠮᠵᠢ ᠶᠢᠨ ᠣᠷᠣᠨ ᠲᠤᠭ᠎ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨ ᠤ ᠪᠦᠯᠬᠦᠮ ᠤᠨ | ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ ᠲᠦᠯᠦᠭᠡᠨ | ᠨᠣᠮᠧᠷ ᠤᠨ ᠮᠡᠳᠡᠭᠡ ᠵᠠᠩᠭᠢ ︵ᠨᠢᠭᠤᠴᠠ ᠳᠤ ᠬᠤᠯᠪᠣᠭᠳᠠᠬᠤ ᠨᠢᠭᠡᠴᠡ ᠠᠴᠠ ᠭᠠᠳᠠᠨ᠎ᠠ︶︔ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ᠂ ᠭᠡᠷ᠎ᠡ ᠶᠢ ᠳᠠᠩᠰᠠᠯᠠᠭᠤᠯᠬᠤ ᠵᠡᠷᠭᠡ ᠮᠡᠳᠡᠭᠡ ᠵᠠᠩᠭᠢ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ | ᠭᠠᠶᠢᠯᠢ ᠲᠠᠲᠠᠪᠤᠷᠢ ᠶᠢᠨ ᠮᠡᠳᠡᠭᠡ ᠵᠠᠩᠭᠢ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ | ᠲᠥᠯᠥᠪᠵᠢᠭᠦᠯᠭᠡ᠂ ᠬᠡᠮᠵᠢᠨ ᠵᠢᠷᠤᠬᠤ᠂ ᠭᠠᠵᠠᠷ ᠰᠢᠷᠤᠢ ᠶᠢ ᠰᠢᠯᠵᠢᠭᠦᠯᠦᠨ ᠬᠤᠳᠠᠯᠳᠤᠬᠤ᠂ ᠭᠠᠵᠠᠷ ᠰᠢᠷᠣᠶ ᠶᠢ | ᠬᠢᠨᠠᠨ ᠵᠥᠪᠰᠢᠶᠡᠷᠡᠬᠦ᠂ ᠰᠤᠯᠠ ᠭᠠᠵᠠᠷ ᠰᠢᠷᠣᠶ ᠵᠡᠷᠭᠡ ᠮᠡᠳᠡᠭᠡ ᠵᠠᠩᠭᠢ︔ ᠰᠢᠭᠦᠬᠦ ᠬᠤᠷᠢᠶ᠎ᠠ ᠶᠢᠨ ᠢᠯᠡ ᠪᠣᠯᠭᠠᠵᠤ | ᠪᠣᠯᠬᠤ ᠰᠢᠭᠦᠨ ᠲᠠᠰᠤᠯᠤᠯᠲᠠ ᠶᠢᠨ ᠮᠡᠳᠡᠭᠡ ᠵᠠᠩᠭᠢ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠤᠷᠤᠭ ᠤᠨ | ᠳᠠᠩᠰᠠᠯᠠᠯᠲᠠ᠂ ᠬᠥᠮᠦᠨ ᠨᠢᠭᠡᠴᠡ ᠳᠤ ᠬᠤᠯᠪᠤᠭᠳᠠᠬᠤ ᠭᠠᠵᠠᠷ ᠤᠨ ᠨᠡᠷᠡᠶᠢᠳᠦᠯ ᠬᠠᠶ᠋ᠢᠭ ᠵᠡᠷᠭᠡ ᠮᠡᠳᠡᠭᠡ ᠵᠠᠩᠭᠢ︔ | ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠠᠯᠪᠠᠨ ᠭᠡᠷᠡᠴᠢᠯᠡᠭᠡ ᠶᠢᠨ ᠪᠢᠴᠢᠭ ᠤᠨ ᠮᠡᠳᠡᠭᠡ ᠵᠠᠩᠭᠢ︔ ᠤᠯᠤᠰ ᠤᠨ | ᠦᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠭᠠᠵᠠᠷ ᠰᠢᠷᠣᠶ ᠭᠡᠷ ᠪᠠᠶᠢᠰᠢᠩ ᠤᠨ ᠡᠳ᠋ | ᠬᠥᠷᠥᠩᠭᠡ ᠶᠢ ᠰᠢᠯᠵᠢᠭᠦᠯᠦᠨ ᠥᠭᠬᠦ ᠮᠡᠳᠡᠭᠡ ᠵᠠᠩᠭᠢ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠨ ᠦᠭᠭᠦᠭᠰᠡᠨ ᠤ ᠠᠨᠠᠭᠠᠬᠤ ᠤᠬᠠᠭᠠᠨ ᠤ ᠭᠡᠷᠡᠴᠢ᠂ ᠲᠦᠷᠦᠭᠰᠡᠨ ᠤ ᠠᠨᠠᠭᠠᠬᠤ ᠤᠬᠠᠭᠠᠨ ᠤ ᠭᠡᠷᠡᠴᠢ | ᠮᠡᠳᠡᠭᠡ ᠵᠠᠩᠭᠢ ᠵᠡᠷᠭᠡ᠃ | ᠭᠠᠵᠠᠷ ᠣᠷᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠳᠠᠯᠢ ᠱᠠᠲᠤᠨ ᠳᠠᠭᠠᠨ ᠬᠠᠷᠢᠯᠴᠠᠨ | ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠬᠦᠬᠡᠬᠤᠲᠠ ᠶᠢᠨ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠤᠯᠢᠯᠴᠠᠬᠤ ᠲᠠᠪᠴᠠᠩ ᠢ ᠪᠠᠶᠢᠭᠤᠯᠤᠨ | ᠠᠵᠢᠯᠯᠠᠭᠤᠯᠤᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠠᠪᠴᠠᠩ ᠢᠶᠠᠷ | ᠳᠠᠮᠵᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠣᠯᠵᠤ ᠪᠤᠯᠤᠨ᠎ᠠ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠬᠠᠮᠲᠤ ᠪᠠᠷ ᠡᠳ᠋ᠯᠡᠬᠦ ᠪᠠᠷ ᠤᠯᠤᠭᠰᠠᠨ᠂ ᠰᠢᠯᠭᠠᠭᠤᠯᠤᠭᠰᠠᠨ ᠮᠠᠲ᠋ᠧᠷᠢᠶᠠᠯ ᠢ ᠲᠤᠭᠲᠠᠮᠠᠯ ᠬᠦᠷᠦᠩᠭᠡ ᠶᠢᠨ ᠳᠠᠩᠰᠠᠯᠠᠯ ᠤᠨ | ᠪᠠᠶᠢᠭᠤᠯᠤᠮᠵᠢ ᠠᠴᠠ ᠰᠢᠭᠤᠳ ᠭᠠᠷᠭᠠᠨ ᠠᠪᠴᠤ᠂ ᠠᠵᠤ ᠠᠬᠤᠶᠢᠯᠠᠯ ᠪᠠ ᠤᠯᠠᠨ ᠲᠦᠮᠡᠨ ᠢᠶᠠᠷ ᠳᠠᠬᠢᠵᠤ | ᠲᠤᠰᠢᠶᠠᠯᠭᠠᠬᠤ ᠶᠢ ᠱᠠᠭᠠᠷᠳᠠᠬᠤ ᠥᠬᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠳᠤᠮᠳᠠ ᠵᠡᠷᠭᠡ ᠶᠢᠨ | ᠠᠷᠠᠳ ᠤᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶ | 2. ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠲᠤᠭ᠎ᠠ ᠪᠠᠷᠢᠮᠲᠠ ᠶᠢᠨ ᠰᠠᠭᠤᠷᠢ ᠶᠢ ᠴᠢᠩᠭᠠᠷᠠᠭᠤᠯᠤᠨ᠎ᠠ᠃ | ᠤᠳᠤᠬᠠᠨ ᠳᠤ ᠤᠤᠯ ᠤᠨ ᠳᠠᠩᠰᠠᠯᠠᠭᠰᠠᠨ ᠰᠠᠯᠠᠭ᠎ᠠ ᠮᠥᠴᠢᠷ ᠲᠤ ᠬᠠᠳᠠᠭᠠᠯᠠᠵᠤ ᠪᠠᠶᠢᠭ᠎ᠠ ᠲᠤᠭᠲᠠᠮᠠᠯ ᠬᠥᠷᠥᠩᠭᠡ ᠶᠢᠨ | ᠳᠠᠩᠰᠠᠯᠠᠯ ᠤᠨ ᠮᠠᠲ᠋ᠧᠷᠢᠶᠠᠯ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠷᠬᠡᠪᠰᠢ 2020 ᠣᠨ ᠤ 6 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠪᠠᠶᠢᠭᠤᠯᠤᠮᠵᠢ ᠳᠤ ᠪᠦᠷᠢᠨ | ᠪᠦᠲᠦᠨ ᠰᠢᠯᠵᠢᠭᠦᠯᠦᠨ ᠲᠤᠰᠢᠶᠠᠨ᠎ᠠ᠃ ᠡᠭᠦᠨ ᠤ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠬᠢᠨ ᠬᠠᠳᠠᠭᠠᠯᠠᠭᠳᠠᠵᠤ | ᠪᠠᠶᠢᠭ᠎ᠠ ᠳᠠᠩᠰᠠᠯᠠᠯ ᠤᠨ ᠲᠤᠭ᠎ᠠ ᠪᠠᠷᠢᠮᠲᠠ ᠶᠢ ᠨᠡᠶᠢᠳᠭᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠨ ᠲᠦᠷᠭᠡᠳᠬᠡᠵᠦ᠂ | 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ᠂ ᠬᠤᠰᠢᠭᠤ ︵ᠰᠢᠶᠠᠨ︶ ᠶᠢᠨ ᠬᠤᠲᠠ | ᠪᠠᠯᠭᠠᠰᠤ ᠶᠢᠨ ᠬᠠᠳᠠᠭᠠᠯᠠᠭᠳᠠᠵᠤ ᠪᠠᠶᠢᠭ᠎ᠠ ᠤᠳᠤᠬᠠᠨ ᠤ ᠳᠠᠩᠰᠠᠯᠠᠯ ᠤᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ | ᠲᠡᠭᠦᠯᠳᠡᠷᠵᠢᠭᠦᠯᠬᠦ ᠪᠠ ᠬᠤᠷᠢᠶᠠᠩᠭᠤᠶᠢᠯᠠᠨ ᠲᠤᠰᠢᠶᠠᠬᠤ ᠶᠢ ᠪᠦᠷᠢᠨ ᠪᠦᠷᠬᠦᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠲᠠᠢ ᠤᠶᠠᠯᠳᠤᠭᠤᠯᠤᠨ᠂ ᠲᠤᠭᠲᠠᠮᠠᠯ | ᠬᠥᠷᠥᠩᠭᠡ ᠶᠢᠨ ᠡᠷᠬᠡ ᠶᠢᠨ ᠬᠠᠷᠢᠶ᠎ᠠ ᠶᠢ ᠵᠠᠰᠠᠨ ᠨᠦᠬᠦᠵᠦ ᠬᠡᠮᠵᠢᠬᠦ ᠠᠵᠢᠯ ᠢ ᠢᠳᠡᠪᠬᠢᠲᠡᠶ ᠦᠷᠨᠢᠭᠦᠯᠵᠦ᠂ ᠳᠡᠩᠰᠡᠯᠡᠨ | ᠲᠡᠮᠳᠡᠭᠯᠡᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ 2020 ᠣᠨ ᠳᠤ᠂ ᠬᠤᠲᠠ᠂ | ᠬᠤᠰᠢᠭᠤ ︵ᠰᠢᠶᠠᠨ︶ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ | ᠬᠠᠳᠠᠭᠠᠯᠠᠭᠳᠠᠵᠤ ᠪᠠᠶᠢᠭ᠎ᠠ ᠲᠡᠣᠬᠡᠨ ᠳᠠᠩᠰᠠᠯᠠᠯ ᠤᠨ ᠲᠤᠭ᠎ᠠ ᠪᠠᠷᠢᠮᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ | ᠲᠤᠭ᠎ᠠ ᠪᠠᠷᠢᠮᠲᠠ ᠶᠢ ᠨᠡᠶᠢᠳᠭᠡᠬᠦ ᠠᠵᠢᠯ ᠤᠨ ᠵᠠᠷᠤᠳᠠᠯ ᠢ ᠨᠠᠶᠢᠲᠠᠪᠤᠷᠢᠵᠢᠭᠤᠯᠵᠤ᠂ ᠠᠩᠬ᠎ᠠ ᠤᠳᠠᠭ᠎ᠠ | ᠳᠠᠩᠰᠠᠯᠠᠭᠤᠯᠤᠭᠰᠠᠨ ᠠᠴᠠ ᠤᠳᠤᠬᠠᠨ ᠪᠤᠯᠲᠠᠯᠠᠬᠢ ᠳᠠᠩᠰᠠᠯᠠᠭᠤᠯᠤᠭᠰᠠᠨ ᠲᠡᠤᠬᠡᠨ ᠳᠠᠩᠰᠠᠯᠠᠯ ᠤᠨ ᠲᠤᠭ᠎ᠠ | ᠪᠠᠷᠢᠮᠳᠠ ᠶᠢ ᠴᠡᠪᠡᠷᠯᠡᠨ ᠨᠡᠶᠢᠳᠭᠡᠬᠦ ᠠᠵᠢᠯ ᠢ ᠥᠷᠨᠢᠭᠦᠯᠵᠦ᠂ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ | ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ 2020 | ᠣᠨ ᠤ ᠵᠢᠯ ᠤᠨ ᠰᠡᠭᠦᠯᠴᠢ ᠠᠴᠠ ᠡᠮᠦᠨ᠎ᠡ ᠲᠡᠤᠬᠡᠨ ᠳᠠᠩᠰᠠᠯᠠᠯ ᠤᠨ ᠲᠤᠭ᠎ᠠ ᠪᠠᠷᠢᠮᠲᠠ ᠶᠢ ᠨᠡᠶᠢᠳᠭᠡᠭᠰᠡᠨ ᠦᠷ᠎ᠡ | ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶ | 3. ︽ᠢᠨᠲ᠋ᠧᠷ ᠰᠦᠯᠵᠢᠶ᠎ᠡ + ᠲᠤᠭᠲᠠᠮᠠᠯ ᠬᠦᠷᠥᠩᠭᠡ ᠶᠢᠨ ᠳᠠᠩᠰᠠᠯᠠᠯ︾ ᠶᠢ ᠬᠡᠷᠡᠭᠵᠢᠭᠦᠯᠦᠨ᠎ᠡ᠃ ᠢᠨᠲ᠋ᠧᠷ | ᠰᠦᠯᠵᠢᠶ᠎ᠡ᠂ ᠲᠣᠮᠣ ᠳ᠋ᠠᠶᠢᠲ᠋ᠠ᠂ ᠬᠥᠮᠦᠨ ᠤ ᠵᠢᠰᠦ ᠶᠢ ᠰᠢᠷᠪᠢᠨ ᠲᠠᠨᠢᠬᠤ᠂ ᠰᠦᠯᠵᠢᠶᠡᠨ ᠳᠡᠭᠡᠷ᠎ᠡ ᠲᠦᠯᠦᠬᠦ ᠵᠡᠷᠭᠡ | ᠮᠡᠷᠭᠡᠵᠢᠯ ᠢ ᠭᠦᠢᠴᠡᠳ ᠠᠰᠢᠭᠯᠠᠵᠤ᠂ ︽ᠢᠨᠲ᠋ᠧᠷ ᠰᠦᠯᠵᠢᠶ᠎ᠡ + ᠲᠤᠭᠲᠠᠮᠠᠯ ᠬᠦᠷᠦᠩᠭᠡ ᠶᠢᠨ ᠳᠠᠩᠰᠠᠯᠠᠯ︾ ᠢ | ᠬᠡᠷᠡᠭᠵᠢᠭᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ᠂ ᠠᠷᠠᠯᠵᠢᠶᠠᠯᠠᠬᠤ᠂ ᠭᠠᠶᠢᠯᠢ ᠲᠠᠲᠠᠪᠤᠷᠢ ᠶᠢᠨ ︽ᠨᠢᠭᠡ | ᠶᠠᠪᠤᠳᠠᠯ︾ ᠢ ᠰᠦᠯᠵᠢᠶᠡᠨ ᠳᠡᠭᠡᠷ ᠡ ︽ᠨᠢᠭᠡ ᠴᠤᠩᠬᠤᠪᠴᠢ ᠪᠠᠷ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠦᠨ᠎ᠡ᠃ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠲᠤᠭᠲᠠᠮᠠᠯ | ᠬᠥᠷᠥᠩᠭᠡ ᠶᠢᠨ ︽ᠰᠦᠯᠵᠢᠶᠡᠨ ᠳᠡᠭᠡᠷᠡᠬᠢ ︵ᠠᠯᠠᠭᠠᠨ ᠳᠡᠭᠡᠷᠡᠬᠢ︶ ᠳᠠᠩᠰᠠᠯᠠᠯ ᠤᠨ ᠲᠥᠪ︾ ᠢ ᠪᠠᠶᠢᠭᠤᠯᠵᠤ᠂ | ᠰᠦᠯᠵᠢᠶᠡᠨ ᠨᠢᠭᠤᠷ ᠤᠨ ᠬᠡᠪᠯᠡᠯ᠂ ᠸᠢᠴᠠᠲ ᠤᠨ ᠬᠡᠪᠯᠡᠯ᠂ ᠥᠪᠡᠷ ᠢᠶᠠᠨ ᠦᠢᠯᠡᠴᠢᠯᠡᠬᠦᠯᠬᠦ ᠦᠵᠦᠭᠦᠷ ᠬᠡᠪᠯᠡᠯ ᠤᠨ | ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠬᠤ ᠲᠠᠪᠴᠠᠩ ᠢ ᠭᠠᠷᠭᠠᠵᠤ᠂ ᠣᠯᠠᠨ | ᠲᠦᠮᠡᠨ ᠳᠤ ᠣᠯᠠᠨ ᠵᠦᠢᠯ ᠤᠨ ᠰᠣᠩᠭᠤᠯᠲᠠ ᠬᠠᠩᠭᠠᠵᠤ᠂ ᠣᠯᠠᠨ ᠳᠡᠰ ᠳᠠᠪᠬᠤᠷᠭ᠎ᠠ᠂ ᠣᠯᠠᠨ ᠬᠡᠮᠵᠢᠯᠲᠡᠳᠦ | ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠭᠡᠬᠦ ᠲᠢᠩᠬᠢᠮ ᠢ ᠪᠠᠶᠢᠭᠤᠯᠵᠤ᠂ ᠬᠡᠵᠢᠶ᠎ᠡ ᠬᠠᠮᠢᠭ᠎ᠠ ᠴᠤ ᠭᠡᠰᠡᠨ | ᠭᠤᠶᠤᠴᠢᠯᠠᠵᠤ ᠪᠣᠯᠬᠤ ᠪᠤᠯᠭᠠᠨ᠎ᠠ᠃ ︽ᠭᠠᠳᠠᠷ ᠰᠦᠯᠵᠢᠶ᠎ᠡ ᠪᠠᠷ ᠭᠤᠶᠤᠴᠢᠯᠠᠬᠤ᠂ ᠳᠣᠲᠣᠭᠠᠳᠤ ᠰᠦᠯᠵᠢᠶ᠎ᠡ ᠪᠠᠷ | ᠬᠢᠨᠠᠨ ᠬᠠᠷᠭᠤᠭᠤᠯᠬᠤ︾ ᠵᠠᠭᠪᠤᠷ ᠢ ᠪᠠᠶᠢᠭᠤᠯᠵᠤ᠂ ᠰᠦᠯᠵᠢᠶᠡᠨ ᠳᠡᠭᠡᠷ᠎ᠡ ᠨᠢᠭᠡᠳᠦᠯᠲᠡᠶ ᠭᠤᠶᠤᠴᠢᠯᠠᠨ᠂ ᠳᠤᠲᠤᠭᠠᠲᠤ | ᠰᠦᠯᠵᠢᠶᠡᠨ ᠳᠡᠭᠡᠷ᠎ᠡ ᠵᠡᠷᠭᠡᠴᠡᠭᠦᠯᠦᠨ ᠬᠢᠨᠠᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠢᠭᠤ ᠲᠤᠰᠬᠠᠬᠤ᠂ | ᠲᠤᠬᠠᠶ ᠶᠢᠨ ᠲᠠᠯᠠᠪᠤᠷ ᠲᠤ ᠬᠢᠨᠠᠨ ᠰᠢᠯᠭᠠᠵᠤ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠵᠦ ᠳᠠᠭᠤᠰᠬᠠᠬᠤ ᠶᠢ | ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ | ᠰᠦᠯᠵᠢᠶᠡᠨ ᠳᠡᠭᠡᠷ᠎ᠡ ᠮᠦᠩᠭᠦ ᠲᠦᠯᠦᠭᠦ ᠪᠠ ᠰᠦᠯᠵᠢᠶᠡᠨ ᠳᠡᠭᠡᠷ᠎ᠡ ᠡᠯᠧᠺᠲᠷᠣᠨ ᠭᠡᠷᠡᠴᠢ ᠬᠢᠵᠦ ᠥᠭᠬᠦ ᠵᠡᠷᠭᠡ | ᠦᠢᠯᠡᠴᠢᠯᠡᠭᠡ ᠶᠢ ᠬᠠᠩᠭᠠᠨ᠎ᠠ᠃ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ | ᠬᠤᠲᠠ ᠶᠢᠨ ᠨᠢᠭᠡᠳᠦᠯᠲᠡᠢ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ᠢᠨᠲ᠋ᠧᠷ ᠰᠦᠯᠵᠢᠶ᠎ᠡ ᠪᠠᠷ ᠭᠤᠶᠤᠴᠢᠯᠠᠨ | ᠮᠡᠳᠡᠭᠦᠯᠬᠦ᠂ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ᠲᠤᠭᠲᠠᠮᠠᠯ ᠬᠥᠷᠥᠩᠭᠡ ᠶᠢᠨ ᠳᠠᠩᠰᠠᠯᠠᠨ ᠠᠷᠠᠯᠵᠢᠶᠠᠯᠠᠬᠤ | ᠂ ᠭᠠᠶᠢᠯᠢ ᠲᠠᠲᠠᠪᠤᠷᠢ ᠶᠢᠨ ︽ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ︽ᠨᠢᠭᠡ ᠴᠣᠩᠬᠤᠪᠴᠢ ᠪᠠᠷ ᠭᠥᠯᠢᠶᠡᠨ | ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠬᠡᠬᠦ︾ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ︽ᠬᠥᠬᠡᠬᠤᠲᠠ | ᠂ ᠪᠤᠭᠤᠲᠤ᠂ ᠣᠷᠳᠣᠰ᠂ ᠤᠯᠠᠭᠠᠨᠴᠠᠪ︾ ᠲᠤᠭᠲᠠᠮᠠᠯ ᠬᠥᠷᠥᠩᠭᠡ ᠶᠢ ᠳᠠᠩᠰᠠᠯᠠᠬᠤ ᠶᠢ ᠳᠥᠷᠪᠡᠨ ᠬᠤᠲᠠ ᠳᠤ | ᠨᠡᠶᠢᠳᠡᠮ ᠭᠦᠢᠴᠡᠳᠭᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶ | ︵ᠬᠤᠶᠠᠷ︶ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠴᠤᠪᠤᠷᠠᠯ ᠢ ᠨᠢᠭᠡᠲᠦᠭᠦᠯᠬᠦ ᠶᠢ ᠠᠬᠢᠭᠤᠯᠤᠨ᠎ᠠ᠃ | ᠲᠤᠭᠲᠠᠮᠠᠯ ᠬᠦᠷᠥᠩᠭᠡ ᠶᠢᠨ ᠳᠠᠩᠰᠠᠯᠠᠯ᠂ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ᠪᠦᠬᠦ | ᠶᠠᠪᠤᠴᠠ ᠶᠢ ︽ᠨᠢᠭᠡ ᠶᠠᠪᠤᠳᠠᠯ︾ ᠪᠤᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠢᠭᠡ | ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ ᠪᠡᠶᠡᠯᠡᠭᠦᠯᠵᠦ᠂ ᠴᠤᠪᠤᠷᠠᠯ ᠢ | ᠰᠢᠯᠢᠳᠡᠭᠵᠢᠭᠦᠯᠦᠨ᠂ ᠮᠠᠲ᠋ᠧᠷᠢᠶᠠᠯ ᠢ ᠴᠣᠮᠬᠠᠳᠬᠠᠵᠤ᠂ ᠭᠦᠢᠴᠡᠳᠭᠡᠬᠦ ᠭᠤᠭᠴᠤᠭ᠎ᠠ ᠣᠯᠠᠨ᠂ ᠴᠤᠪᠤᠷᠠᠯ ᠨᠢ | ᠲᠣᠳᠣᠷᠬᠠᠶ ᠥᠬᠡᠶ᠂ ᠣᠯᠠᠨ ᠲᠦᠮᠡᠨ ᠳᠠᠬᠢᠨ ᠳᠠᠪᠲᠠᠨ ᠮᠠᠲ᠋ᠧᠷᠢᠶᠠᠯ ᠲᠤᠰᠢᠶᠠᠬᠤ ᠵᠡᠷᠭᠡ ᠠᠰᠠᠭᠤᠳᠠᠯ ᠢ | ᠭᠤᠤᠯᠳᠠᠯᠭ᠎ᠠ ᠲᠠᠢ ᠰᠢᠢᠳᠪᠦᠷᠢᠯᠡᠨ᠎ᠡ᠃ | 1. ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ | ᠠᠬᠢᠭᠤᠯᠤᠨ᠎ᠠ᠃ ᠬᠤᠯᠪᠤᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ | ᠨᠡᠶᠢᠳᠭᠡᠨ ᠵᠣᠯᠭᠠᠭᠤᠯᠬᠤ ᠶᠢ ᠪᠡᠶᠡᠯᠡᠭᠦᠯᠵᠦ᠂ ᠳᠠᠩᠰᠠᠯᠠᠬᠤ ᠶᠠᠪᠤᠴᠠ ᠳᠤ ᠬᠤᠯᠪᠤᠭᠳᠠᠬᠤ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠵᠡᠷᠭᠡ | ᠣᠯᠠᠨ ᠰᠠᠯᠠᠭ᠎ᠠ ᠮᠥᠴᠢᠷ ᠤᠨ ᠰᠤᠯᠪᠢᠴᠠᠨ ᠰᠢᠢᠳᠪᠦᠷᠢᠯᠡᠬᠦ ᠠᠵᠢᠯ ᠢ ᠮᠡᠳᠡᠭᠡ ᠵᠠᠩᠭᠢᠴᠢᠯᠠᠯᠲᠠ ᠶᠢᠨ ᠠᠷᠭ᠎ᠠ | ᠪᠠᠷᠢᠯ ᠢᠶᠠᠷ ᠲᠤᠬᠠᠶᠢᠯᠠᠭᠰᠠᠨ ᠠᠵᠢᠯ ᠤᠨ ᠴᠤᠪᠤᠷᠠᠯ ᠢ ᠨᠡᠶᠢᠳᠭᠡᠨ ᠨᠢᠭᠡᠲᠦᠭᠦᠯᠵᠦ᠂ ᠲᠤᠭᠲᠠᠮᠠᠯ ᠬᠦᠷᠥᠩᠭᠡ ᠶᠢᠨ | ᠳᠠᠩᠰᠠᠯᠠᠯ ᠤᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ | ᠨᠢᠭᠡᠳᠦᠯᠲᠡᠶ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠢᠩᠬᠢᠮ ᠪᠤᠶᠤ ᠲᠤᠭᠲᠠᠮᠠᠯ ᠬᠥᠷᠥᠩᠭᠡ ᠶᠢ ᠳᠠᠩᠰᠠᠯᠠᠬᠤ ᠲᠢᠩᠬᠢᠮ ᠳᠤ ᠶᠡᠷᠦᠩᠬᠡᠶᠢᠯᠡᠭᠰᠡᠨ ᠬᠦᠯᠢᠶᠡᠨ | ᠠᠪᠴᠤ ᠰᠢᠢᠳᠪᠦᠷᠢᠯᠡᠬᠦ ᠴᠤᠩᠬᠤᠪᠴᠢ ᠭᠠᠷᠭᠠᠵᠤ᠂ ᠡᠯ᠎ᠡ ᠬᠤᠯᠪᠤᠭᠳᠠᠯ ᠪᠦᠬᠦᠢ ᠰᠢᠢᠳᠪᠦᠷᠢᠯᠡᠬᠦ ᠤᠴᠢᠷ ᠶᠠᠪᠤᠳᠠᠯ ᠢ | ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠵᠦ᠂ ᠬᠡᠷᠡᠭᠰᠡᠬᠦ ᠪᠦᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠡᠭᠡᠷ᠎ᠡ | ᠬᠤᠷᠢᠶᠠᠨ ᠠᠪᠴᠤ᠂ ᠨᠢᠭᠡ ᠯᠡ ᠤᠳᠠᠭ᠎ᠠ ᠳᠡᠭᠡᠷ᠎ᠡ ᠪᠢᠴᠢᠵᠦ ᠣᠷᠣᠭᠤᠯᠬᠤ᠂ ᠬᠤᠯᠪᠤᠭᠳᠠᠯ ᠪᠦᠬᠦᠢ ᠰᠠᠯᠠᠭ᠎ᠠ | ᠮᠦᠴᠢᠷ ᠲᠤ ᠦᠪᠡᠷᠲᠡᠭᠡᠨ ᠬᠤᠪᠢᠶᠠᠨ ᠲᠠᠷᠬᠠᠭᠠᠬᠤ ᠶᠢᠨ ᠬᠠᠮᠲᠤ ᠭᠦᠢᠴᠡᠳᠭᠡᠨ᠎ᠡ᠃ ᠡᠯ᠎ᠡ ᠭᠠᠵᠠᠷ ᠤᠷᠤᠨ ᠤ ᠬᠢᠨ | ᠭᠡᠷ ᠪᠠᠶᠢᠰᠢᠩ ᠤᠨ ᠠᠷᠠᠯᠵᠢᠶ᠎ᠠ᠂ ᠭᠡᠷ᠎ᠡ ᠶᠢ ᠳᠠᠩᠰᠠᠯᠠᠭᠤᠯᠬᠤ ᠵᠡᠷᠭᠡ ᠡᠭᠦᠷᠭᠡ ᠴᠢᠳᠠᠪᠬᠢ ᠳᠤ ᠬᠤᠪᠢᠶᠠᠷᠢᠯᠠᠨ | ᠰᠢᠯᠵᠢᠭᠦᠯᠬᠦ ᠪᠤᠶᠤ ᠨᠠᠶᠢᠳᠠᠬᠤ ᠠᠷᠭ᠎ᠠ ᠬᠡᠯᠪᠡᠷᠢ ᠶᠢ ᠠᠪᠴᠤ᠂ ᠨᠢᠭᠡ ᠲᠦᠷᠦᠭᠦᠯᠡᠨ ᠬᠢᠬᠦ ᠰᠠᠯᠠᠭ᠎ᠠ ᠮᠥᠴᠢᠷ ᠲᠤ | ᠨᠡᠶᠢᠳᠭᠡᠨ ᠨᠢᠭᠡᠳᠦᠯᠲᠡᠶ ᠬᠡᠷᠡᠭᠵᠢᠭᠦᠯᠦᠨ᠎ᠡ᠃ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ | ᠡᠯ᠎ᠡ ᠬᠤᠰᠢᠭᠤ ᠰᠢᠶᠠᠨ ᠤᠳᠤ ᠶᠢᠨ ᠪᠠᠶᠢᠭ᠎ᠠ ᠤᠭᠰᠠᠷᠠᠨ ᠬᠤᠯᠪᠤᠵᠤ ᠰᠢᠢᠳᠪᠦᠷᠢᠯᠡᠬᠦ ᠵᠠᠭᠪᠤᠷ ᠢᠶᠠᠨ ᠲᠦᠢᠯᠪᠤᠷᠢᠲᠠᠶ | ᠬᠤᠪᠢᠷᠠᠭᠤᠯᠵᠤ᠂ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ | ᠦᠨᠡᠨᠬᠦ ᠪᠡᠶᠡᠯᠡᠬᠦᠯᠵᠦ᠂ ᠡᠭᠦᠨ ᠤ ᠬᠠᠮᠲᠤ ᠠᠯᠬᠤᠮ ᠠᠯᠬᠤᠮ ᠢᠶᠠᠷ ᠰᠦᠯᠵᠢᠶᠡᠨ ᠳᠡᠭᠡᠷ᠎ᠡ ᠬᠦᠷᠲᠡᠯ᠎ᠡ ᠤᠷᠲᠤᠳᠬᠠᠨ᠎ᠠ᠃ | ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ | ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ | ᠰᠢᠶᠠᠨ ᠤ ᠠᠷᠠᠳ ᠤᠨ ᠵᠠᠰᠠᠭ ᠤᠨ ᠣᠷᠳᠣᠨ︶ | 2. ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠨ᠎ᠠ᠃ ᠡᠯ᠎ᠡ ᠭᠠᠵᠠᠷ ᠤᠷᠤᠨ ᠤ ᠬᠢᠨ ᠲᠤᠭᠲᠠᠮᠠᠯ | ᠬᠥᠷᠥᠩᠭᠡ ᠶᠢᠨ ᠳᠠᠩᠰᠠᠯᠠᠯ᠂ ᠭᠡᠷ ᠪᠠᠶᠢᠰᠢᠩ ᠤᠨ ᠠᠷᠠᠯᠵᠢᠶ᠎ᠠ ᠪᠠ ᠭᠠᠶᠢᠯᠢ ᠲᠠᠲᠠᠪᠤᠷᠢᠯᠠᠬᠤ ᠳᠤ ᠬᠡᠷᠡᠭᠰᠡᠬᠦ ᠬᠠᠤᠯᠢ ᠳᠤ | ᠲᠣᠭᠲᠠᠭᠠᠭᠰᠠᠨ ᠴᠢᠬᠤᠯᠠ ᠨᠥᠬᠦᠴᠡᠯ ᠢᠶᠠᠷ ᠰᠠᠭᠤᠷᠢ ᠪᠣᠯᠭᠠᠵᠤ᠂ ︽ᠳᠤᠲᠠᠭᠤᠯᠬᠤ ᠦᠭᠡᠢ ᠣᠷᠬᠢᠭᠳᠠᠭᠤᠯᠬᠤ ᠦᠭᠡᠢ | ᠂ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ︾ ᠵᠠᠷᠴᠢᠮ ᠶᠣᠰᠣᠭᠠᠷ᠂ ᠨᠢᠭᠡᠳᠦᠯᠲᠡᠶ ᠶᠡᠷᠦᠩᠬᠡᠶᠢᠯᠡᠭᠰᠡᠨ | ᠭᠤᠶᠤᠴᠢᠯᠠᠯ ᠤᠨ ᠮᠠᠲ᠋ᠧᠷᠢᠶᠠᠯ ᠤᠨ ᠭᠠᠷᠴᠠᠭ ᠢ ᠲᠥᠷᠥᠯ ᠬᠤᠪᠢᠶᠠᠨ ᠡᠮᠬᠢᠯᠡᠨ ᠲᠤᠭᠲᠠᠭᠠᠵᠤ᠂ ᠨᠡᠶᠢᠭᠡᠮ ᠳᠤ | ᠨᠡᠶᠢᠲᠡᠯᠡᠬᠦ ᠶᠢᠨ ᠬᠠᠮᠲᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤᠮᠳᠠ ᠴᠢᠩᠭ᠎ᠠ ᠬᠡᠷᠡᠭᠵᠢᠭᠦᠯᠵᠦ᠂ ᠵᠥᠪᠬᠡᠨ | ᠨᠢᠭᠡ ᠯᠡ ᠤᠳᠠᠭ᠎ᠠ ᠨᠣᠮᠧᠷ ᠠᠪᠴᠤ᠂ ᠨᠢᠭᠡ ᠯᠡ ᠤᠳᠠᠭ᠎ᠠ ᠮᠥᠷᠯᠡᠵᠦ᠂ ᠨᠢᠭᠡ ᠯᠡ ᠢᠵᠢ ᠮᠠᠲ᠋ᠧᠷᠢᠶᠠᠯ | ᠲᠤᠰᠢᠶᠠᠬᠤ ᠶᠢ ᠪᠡᠶᠡᠯᠡᠭᠦᠯᠦᠨ᠎ᠡ᠃ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠢᠶᠠᠷ ᠭᠠᠷᠭᠠᠨ ᠠᠪᠴᠤ ᠪᠣᠯᠬᠤ | ᠮᠠᠲ᠋ᠧᠷᠢᠶᠠᠯ ᠢ ᠭᠤᠶᠤᠴᠢᠯᠠᠭᠴᠢ ᠳᠤ ᠳᠠᠬᠢᠨ ᠳᠠᠪᠲᠠᠨ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠥᠬᠡᠶ᠂ ᠬᠠᠮᠲᠤ ᠪᠠᠷ | ᠡᠳ᠋ᠯᠡᠵᠦ ᠭᠠᠷᠭᠠᠨ ᠠᠪᠤᠭᠰᠠᠨ ᠴᠢᠬᠤᠯᠠ ᠮᠠᠲ᠋ᠧᠷᠢᠶᠠᠯ ᠢ ᠡᠯᠧᠺᠲᠷᠣᠨ ᠪᠢᠴᠢᠭᠯᠡᠯ ᠤᠨ ᠬᠡᠯᠪᠡᠷᠢ ᠪᠠᠷ ᠲᠠᠩᠰᠠ | ᠡᠪᠬᠡᠮᠡᠯ ᠳᠤ ᠬᠠᠳᠠᠭᠠᠯᠠᠨ᠎ᠠ᠃ ᠡᠯ᠎ᠡ ᠲᠥᠷᠥᠯ ᠤᠨ ᠣᠷᠴᠢᠯ ᠭᠡᠷᠡᠴᠢ᠂ ᠲᠠᠪᠲᠠᠯᠲᠠ ᠭᠡᠷᠡᠴᠢ ᠵᠡᠷᠭᠡ ᠬᠡᠷᠡᠭ ᠥᠬᠡᠶ | ᠭᠡᠷᠡᠴᠢᠯᠡᠯ ᠢ ᠴᠡᠪᠡᠷᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠥᠬᠡᠶ ᠬᠢᠨᠠᠨ | ᠬᠠᠷᠭᠤᠭᠤᠯᠬᠤ᠂ ᠳᠠᠩᠰᠠᠯᠠᠭᠤᠯᠬᠤ᠂ ᠨᠤᠲᠠᠯᠠᠬᠤ᠂ ᠮᠡᠳᠡᠭᠳᠡᠬᠦ ᠵᠡᠷᠭᠡ ᠭᠠᠷᠳᠠᠮ ᠢ ᠬᠦᠴᠦᠨ ᠥᠬᠡᠶ ᠪᠣᠯᠭᠠᠨ᠎ᠠ᠃ ᠡᠯ᠎ᠡ | ᠵᠦᠢᠯ ᠤᠨ ᠬᠠᠤᠯᠢ ᠳᠤ ᠲᠣᠭᠲᠠᠭᠠᠭᠰᠠᠨ ᠴᠢᠬᠤᠯᠠ ᠮᠠᠲ᠋ᠧᠷᠢᠶᠠᠯ ᠢ ᠠᠭᠤᠰᠤᠯᠴᠠᠭᠤᠯᠬᠤ ᠠᠷᠭ᠎ᠠ ᠮᠠᠶ᠋ᠢᠭ ᠢ | ᠰᠦᠪᠡᠭᠴᠢᠯᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠤᠯᠤᠭᠰᠠᠨ ᠬᠢᠨᠠᠨ ᠰᠢᠯᠭᠠᠭᠰᠠᠨ | ᠮᠠᠲ᠋ᠧᠷᠢᠶᠠᠯ ᠢ ᠠᠵᠤ ᠠᠬᠤᠶᠢᠯᠠᠯ ᠣᠯᠠᠨ ᠲᠦᠮᠡᠨ ᠢᠶᠠᠷ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃ | ᠳᠠᠩᠰᠠᠯᠠᠬᠤ ᠶᠠᠰᠤ ᠴᠢᠨᠠᠷ ᠢ ᠴᠢᠩᠭ᠎ᠠ ᠡᠵᠡᠮᠳᠡᠬᠦ ᠶᠢᠨ ᠬᠠᠮᠲᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠠᠯᠬᠤᠮ | ᠠᠯᠬᠤᠮ ᠢᠶᠠᠷ ᠬᠡᠷᠡᠭᠵᠢᠭᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳᠤᠮᠳᠠ᠂ ᠭᠤᠶᠤᠴᠢᠯᠠᠭᠴᠢ ᠶᠢᠨ | ᠪᠢᠴᠢᠭ ᠢᠶᠠᠷ ᠠᠮᠠᠯᠠᠬᠤ ᠬᠡᠯᠪᠡᠷᠢ ᠪᠠᠷ ᠣᠯᠬᠤᠶ᠎ᠠ ᠪᠡᠷᠬᠡ ᠭᠠᠭᠴᠠ ᠪᠡᠶ᠎ᠡ ᠶᠢᠨ ᠭᠡᠷᠡᠴᠢ᠂ ᠦᠬᠦᠭᠰᠡᠨ ᠤ ᠭᠡᠷᠡᠴᠢ᠂ | ᠲᠥᠷᠥᠯ ᠰᠠᠳᠤᠨ ᠤ ᠬᠠᠷᠢᠴᠠᠭᠠᠨ ᠤ ᠭᠡᠷᠡᠴᠢ ᠵᠡᠷᠭᠡ ᠮᠠᠲ᠋ᠧᠷᠢᠶᠠᠯ ᠢ ᠤᠷᠣᠯᠠᠭᠤᠯᠤᠨᠠ᠃ ᠡᠷᠬᠡᠲᠦ ᠬᠥᠮᠦᠨ ᠤ | ᠰᠢᠯᠲᠠᠭᠠᠨ ᠠᠴᠠ ᠪᠣᠯᠤᠭᠰᠠᠨ ᠪᠤᠰᠤ ᠲᠣᠭᠲᠠᠮᠠᠯ ᠬᠥᠷᠥᠩᠭᠡ ᠶᠢᠨ ᠣᠷᠣᠨ ᠪᠠᠶᠢᠷᠢ᠂ ᠬᠠᠶ᠋ᠢᠭ ᠤᠨ ᠬᠤᠪᠢᠷᠠᠯᠲᠠ ᠠᠴᠠ | ᠪᠤᠯᠵᠤ᠂ ᠳᠠᠩᠰᠠᠯᠠᠯ ᠢ ᠬᠤᠪᠢᠷᠠᠭᠤᠯᠬᠤ ᠴᠢᠬᠤᠯᠠ ᠲᠠᠢ ᠪᠣᠯ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠳᠤᠲᠤᠭᠠᠲᠤ ᠳᠤ ᠪᠠᠨ ᠵᠣᠬᠢᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ | ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠯᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ | ᠣᠷᠳᠣᠨ︶ | 3. ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠬᠤ ᠭᠤᠭᠴᠤᠭ᠎ᠠ ᠶᠢ ᠴᠣᠮᠬᠠᠳᠬᠠᠨ᠎ᠠ᠃ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ 26 ᠳᠠᠩᠰᠠᠯᠠᠯ ᠤᠨ ᠴᠤᠪᠤᠷᠠᠯ ᠵᠢᠷᠤᠭ ᠢᠶᠠᠷ ᠰᠠᠭᠤᠷᠢ ᠪᠣᠯᠭᠠᠵᠤ᠂ | ᠲᠤᠭᠲᠠᠮᠠᠯ ᠬᠥᠷᠥᠩᠭᠡ ᠶᠢᠨ ᠳᠠᠩᠰᠠᠯᠠᠯ᠂ ᠭᠡᠷ ᠪᠠᠶᠢᠰᠢᠩ ᠤᠨ ᠠᠷᠠᠯᠵᠢᠶ᠎ᠠ ᠪᠣᠯᠤᠨ ᠭᠠᠶᠢᠯᠢ ᠲᠠᠲᠠᠪᠤᠷᠢᠯᠠᠬᠤ ᠪᠦᠬᠦ | ᠶᠠᠪᠤᠴᠠ ᠶᠢᠨ ︽ᠨᠢᠭᠡ ᠶᠠᠪᠤᠳᠠᠯ︾ ᠤᠨ ᠪᠦᠬᠦ ᠴᠤᠪᠤᠷᠠᠯ ᠢ ᠰᠢᠯᠢᠳᠡᠭᠵᠢᠭᠦᠯᠵᠦ᠂ ᠴᠢᠬᠤᠯᠠ ᠦᠭᠡᠢ ᠭᠤᠭᠴᠤᠭ᠎ᠠ ᠶᠢ | ᠬᠦᠴᠦᠨ ᠦᠭᠡᠶ ᠪᠤᠯᠭᠠᠵᠤ᠂ ᠠᠳᠠᠯᠢᠪᠲᠤᠷ ᠭᠤᠭᠴᠤᠭ᠎ᠠ ᠪᠠ ᠬᠠᠷᠢᠯᠴᠠᠨ ᠬᠤᠯᠪᠣᠭᠳᠠᠬᠤ ᠳᠠᠩᠰᠠᠯᠠᠬᠤ | ᠲᠤᠬᠠᠶᠢᠯᠠᠭᠰᠠᠨ ᠠᠵᠢᠯ ᠢ ᠨᠡᠶᠢᠯᠡᠭᠦᠯᠦᠨ᠎ᠡ᠃ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ | ᠡᠯ᠎ᠡ ᠲᠥᠷᠥᠯ ᠤᠨ ᠳᠠᠩᠰᠠᠯᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠵᠢᠷᠤᠭ ᠢ ᠬᠢᠵᠦ ᠳᠠᠭᠤᠰᠬᠠᠬᠤ ᠶᠢᠨ | ᠬᠠᠮᠲᠤ ᠨᠡᠶᠢᠲᠡᠯᠡᠨ᠎ᠡ᠃ ᠲᠤᠭᠲᠠᠮᠠᠯ ᠬᠥᠷᠥᠩᠭᠡ ᠪᠠᠷ ᠪᠠᠷᠢᠴᠠᠭᠠᠯᠠᠨ ᠳᠠᠩᠰᠠᠯᠠᠬᠤ ᠪᠦᠬᠦ ᠶᠠᠪᠤᠴᠠ ᠶᠢᠨ | ᠡᠯᠧᠺᠲᠷᠳᠴᠢᠯᠡᠭᠰᠡᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠠᠩᠰᠠᠯᠠᠬᠤ ᠦᠢᠯᠡᠴᠢᠯᠡᠭᠡᠨ ᠤ | ᠲᠠᠯᠠᠪᠤᠷ ᠭᠠᠵᠠᠷ ᠢ ᠪᠠᠩᠬᠢ ᠶᠢᠨ ᠲᠣᠤᠷ ᠴᠡᠭ ᠬᠦᠷᠲᠡᠯ᠎ᠡ ᠤᠷᠳᠤᠳᠬᠠᠵᠤ᠂ ᠭᠤᠶᠤᠴᠢᠯᠠᠭᠴᠢ ᠪᠠᠩᠬᠢ ᠶᠢᠨ | ᠲᠤᠬᠠᠶ ᠶᠢᠨ ᠲᠠᠯᠠᠪᠠᠢ ᠳᠤ ᠪᠠᠷᠢᠴᠠᠭᠠᠨ ᠤ ᠭᠡᠷ᠎ᠡ ᠲᠣᠭᠲᠠᠬᠤ ᠶᠢᠨ ᠬᠠᠮᠲᠤ ᠪᠠᠷᠢᠴᠠᠭᠠᠯᠠᠬᠤ ᠶᠢ ᠳᠠᠩᠰᠠᠯᠠᠭᠤᠯᠬᠤ | ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠰᠦᠯᠵᠢᠶ᠎ᠡ ᠪᠠᠷ ᠳᠠᠮᠵᠢᠭᠤᠯᠤᠨ ᠳᠠᠩᠰᠠᠯᠠᠬᠤ ᠪᠠᠶᠢᠭᠤᠯᠤᠮᠵᠢ ᠳᠤ | ᠶᠠᠪᠤᠭᠤᠯᠵᠤ᠂ ᠲᠤᠬᠠᠶ ᠶᠢᠨ ᠬᠥᠮᠦᠨ ᠨᠢ ᠳᠠᠬᠢᠨ ᠳᠠᠩᠰᠠᠯᠠᠬᠤ ᠪᠠᠶᠢᠭᠤᠯᠤᠮᠵᠢ ᠳᠤ ᠬᠦᠷᠴᠦ ᠭᠤᠶᠤᠴᠢᠯᠠᠯ ᠢᠶᠠᠨ | ᠲᠤᠰᠢᠶᠠᠬᠤ ᠴᠢᠬᠤᠯᠠ ᠦᠭᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | 4. ᠬᠡᠮᠵᠢᠨ ᠵᠢᠷᠤᠭᠰᠠᠨ ᠦᠷ᠎ᠡ ᠪᠦᠲᠦᠭᠡᠯ ᠢ ᠤᠯᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ ᠲᠤᠭᠲᠠᠮᠠᠯ | ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ ᠳᠤ᠂ ᠳᠠᠩᠰᠠᠯᠠᠬᠤ ᠪᠠᠶᠢᠭᠤᠯᠤᠮᠵᠢ ᠮᠡᠳᠡᠭᠡ ᠵᠠᠩᠭᠢ ᠶᠢ ᠬᠠᠮᠲᠤ ᠪᠠᠷ | ᠡᠳ᠋ᠯᠡᠬᠦ ᠪᠠᠷ ᠳᠠᠮᠵᠢᠨ᠂ ᠡᠮᠦᠨᠡᠬᠢ ᠬᠤᠭᠤᠴᠠᠭᠠᠨ ᠤ ᠭᠠᠵᠠᠷ ᠬᠠᠩᠭᠠᠬᠤ᠂ ᠲᠦᠯᠦᠪᠵᠢᠭᠦᠯᠭᠡ᠂ ᠭᠡᠷ ᠪᠠᠶᠢᠰᠢᠩ ᠢ | ᠤᠷᠢᠳᠴᠢᠯᠠᠨ ᠬᠤᠳᠠᠯᠳᠤᠬᠤ ᠵᠡᠷᠭᠡ ᠬᠡᠷᠡᠭᠯᠡᠵᠦ ᠪᠣᠯᠬᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠰᠢᠭᠤᠳ ᠭᠠᠷᠭᠠᠨ | ᠠᠪᠴᠤ ᠴᠢᠳᠠᠪᠠᠯ᠂ ᠳᠠᠬᠢᠨ ᠬᠡᠮᠵᠢᠬᠦ ᠬᠡᠷᠡᠭ ᠦᠭᠡᠢ᠃ ᠳᠠᠩᠰᠠᠯᠠᠬᠤ ᠶᠢ ᠬᠦᠯᠢᠶᠡᠨ ᠠᠪᠬᠤ ᠳᠤ ᠣᠯᠤᠭᠰᠠᠨ ᠬᠡᠮᠵᠢᠨ | ᠵᠢᠷᠤᠭᠰᠠᠨ ᠦᠷ᠎ᠡ ᠪᠦᠲᠦᠭᠡᠯ ᠢᠶᠠᠨ ᠬᠠᠮᠲᠤ ᠳᠤᠨᠢ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ | ᠬᠥᠮᠥᠷᠭᠡ ᠳᠤ ᠤᠷᠤᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ | ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠲᠠᠢ ᠤᠶᠠᠯᠳᠤᠭᠤᠯᠤᠨ ᠬᠡᠮᠵᠢᠨ ᠵᠢᠷᠤᠭᠰᠠᠨ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠮᠲᠤ ᠪᠠᠷ ᠡᠳ᠋ᠯᠡᠬᠦ ᠳ᠋ᠠᠶᠢᠲ᠋ᠠ | ᠬᠥᠮᠥᠷᠭᠡ ᠶᠢ ᠪᠦᠲᠦᠭᠡᠨ ᠪᠠᠶᠢᠭᠤᠯᠵᠤ᠂ ᠣᠯᠠᠨ ᠬᠡᠮᠵᠢᠯᠲᠡ ᠶᠢ ᠨᠢᠭᠡ ᠪᠣᠯᠭᠠᠨ᠂ ᠳᠠᠬᠢᠨ ᠳᠠᠪᠲᠠᠨ ᠬᠡᠮᠵᠢᠨ | ᠵᠢᠷᠤᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠳᠠᠷᠤᠭᠠᠰᠤ ᠶᠢ ᠬᠦᠩᠭᠡᠷᠡᠭᠦᠯᠦᠨ᠎ᠡ᠃ | ᠲᠤᠭᠲᠠᠮᠠᠯ ᠬᠦᠷᠦᠩᠭᠡ ᠶᠢᠨ ᠡᠷᠬᠡ ᠶᠢᠨ ᠬᠠᠷᠢᠶ᠎ᠠ ᠶᠢ ᠪᠠᠶᠢᠴᠠᠭᠠᠬᠤ ᠳᠤ ᠲᠣᠭᠲᠠᠭᠠᠯ ᠢ ᠵᠥᠷᠢᠴᠡᠨ ᠰᠦᠢᠳᠭᠡᠯ | ᠬᠤᠷᠢᠶᠠᠵᠤ᠂ ᠭᠤᠶᠤᠴᠢᠯᠠᠭᠴᠢ ᠶᠢᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠃ ︵ᠲᠦᠷᠦᠭᠦᠯᠡᠨ ᠬᠢᠬᠦ ᠨᠢᠭᠡᠴᠡ | ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶ | ︵ᠭᠤᠷᠪᠠ︶ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ᠤᠷᠳᠤᠳᠬᠠᠬᠰᠠᠨ ᠦᠢᠯᠡᠴᠢᠯᠡᠭᠡ ᠶᠢ | ᠦᠷᠭᠡᠳᠭᠡᠨ᠎ᠡ᠃ ᠬᠤᠲᠠ ᠶᠢᠨ ᠶᠠᠪᠤᠳᠠᠯ ᠤᠨ ᠬᠤᠭᠤᠯᠠᠢ ᠶᠢᠨ ᠲᠤᠤᠷ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ | ᠵᠡᠷᠭᠡ ᠨᠢᠭᠡᠴᠡ ᠶᠢᠨ ᠲᠤᠭᠲᠠᠮᠠᠯ ᠬᠥᠷᠥᠩᠭᠡ ᠶᠢ ᠰᠢᠯᠵᠢᠭᠦᠯᠦᠨ ᠳᠠᠩᠰᠠᠯᠠᠬᠤ ᠪᠠ ᠬᠤᠯᠪᠣᠭᠳᠠᠬᠤ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠢ ᠬᠤᠯᠪᠣᠨ ᠭᠦᠢᠴᠡᠳᠭᠡᠬᠦ ᠶᠢ ᠲᠤᠷᠰᠢᠨ ᠬᠡᠷᠡᠭᠵᠢᠭᠦᠯᠬᠦ ᠶᠢᠨ ᠬᠠᠮᠲᠤ ᠳᠡᠯᠭᠡᠷᠡᠭᠦᠯᠬᠦ ᠶᠢ | ᠵᠤᠷᠢᠭᠵᠢᠭᠤᠯᠵᠤ᠂ ᠣᠯᠠᠨ ᠲᠦᠮᠡᠨ ᠲᠤᠭᠲᠠᠮᠠᠯ ᠬᠥᠷᠥᠩᠭᠡ ᠶᠢ ᠰᠢᠯᠵᠢᠭᠦᠯᠬᠦ ᠳᠠᠩᠰᠠᠯᠠᠯ ᠬᠢᠯᠭᠡᠬᠦ ᠪᠠᠷ | ᠭᠤᠶᠤᠴᠢᠯᠠᠬᠤ ᠶᠢᠨ ᠵᠡᠷᠭᠡᠪᠡᠷ᠂ ᠤᠰᠤ᠂ ᠴᠠᠬᠢᠯᠭᠠᠨ᠂ ᠬᠡᠶ᠂ ᠰᠦᠯᠵᠢᠶ᠎ᠡ᠂ ᠤᠲᠠᠰᠤᠲᠤ ᠲᠧᠯᠸᠢᠰ ᠤᠨ ᠡᠷᠦᠬᠡ | ᠰᠢᠯᠵᠢᠭᠦᠯᠬᠦ ᠵᠡᠷᠭᠡ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠢ ᠬᠠᠮᠲᠤ ᠳᠤᠨᠢ ᠭᠤᠶᠤᠴᠢᠯᠠᠨ ᠭᠦᠢᠴᠡᠳᠭᠡᠵᠦ | ᠪᠣᠯᠤᠨ᠎ᠠ᠃ ᠨᠥᠬᠦᠴᠡᠯ ᠲᠠᠢ ᠭᠠᠵᠠᠷ ᠣᠷᠣᠨ ᠲᠤᠭᠲᠠᠮᠠᠯ ᠬᠦᠷᠦᠩᠭᠡ ᠶᠢᠨ ᠳᠠᠩᠰᠠᠯᠠᠯ ᠪᠠ ᠡᠷᠦᠬᠡ ᠠᠮᠠ ᠶᠢᠨ ᠳᠠᠩᠰᠠ | ᠰᠢᠯᠵᠢᠭᠦᠯᠬᠦ ᠶᠢ ᠬᠠᠮᠲᠤᠷᠠᠨ ᠭᠦᠢᠴᠡᠳᠭᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠤᠭᠲᠠᠮᠠᠯ ᠬᠦᠷᠦᠩᠭᠡ ᠶᠢᠨ | ᠳᠠᠩᠰᠠᠯᠠᠯ ᠤᠨ ᠳᠥᠭᠦᠮᠴᠢᠯᠡᠬᠦ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠡ᠄ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︔ ᠬᠠᠮᠵᠢᠯᠴᠠᠬᠤ ᠨᠢᠭᠡᠴᠡ᠄ ᠬᠤᠲᠠ ᠶᠢᠨ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠬᠢᠬᠦ ᠴᠠᠭ ᠢ ᠪᠦᠬᠦ ᠲᠠᠯ᠎ᠠ ᠪᠠᠷ | ᠪᠠᠭᠠᠰᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠭᠲᠠᠮᠠᠯ ᠬᠥᠷᠥᠩᠭᠡ ᠶᠢᠨ | ᠳᠠᠩᠰᠠᠯᠠᠯ ᠪᠠ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠬᠢ ᠶᠢ ᠨᠡᠶᠢᠳᠭᠡᠬᠦ ᠶᠢ ᠶᠡᠬᠡᠪᠡᠷ | ᠠᠬᠢᠭᠤᠯᠵᠤ᠂ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠠᠵᠢᠯ ᠤᠨ ᠡᠭᠦᠷᠭᠡ ᠪᠠᠨ | ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠢ ᠬᠦᠴᠦᠲᠡᠶ ᠲᠦᠯᠬᠢᠨ | ᠠᠬᠢᠭᠤᠯᠵᠤ᠂ ᠬᠠᠷᠠᠯᠲᠠ ᠡᠭᠦᠷᠭᠡ ᠪᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠶ ᠳᠤᠨᠢ | ᠪᠡᠶᠡᠯᠡᠬᠦᠯᠬᠦ ᠬᠡᠷᠡᠭᠲᠡᠢ᠃ | ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠤᠨ᠎ᠠ᠃ ᠲᠤᠭᠲᠠᠮᠠᠯ ᠬᠦᠷᠥᠩᠭᠡ ᠶᠢᠨ | ᠳᠠᠩᠰᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠣᠯᠠᠨ ᠰᠠᠯᠠᠭ᠎ᠠ ᠮᠦᠴᠢᠷ ᠬᠠᠮᠵᠢᠯᠴᠠᠬᠤ᠂ ᠪᠥᠬᠦ | ᠶᠠᠪᠤᠴᠠ ᠶᠢ ᠰᠢᠯᠢᠳᠡᠭᠵᠢᠭᠦᠯᠬᠦ᠂ ᠶᠡᠭᠡ ᠬᠡᠮᠵᠢᠶᠡᠨ ᠤ ᠤᠴᠢᠷ ᠶᠠᠪᠤᠳᠠᠯ ᠢ ᠨᠡᠶᠢᠳᠭᠡᠬᠦ ᠲᠠᠢ ᠬᠤᠯᠪᠤᠭᠳᠠᠨ᠎ᠠ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ | ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠪᠦᠬᠦ ᠬᠦᠴᠦᠨ ᠢᠶᠠᠷ ᠢᠶᠠᠨ ᠳᠡᠮᠵᠢᠵᠦ᠂ | ᠠᠷᠠᠳ ᠲᠤ ᠳᠥᠭᠦᠮ ᠠᠷᠠᠳ ᠲᠤ ᠠᠰᠢᠭᠲᠠᠶ᠂ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠬᠠᠷᠠᠭᠠᠰᠤ ᠠᠴᠠ | ᠡᠭᠦᠰᠴᠦ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ | ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ᠃ | ︵ᠭᠤᠷᠪᠠ︶ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠥᠭᠡᠷᠡᠴᠢᠯᠡᠯᠲᠡ ᠶᠢ ᠮᠥᠷᠳᠡᠨ ᠬᠢᠨᠠᠨ | ᠵᠢᠯᠣᠭᠤᠳᠬᠤ ᠪᠠᠨ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ | ᠬᠡᠷᠡᠭᠲᠡᠢ᠃ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠤ ᠠᠬᠤᠶᠢᠯᠠᠯ ᠵᠢᠴᠢ | ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠥᠭᠡᠷᠡᠴᠢᠯᠡᠯᠲᠡ ᠶᠢᠨ ᠳᠤᠮᠳᠠ ᠢᠯᠡᠷᠡᠭᠰᠡᠨ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠡᠯ᠎ᠡ ᠬᠤᠰᠢᠭᠤ ᠰᠢᠶᠠᠨ ᠤ ᠲᠤᠭᠲᠠᠮᠠᠯ ᠬᠥᠷᠥᠩᠭᠡ ᠶᠢᠨ | ᠳᠠᠩᠰᠠᠯᠠᠯ ᠪᠣᠯᠤᠨ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ︽ᠨᠢᠭᠡ ᠴᠤᠩᠬᠤᠪᠴᠢ ᠪᠠᠷ ᠬᠦᠯᠢᠶᠡᠨ | ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠵᠡᠷᠭᠡ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ | ᠪᠠᠶᠢᠴᠠᠭᠠᠵᠤ᠂ ᠠᠵᠢᠯ ᠢ ᠠᠬᠢᠭᠤᠯᠤᠭᠰᠠᠨ ᠨᠢ ᠬᠦᠴᠦᠨ ᠥᠬᠡᠶ ᠭᠠᠵᠠᠷ ᠤᠷᠤᠨ ᠢ ᠴᠠᠭ ᠲᠤᠬᠠᠶ ᠳᠤᠨᠢ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠤᠯᠭᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠣᠨᠢᠨ᠂ ᠲᠧᠯᠸᠢᠰ᠂ | ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠲᠤᠭᠲᠠᠮᠠᠯ ᠬᠥᠷᠥᠩᠭᠡ ᠶᠢ ᠳᠠᠩᠰᠠᠯᠠᠬᠤ | ᠬᠤᠯᠪᠤᠭᠳᠠᠯ ᠪᠦᠬᠦᠢ ᠠᠵᠢᠯ ᠢ ᠥᠷᠭᠡᠨ ᠢᠶᠠᠷ ᠤᠬᠠᠭᠤᠯᠵᠤ᠂ ᠣᠨᠣᠪᠴᠢᠲᠠᠶ ᠳᠣᠬᠢᠶ᠎ᠠ ᠥᠭᠴᠦ᠂ ᠨᠡᠶᠢᠭᠡᠮ ᠤᠨ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠨᠡᠶᠢᠲᠡ ᠶᠢᠨ | ᠣᠷᠣᠯᠴᠠᠬᠤ ᠠᠷᠭ᠎ᠠ ᠵᠠᠮ ᠢ ᠥᠷᠭᠡᠳᠬᠡᠨ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃ | |