ᠵᠣᠴᠢᠨ᠄ ᠬᠦᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠶ ᠵᠧᠨ | ᠬᠤᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠣᠨᠴᠠ ᠡᠭᠦᠷᠭᠡ ᠬᠦᠢᠴᠡᠳᠭᠡᠬᠦ ᠶᠡᠭᠡ ᠠᠩᠭᠢ ᠶᠢᠨ ᠵᠢᠭᠠᠨ ᠵᠢᠯᠤᠭᠤᠳᠤᠭᠴᠢ ᠺᠠᠩ ᠢᠦᠶ | 1.ᠬᠠᠮᠢᠶᠠᠷᠤᠭᠴᠢ | ᠲᠤᠰ ᠤᠳᠠᠭᠠᠨ ᠤ ᠰᠤᠷᠪᠤᠯᠵᠢᠯᠠᠭ᠎ᠠ ᠶᠢ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠥᠬᠡᠬᠤᠲᠠ ᠶᠢᠨ ᠷᠠᠳᠢᠣ᠋ ᠲᠧᠯᠸᠢᠰ ᠬᠤᠷᠢᠶᠠᠨ ᠤ | ᠤᠳᠬ᠎ᠠ ᠤᠷᠠᠯᠢᠭ ᠤᠨ ᠷᠠᠳᠢᠣ᠋ ᠠᠴᠠ ᠬᠠᠮᠳᠤᠷᠠᠨ ᠬᠢᠵᠦ ᠪᠠᠶᠢᠨ᠎ᠠ᠃ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠶᠠᠷᠢᠯᠴᠠᠵᠤ ᠪᠣᠯᠤᠨ᠎ᠠ᠂ ᠲᠠᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | 2.ᠬᠥᠲᠥᠯᠥᠭᠴᠢ | ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠹᠷᠣᠨᠲ ᠲᠤ᠂ ᠡᠶᠢᠮᠦ ᠨᠢᠭᠡᠨ ᠡᠩᠨᠡᠭᠡ ᠪᠠᠶᠢᠳᠠᠭ᠂ ᠲᠡᠳᠡ ᠨᠡᠶᠢᠭᠡᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠭᠦᠢᠴᠡᠳᠬᠡᠵᠦ᠂ ᠠᠵᠢᠯ ᠲᠥᠷᠥᠯ ᠤᠨ ᠲᠠᠯᠠᠪᠤᠷ ᠭᠠᠵᠠᠷ ᠲᠤ ᠲᠤᠬᠠᠶᠢᠯᠠᠭᠰᠠᠨ ᠠᠵᠢᠯ ᠤᠨ ᠬᠢᠨᠠᠯᠲᠠ | ᠬᠠᠮᠢᠶᠠᠷᠤᠯᠲᠠ᠂ ᠵᠢᠯᠣᠭᠤᠳᠤᠯᠭ᠎ᠠ ᠬᠢᠵᠦ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠬᠠᠷᠢᠶᠠᠯᠠᠭᠳᠠᠬᠤ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ | ᠬᠡᠷᠡᠭ ᠢ ᠪᠠᠶᠢᠴᠠᠭᠠᠨ ᠰᠢᠢᠳᠪᠦᠷᠢᠯᠡᠳᠡᠭ᠂ ᠲᠡᠳᠡᠨ ᠤ ᠠᠵᠢᠯ ᠨᠢ ᠶᠠᠷᠰᠢᠭ ᠲᠦᠪᠡᠭᠲᠡᠶ ᠪᠦᠭᠡᠳ ᠪᠣᠳᠤᠯᠢᠶᠠᠨᠲᠠᠢ᠂ ᠲᠣᠮᠣ ᠬᠡᠯᠪᠡᠷᠢ ᠶᠢᠨ ᠬᠥᠳᠡᠯᠭᠡᠭᠡᠨ ᠠᠴᠠ | ᠳᠣᠲᠣᠭᠠᠳᠤ ᠶᠢᠨ ᠪᠠᠶᠢᠭᠤᠯᠭ᠎ᠠ ᠤ ᠶᠢᠨ ᠬᠠᠮᠢᠶᠠᠷᠤᠯᠲᠠ ᠬᠦᠷᠳᠡᠯ᠎ᠡ᠂ ᠠᠶᠤᠯᠲᠠᠶ ᠪᠣᠳᠠᠰ ᠤᠨ ᠬᠠᠮᠢᠶᠠᠷᠤᠯᠲᠠ ᠠᠴᠠ ᠣᠨᠴᠠ ᠲᠥᠷᠥᠯ ᠤᠨ ᠠᠵᠢᠯ ᠲᠥᠷᠥᠯ ᠤᠨ | ᠬᠠᠮᠢᠶᠠᠷᠤᠯᠲᠠ ᠬᠦᠷᠲᠡᠯ᠎ᠡ᠂ ︽ᠱᠠᠯᠢᠭ ᠵᠠᠪᠬᠠᠶ ᠵᠣᠭᠤᠰ ᠮᠦᠷᠦᠶᠢᠴᠡᠬᠦ ᠬᠤᠣᠷ ᠲᠠᠲᠠᠵᠤ ᠬᠤᠣᠷ ᠰᠠᠷᠢᠭᠠᠯᠠᠬᠤ︾ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠠᠴᠠ ᠠᠪᠤᠭᠠᠳ ᠪᠦᠯᠦᠭ ᠬᠠᠮᠳᠤᠯᠢᠭ ᠤᠨ ᠴᠢᠨᠠᠷᠲᠠᠶ ᠬᠡᠷᠡᠭ ᠢ ᠤᠷᠢᠳᠴᠢᠯᠠᠨ ᠰᠡᠷᠡᠮᠵᠢᠯᠡᠬᠦ ᠪᠠ ᠰᠢᠢᠳᠪᠦᠷᠢᠯᠡᠬᠦ ᠬᠦᠷᠲᠡᠯ᠎ᠡ | ᠲᠡᠳᠡ ᠦᠭᠡ ᠳᠠᠭᠤᠨ ᠦᠭᠡᠢ ᠪᠠᠷ ᠪᠦᠬᠦ ᠬᠤᠲᠠ ᠶᠢᠨ ᠨᠡᠶᠢᠭᠡᠮ ᠤᠨ ᠠᠮᠤᠷ ᠲᠦᠪᠰᠢᠨ ᠲᠣᠭᠲᠠᠭᠤᠨ ᠡᠶ᠎ᠡ ᠵᠣᠬᠢᠴᠠᠯ ᠳᠤ ᠲᠦᠢᠯ ᠤᠨ ᠶᠡᠭᠡ ᠬᠤᠪᠢ ᠨᠡᠮᠡᠷᠢ | ᠦᠵᠡᠭᠦᠯᠪᠡ᠃ ᠲᠡᠳᠡ ᠪᠣᠯ ᠳᠠᠷᠤᠶ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠷᠠᠳ ᠤᠨ ᠴᠠᠭᠳᠠᠭ᠎ᠠ | ᠪᠣᠯᠣᠨ᠎ᠠ᠃ | 3. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ | | | ᠬᠥᠲᠥᠯᠥᠭᠴᠢ ᠲᠠ ᠰᠠᠶᠢᠨ ᠪᠠᠶᠢᠨ᠎ᠠ ᠤᠤ︖ ᠨᠠᠶᠢᠵᠠ ᠨᠠᠷ ᠰᠠᠶᠢᠨ ᠪᠠᠶᠢᠵᠠᠭᠠᠨ᠎ᠠ ᠤᠤ︖ ᠡᠨᠡᠬᠦ ᠲᠠᠪᠴᠠᠩ ᠢᠶᠠᠷ ᠳᠠᠮᠵᠢᠭᠤᠯᠤᠨ ᠥᠷᠭᠡᠨ ᠣᠯᠠᠨ | ᠬᠤᠲᠠ ᠶᠢᠨ ᠠᠷᠠᠳ ᠲᠠᠢ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠦᠵᠡᠯ ᠪᠤᠳᠤᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ | ᠪᠠᠶᠠᠷᠲᠠᠶ ᠪᠠᠶᠢᠨ᠎ᠠ᠃ ᠡᠩ ᠲᠡᠷᠢᠭᠦᠨ ᠳᠤ᠂ ᠪᠢ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠠᠮᠤᠷ ᠢ ᠬᠠᠮᠠᠭᠠᠯᠠᠬᠤ ᠠᠷᠠᠳ ᠤᠨ | ᠴᠠᠭᠳᠠᠭ᠎ᠠ ᠶᠢ ᠲᠥᠯᠥᠭᠡᠯᠡᠨ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠠᠩᠬᠠᠷᠴᠤ ᠳᠡᠮᠵᠢᠵᠦ ᠪᠠᠶᠢᠭ᠎ᠠ ᠥᠷᠭᠡᠨ ᠣᠯᠠᠨ ᠰᠣᠨᠣᠰᠤᠭᠴᠢᠳ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ᠃ ᠡᠭᠦᠨ ᠤ ᠬᠠᠮᠲᠤ᠂ ᠡᠨᠡ ᠬᠦ ᠲᠠᠪᠴᠠᠩ ᠢᠶᠠᠷ ᠳᠠᠮᠵᠢᠭᠤᠯᠤᠨ᠂ ᠮᠠᠨ ᠤ ᠬᠤᠭᠤᠷᠣᠨᠳᠣᠬᠢ ᠨᠡᠪᠲᠡᠷᠡᠯᠴᠡᠭᠡ | ᠪᠠ ᠬᠠᠷᠢᠯᠴᠠᠭ᠎ᠠ ᠪᠠᠨ ᠴᠢᠩᠭᠠᠳᠬᠠᠵᠤ᠂ ᠪᠢᠳᠡᠨ ᠢ ᠬᠠᠪᠰᠤᠷᠤᠨ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ | ᠬᠠᠮᠲᠤ ᠪᠠᠷ ᠪᠣᠢ ᠪᠤᠯᠭᠠᠬᠤ ᠶᠢ ᠬᠦᠰᠡᠵᠦ ᠪᠠᠶᠢᠨ᠎ᠠ᠃ | 4. ᠬᠦᠳᠦᠯᠦᠭᠴᠢ | ᠣᠶᠢᠯᠠᠭᠠᠭᠰᠠᠨ ᠢᠶᠠᠷ᠂ ᠮᠠᠨ ᠤ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠠᠮᠤᠷ ᠢ ᠬᠠᠮᠠᠭᠠᠯᠠᠵᠤ ᠲᠤᠭᠲᠠᠭᠤᠨ ᠢ ᠪᠠᠳᠤᠯᠠᠬᠤ | ᠠᠵᠢᠯ ᠤᠨ ᠲᠣᠭᠤᠷᠢᠨ ᠳᠤ᠂ ᠨᠡᠶᠢᠭᠡᠮ ᠤᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠬᠤ ᠳᠤᠮᠳᠠ ᠶᠡᠭᠡ ᠬᠡᠮᠵᠢᠶᠡᠨ ᠤ ᠠᠵᠢᠯ ᠬᠢᠵᠦ᠂ | ᠪᠦᠬᠦ ᠬᠤᠲᠠ ᠶᠢᠨ ᠨᠡᠶᠢᠭᠡᠮ ᠤᠨ ᠲᠣᠭᠲᠠᠭᠤᠨ ᠪᠣᠯᠤᠨ ᠠᠮᠤᠷ ᠲᠦᠪᠰᠢᠨ ᠤ ᠲᠣᠭᠲᠠᠭᠤᠨ ᠢ ᠪᠦᠳᠦᠮᠵᠢᠳᠡᠢ ᠬᠠᠮᠠᠭᠠᠯᠠᠵᠠᠶ᠃ ᠠᠮᠤᠷ ᠢ ᠬᠠᠮᠠᠭᠠᠯᠠᠬᠤ ᠰᠠᠯᠠᠭ᠎ᠠ | ᠮᠥᠴᠢᠷ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠪᠠᠨ ᠲᠠᠨᠢᠯᠴᠠᠭᠤᠯᠤᠭᠠᠳ ᠦᠭᠭᠦᠨ᠎ᠡ ᠤᠤ︖ | 5. ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | | | ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠣᠯ ᠮᠠᠨ ᠤ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠢᠯᠠᠩᠭᠤᠶ᠎ᠠ ᠠᠮᠤᠷ ᠢ | ᠬᠠᠮᠠᠭᠠᠯᠠᠬᠤ ᠠᠷᠠᠳ ᠤᠨ ᠴᠠᠭᠳᠠᠭ᠎ᠠ ᠶᠢᠨ ᠡᠭᠦᠷᠭᠡ ᠬᠠᠷᠢᠭᠤᠴᠠᠯᠭ᠎ᠠ ᠮᠥᠨ᠂ ᠡᠨᠡ ᠵᠢᠯ ᠠᠴᠠ ᠨᠠᠰᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠨᠢ | ᠬᠤᠲᠠ ᠶᠢᠨ ᠲᠣᠪᠴᠢᠶᠠᠨ ᠤ ᠨᠠᠮ ᠤᠨ ᠬᠤᠷᠢᠶ᠎ᠠ ᠪᠣᠯᠤᠨ ᠲᠤᠬᠠᠶᠢᠯᠠᠭᠰᠠᠨ ᠠᠵᠢᠯ ᠤᠨ ᠲᠡᠭᠡᠳᠦ ᠱᠠᠲᠤᠨ ᠤ ᠵᠥᠪ ᠤᠨᠤᠪᠴᠢᠳᠠᠢ ᠤᠳᠤᠷᠢᠳᠤᠯᠭ᠎ᠠ ᠳᠣᠣᠷ᠎ᠠ᠂ | ᠤᠯᠤᠰ ᠲᠥᠷᠥ ᠶᠢᠨ ᠦᠵᠡᠯ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠡᠭᠦᠷᠭᠡᠯᠡᠯ ᠤᠨ ᠤᠬᠠᠮᠰᠠᠷ ᠪᠠ ᠠᠶᠤᠯ ᠲᠦᠭᠰᠢᠭᠦᠷᠢ ᠶᠢᠨ ᠤᠬᠠᠮᠰᠠᠷ ᠢᠶᠠᠨ | ᠲᠠᠰᠤᠷᠠᠯᠳᠠ ᠦᠭᠡᠢ ᠴᠢᠩᠭᠠᠳᠬᠠᠵᠤ᠂ ︽ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠬᠦᠴᠦᠳᠡᠢ ᠠᠷᠭ᠎ᠠ | ᠬᠡᠮᠵᠢᠶ᠎ᠡ︾ ᠶᠢᠨ ᠵᠣᠷᠢᠯᠭ᠎ᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠣᠭᠲᠠᠭᠤᠨ ᠢ ᠬᠠᠮᠠᠭᠠᠯᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠢᠭᠲᠠ ᠪᠢᠳᠡᠭᠦᠦ ᠣᠯᠠᠨ ᠨᠡᠶᠢᠲᠡ ᠶᠢᠨ ᠲᠠᠯᠠᠪᠤᠷ᠂ ᠣᠨᠴᠠ ᠲᠥᠷᠥᠯ ᠤᠨ ᠠᠵᠢᠯ ᠲᠥᠷᠥᠯ᠂ | ᠠᠶᠤᠯᠲᠠᠶ ᠳᠡᠯᠪᠡᠷᠡᠬᠦ ᠪᠣᠳᠠᠰ᠂ ᠢᠯᠡᠭᠡᠨ ᠬᠦᠷᠭᠡᠬᠦ ᠪᠠᠷᠠᠭᠠᠨ ᠤ ᠬᠦᠢᠯᠭᠡᠭᠡ ᠵᠡᠷᠭᠡ ᠰᠠᠭᠤᠷᠢ ᠬᠦᠴᠦᠨ ᠵᠦᠢᠯ ᠢ ᠬᠠᠮᠢᠶᠠᠷᠤᠨ ᠡᠵᠡᠮᠳᠡᠵᠦ᠂ ᠬᠠᠤᠯᠢ ᠶᠢ | ᠵᠥᠷᠢᠴᠡᠵᠦ ᠶᠠᠯ᠎ᠠ ᠬᠢᠬᠦ ᠶᠢ ᠪᠦᠲᠦᠮᠵᠢᠲᠡᠶ ᠰᠡᠷᠭᠡᠶᠢᠯᠡᠬᠦ ᠪᠠ ᠴᠣᠬᠢᠯᠲᠠ ᠥᠭᠬᠦ ᠵᠡᠷᠭᠡ ᠴᠣᠬᠢᠯᠲᠠ ᠥᠭᠴᠦ ᠰᠡᠷᠭᠡᠶᠢᠯᠡᠬᠦ ᠠᠵᠢᠯ ᠤᠨ ᠠᠷᠭ᠎ᠠ ᠬᠡᠮᠵᠢᠶ᠎ᠡ ᠶᠢ | ᠴᠢᠩᠭᠠᠷᠠᠭᠤᠯᠵᠤ᠂ ᠰᠠᠭᠤᠷᠢ ᠲᠤᠭ᠎ᠠ ᠲᠤᠳᠤᠷᠬᠠᠢ᠂ ᠪᠠᠶᠢᠳᠠᠯ ᠲᠣᠳᠣᠷᠬᠠᠶ᠂ ᠡᠵᠡᠮᠳᠡᠵᠦ ᠳᠡᠶᠢᠯᠬᠦ᠂ ᠦᠷ᠎ᠡ ᠪᠦᠲᠦᠮᠵᠢ ᠰᠠᠶᠢᠨ ᠪᠠᠶᠢᠬᠤ ᠬᠠᠷᠠᠯᠲᠠ ᠶᠢ | ᠪᠡᠶᠡᠯᠡᠭᠦᠯᠪᠡ᠃ | 6. ᠬᠦᠳᠦᠯᠦᠭᠴᠢ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠠᠵᠢᠯ ᠤᠨ ᠬᠦᠷᠢᠶ᠎ᠡ ᠬᠡᠪᠴᠢᠶ᠎ᠡ ᠨᠢ ᠨᠡᠶᠢᠭᠡᠮ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠡᠯ᠎ᠡ ᠲᠠᠯ᠎ᠠ ᠶᠢ ᠪᠠᠭᠲᠠᠭᠠᠵᠤ ᠪᠠᠶᠢᠳᠠᠭ᠂ ᠥᠨᠥᠳᠦᠷ ᠪᠢᠳᠡ ᠣᠯᠠᠨ ᠲᠦᠮᠡᠨ ᠤ ᠠᠮᠢᠳᠤᠷᠠᠯ ᠠᠴᠠ ᠬᠠᠮᠤᠭ ᠤᠶᠢᠷᠠᠬᠠᠨ ᠪᠠᠶᠢᠳᠠᠭ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠤᠳᠠᠯ ᠤᠨ ᠦᠢᠯᠡᠰ ᠤᠨ ᠬᠤᠨᠤᠵᠤ ᠬᠡᠪᠲᠡᠬᠦ ᠪᠠ ᠣᠨᠢᠰᠤ ᠨᠡᠭᠡᠭᠡᠬᠦ ᠵᠡᠷᠭᠡ ᠲᠠᠯ᠎ᠠ ᠪᠠᠷ ᠭᠦᠨᠵᠡᠭᠡᠶ | ᠣᠶᠢᠯᠠᠭᠠᠯ᠎ᠠ᠃ ᠬᠡᠦᠬᠡᠳ ᠪᠣᠯ ᠡᠬᠡ ᠤᠯᠤᠰ ᠤᠨ ᠢᠷᠡᠭᠡᠳᠦᠢ᠂ ᠰᠤᠷᠭᠠᠭᠤᠯᠢ ᠪᠣᠯ ᠬᠡᠦᠬᠡᠳ ᠢ ᠬᠥᠮᠦᠵᠢᠭᠦᠯᠬᠦ ᠥᠯᠥᠭᠡᠢ᠂ ᠮᠠᠨ ᠤ ᠬᠤᠲᠠ ᠶᠢᠨ | ᠰᠤᠷᠭᠠᠭᠤᠯᠢ ᠶᠢᠨ ᠦᠨᠳᠦᠰᠦᠨ ᠪᠠᠶᠢᠳᠠᠯ ᠨᠢ ᠶᠠᠮᠠᠷ ᠪᠠᠶᠢᠨ᠎ᠠ︖ | 7.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠵᠠ᠂ ᠲᠡᠭᠡ᠃ ᠳᠣᠣᠷ᠎ᠠ ᠪᠢ ᠮᠠᠨ ᠤ ᠬᠤᠲᠠ ᠶᠢᠨ ᠰᠤᠷᠭᠠᠭᠤᠯᠢ ᠶᠢᠨ ᠦᠨᠳᠦᠰᠦᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠄ ᠣᠳᠣᠬᠠᠨ ᠳᠤ᠂ ᠮᠠᠨ ᠤ | ᠬᠤᠲᠠ ᠳᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ 707 ᠪᠣᠢ᠂ ᠡᠭᠦᠨ ᠳᠤ᠄ ᠪᠦᠬᠦ ᠬᠤᠲᠠ ᠳᠤ ᠳᠤᠮᠳᠠᠳᠤ ᠰᠤᠷᠭᠠᠭᠤᠯᠢ 115᠂ ᠪᠠᠭ᠎ᠠ | ᠰᠤᠷᠭᠠᠭᠤᠯᠢ 200᠂ ᠬᠡᠤᠬᠡᠳ ᠤᠨ ᠴᠡᠴᠡᠷᠯᠢᠭ 386᠂ ᠣᠨᠴᠠᠭᠠᠶ ᠰᠤᠷᠭᠠᠭᠤᠯᠢ 6᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 61 ᠪᠣᠶ᠃ | 8. ᠬᠦᠳᠦᠯᠦᠭᠴᠢ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠦᠭ ᠲᠦᠮᠡᠨ ᠭᠡᠷ ᠪᠦᠯᠢ ᠲᠠᠢ ᠬᠤᠯᠪᠤᠭᠳᠠᠵᠤ ᠪᠠᠶᠢᠳᠠᠭ᠂ ᠡᠳᠡᠭᠡᠷ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠤᠲᠠ ᠶᠢᠨ ᠲᠣᠪᠴᠢᠶ᠎ᠠ ᠳᠤ ᠶᠠᠮᠠᠷ ᠶᠠᠮᠠᠷ ᠰᠡᠳᠬᠢᠴᠡ ᠪᠠ ᠠᠷᠭ᠎ᠠ ᠪᠠᠶᠢᠬᠤ ᠪᠤᠢ︖ | | 9.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠣᠳᠣᠬᠠᠨ ᠤ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠠᠵᠢᠯ ᠳᠤ ᠣᠷᠤᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ ᠪᠢᠳᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠠᠪᠴᠤ᠂ ᠠᠯᠳᠠᠰᠢ | ᠭᠠᠷᠬᠤ ᠶᠢ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠭᠦᠨᠵᠡᠭᠡᠶ ᠥᠷᠨᠢᠬᠦ ᠶᠢ ᠢᠳᠡᠪᠬᠢᠲᠡᠶ ᠲᠦᠯᠬᠢᠨ ᠠᠬᠢᠭᠤᠯᠪᠠ᠃ | ᠨᠢᠭᠡᠳᠦᠭᠡᠷ ᠲᠤ᠂ ᠵᠢᠭᠠᠪᠤᠷᠢ ᠠᠪᠴᠤ ᠮᠡᠳᠡᠭᠦᠯᠬᠦ ᠠᠵᠢᠯ ᠢ ᠴᠢᠩᠭᠠᠳᠬᠠᠪᠠ᠃ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ | ᠨᠥᠯᠥᠭᠡᠯᠡᠬᠦ ᠪᠠ ᠬᠢᠵᠠᠭᠠᠷᠯᠠᠵᠤ ᠰᠢᠢᠳᠪᠦᠷᠢᠯᠡᠬᠦ ᠳᠤ ᠪᠡᠷᠭᠡ ᠠᠰᠠᠭᠤᠳᠠᠯ ᠢ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠳᠡᠭᠡᠳᠦ ᠱᠠᠲᠤᠨ ᠤ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠦᠴᠢᠷ ᠲᠤ ᠴᠠᠭ ᠲᠤᠬᠠᠶ ᠳᠤᠨᠢ ᠬᠠᠷᠢᠭᠤ ᠮᠡᠳᠡᠭᠦᠯᠦᠯᠲᠡ ᠬᠢᠵᠦ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠮᠵᠢᠯᠭᠡ ᠪᠣᠯᠤᠨ | ᠴᠢᠬᠤᠯᠠᠴᠢᠯᠠᠯ ᠢ ᠢᠳᠡᠪᠬᠢᠲᠡᠶ ᠪᠠᠷ ᠲᠡᠮᠡᠴᠡᠨ ᠣᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠦᠯᠦᠭᠡᠯᠡᠬᠦ ᠠᠰᠠᠭᠤᠳᠠᠯ ᠢ ᠴᠢᠷᠮᠠᠶᠢᠨ | ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠭᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠠᠳᠬᠤᠪᠠ᠃ | ᠬᠤᠶᠠᠳᠤᠭᠠᠷ ᠲᠤ᠂ ᠬᠥᠮᠦᠨ ᠢᠶᠠᠷ ᠦᠨᠳᠦᠰᠦ ᠪᠣᠯᠭᠠᠬᠤ᠂ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠦᠵᠡᠯ ᠰᠠᠨᠠᠭ᠎ᠠ ᠪᠠ ᠲᠤᠳᠤᠭᠠᠳᠤ ᠳᠤ | ᠵᠢᠯᠤᠭᠤᠳᠤᠯᠭ᠎ᠠ ᠬᠢᠵᠦ ᠭᠠᠳᠠᠨᠠᠭᠢ ᠶᠢ ᠰᠡᠷᠭᠡᠶᠢᠯᠡᠬᠦ ᠴᠢᠭᠯᠡᠯᠲᠡ ᠶᠢ ᠪᠠᠷᠢᠮᠳᠠᠯᠠᠪᠠ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠪᠦᠲᠦᠭᠡᠨ ᠪᠠᠶᠢᠭᠤᠯᠤᠭᠴᠢ ᠪᠣᠯᠤᠨ ᠬᠡᠷᠡᠭᠵᠢᠭᠦᠯᠦᠭᠴᠢ ᠶᠢ ᠪᠦᠬᠦ ᠪᠠᠭᠰᠢ ᠰᠤᠷᠤᠭᠴᠢᠳ ᠤᠨ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠠᠩᠬᠠᠷᠴᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠰᠤᠷᠤᠭᠴᠢᠳ ᠤᠨ ᠰᠡᠳᠬᠢᠯᠭᠡ ᠪᠠ | ᠰᠡᠳᠬᠢᠴᠡ ᠶᠢᠨ ᠬᠤᠪᠢᠷᠠᠯᠲᠠ ᠶᠢ ᠠᠩᠬᠠᠷᠬᠤ ᠬᠡᠷᠡᠭᠲᠡᠶ ᠭᠡᠵᠦ ᠱᠠᠭᠠᠷᠳᠠᠪᠠ᠃ ᠤᠢᠢᠷ᠎ᠠ ᠶᠢᠨ ᠵᠢᠯ ᠤᠳ ᠲᠤ ᠡᠭᠦᠰᠦᠭᠰᠡᠨ ᠰᠤᠷᠭᠠᠭᠤᠯᠢ ᠶᠢᠨ ᠬᠦᠷᠢᠶᠡᠨ ᠤ | ᠬᠡᠳᠦᠨ ᠬᠡᠷᠡᠭ ᠪᠣᠯ ᠭᠠᠳᠠᠭᠠᠳᠤ ᠬᠦᠴᠦᠨ ᠵᠦᠢᠯ ᠠᠴᠠ ᠪᠣᠯᠣᠭᠰᠠᠨ ᠪᠢᠰᠢ᠂ ᠶᠡᠷᠦ ᠨᠢ ᠳᠣᠲᠣᠭᠠᠳᠤ ᠶᠢᠨ ᠰᠡᠳᠬᠢᠴᠡ ᠶᠢᠨ ᠵᠥᠷᠢᠴᠡᠯ ᠬᠤᠷᠴᠠᠳᠤᠭᠰᠠᠨ ᠠᠴᠠ | ᠪᠣᠯᠤᠭᠰᠠᠨ ᠶᠤᠮ᠃ ᠤᠷᠢᠳᠴᠢᠯᠠᠨ ᠰᠡᠷᠭᠡᠶᠢᠯᠡᠬᠦ ᠪᠠᠷ ᠭᠤᠤᠯ ᠪᠣᠯᠭᠠᠬᠤ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠭᠴᠢ ᠡᠯ᠎ᠡ | ᠵᠦᠢᠯ ᠤᠨ ᠭᠡᠨᠡᠳᠲᠡ ᠶᠢᠨ ᠪᠠᠶᠢᠳᠠᠯ ᠳᠣᠤᠷᠠᠬᠢ ᠪᠡᠯᠡᠳᠬᠡᠯ ᠲᠥᠰᠦᠯ ᠢ ᠰᠠᠶᠢᠲᠤᠷ ᠬᠢᠬᠦ ᠶᠢ ᠱᠠᠭᠠᠷᠳᠠᠵᠤ᠂ ᠨᠠᠩ ᠴᠢᠬᠤᠯᠠ ᠨᠢ ᠬᠡᠷᠡᠭ ᠡᠭᠦᠰᠬᠦ ᠠᠴᠠ ᠡᠮᠦᠨ᠎ᠡ | ᠬᠠᠮᠢᠶᠠᠷᠤᠭᠴᠢ ᠳᠠᠷᠤᠶ ᠲᠣᠬᠢᠷᠠᠮᠵᠢᠲᠠᠶ ᠠᠷᠭ᠎ᠠ ᠮᠠᠶ᠋ᠢᠭ ᠢᠶᠠᠷ ᠬᠥᠲᠥᠯᠥᠨ ᠵᠢᠯᠣᠭᠤᠳᠬᠤ ᠪᠠ ᠤᠷᠤᠯᠴᠠᠵᠤ ᠰᠢᠢᠳᠪᠦᠷᠢᠯᠡᠬᠦ ᠬᠡᠷᠡᠭᠲᠡᠢ᠃ | ᠭᠤᠷᠪᠠᠳᠤᠭᠠᠷ ᠲᠤ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠢᠳᠡᠪᠬᠢᠲᠡᠶ ᠥᠷᠨᠢᠭᠦᠯᠪᠡ᠃ ᠪᠢᠳᠡ ᠰᠤᠷᠭᠠᠨ ᠬᠥᠮᠦᠵᠢᠯ᠂ | ᠶᠡᠷᠦᠩᠬᠡᠶᠢᠯᠡᠨ ᠵᠠᠰᠠᠬᠤ᠂ ᠰᠣᠶᠣᠯ᠂ ᠦᠢᠯᠡᠳᠪᠦᠷᠢ ᠬᠤᠳᠠᠯᠳᠤᠭ᠎ᠠ᠂ ᠬᠤᠲᠠ ᠶᠢᠨ ᠬᠠᠮᠢᠶᠠᠷᠤᠯᠲᠠ᠂ ᠤᠬᠠᠭᠤᠯᠭ᠎ᠠ ᠵᠡᠷᠭᠡ ᠰᠠᠯᠠᠭ᠎ᠠ ᠮᠥᠴᠢᠷ ᠢ ᠢᠳᠡᠪᠬᠢᠲᠡᠢ | ᠵᠣᠬᠢᠴᠠᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠰᠢᠨ᠎ᠡ ᠠᠰᠠᠭᠤᠳᠠᠯ᠂ ᠰᠢᠨ᠎ᠡ | ᠣᠨᠴᠠᠯᠢᠭ ᠲᠤ ᠴᠢᠭᠯᠡᠭᠦᠯᠦᠨ᠂ ᠤᠬᠠᠭᠤᠯᠬᠤ ᠪᠠ ᠲᠥᠪᠯᠡᠷᠡᠭᠦᠯᠦᠨ ᠨᠢᠭᠡᠳᠦᠯᠲᠡᠶ ᠵᠠᠰᠠᠬᠤ ᠠᠵᠢᠯᠯᠠᠭ᠎ᠠ ᠶᠢ ᠴᠠᠭ ᠲᠤᠨᠢ ᠲᠤᠬᠢᠷᠠᠭᠤᠯᠤᠨ ᠥᠷᠨᠢᠭᠦᠯᠵᠦ᠂ | ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠢ ᠨᠥᠯᠥᠭᠡᠯᠡᠬᠦ ᠬᠡᠯᠡᠯᠴᠡᠭᠡᠨ ᠶᠡᠬᠡᠲᠡᠶ᠂ ᠬᠦᠴᠢᠷ ᠠᠰᠠᠭᠤᠳᠠᠯ ᠢ ᠰᠢᠢᠳᠪᠦᠷᠢᠯᠡᠪᠡ᠃ | ᠳᠥᠷᠪᠡᠳᠦᠭᠡᠷ ᠲᠤ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠤᠷᠤᠭᠤᠯᠤᠯᠲᠠ ᠶᠢ ᠪᠠᠲᠤᠯᠠᠪᠠ᠃ ᠬᠤᠲᠠ ᠶᠢᠨ | ᠵᠠᠰᠠᠭ ᠤᠨ ᠣᠷᠳᠣᠨ ᠠᠴᠠ ᠡᠯ᠎ᠡ ᠲᠣᠭᠤᠷᠢᠭ ᠤᠨ ᠵᠠᠰᠠᠭ ᠤᠨ ᠣᠷᠳᠣᠨ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠠᠰᠢᠭ ᠣᠯᠬᠤ ᠪᠠᠷ | ᠵᠣᠷᠢᠯᠭ᠎ᠠ ᠪᠠᠨ ᠪᠣᠯᠭᠠᠭᠰᠠᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠦᠭᠡᠶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠭᠠᠵᠠᠷ | ᠲᠠᠯᠠᠪᠤᠷ ᠢ ᠡᠷᠡᠰ ᠴᠠᠭᠠᠵᠠᠯᠠᠵᠤ᠂ ᠰᠤᠷᠭᠠᠨ ᠬᠥᠮᠦᠵᠢᠯ ᠤᠨ ᠡᠮᠬᠢ ᠵᠢᠷᠤᠮ ᠢ ᠵᠢᠷᠤᠮᠵᠢᠭᠤᠯᠪᠠ᠃ ᠬᠤᠲᠠ ᠶᠢᠨ ᠵᠠᠰᠠᠭ ᠤᠨ ᠣᠷᠳᠣᠨ ᠠᠴᠠ ᠡᠳ᠋ ᠤᠨ ᠵᠠᠰᠠᠭ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠵᠣᠬᠢᠴᠠᠭᠤᠯᠤᠨ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠵᠢᠷᠤᠮᠵᠢᠭᠤᠯᠵᠤ᠂ ᠲᠤᠰᠬᠠᠶ ᠪᠡᠯᠡ ᠮᠥᠩᠭᠦ | ᠴᠤᠭᠯᠠᠭᠤᠯᠵᠤ᠂ ᠨᠢᠭᠡᠨᠲᠡ ᠳᠠᠩᠰᠠᠯᠠᠭᠤᠯᠤᠭᠰᠠᠨ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠪᠠᠶᠢᠷᠢ ᠶᠢᠨ ᠣᠳᠣᠬᠢ ᠪᠠᠶᠢᠳᠠᠯ ᠢ ᠰᠠᠶᠢᠵᠢᠷᠠᠭᠤᠯᠵᠤ᠂ ᠪᠠᠭᠰᠢ | ᠰᠤᠷᠤᠭᠴᠢᠳ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠪᠤᠶᠤ ᠵᠣᠷᠢᠭᠤᠳᠠ ᠬᠤᠤᠷ ᠬᠥᠨᠥᠭᠡᠯ ᠢ ᠡᠰᠡᠷᠭᠦᠴᠡᠬᠦ ᠴᠢᠳᠠᠪᠤᠷᠢ ᠶᠢ ᠪᠠᠳᠤᠯᠠᠪᠠ᠃ ᠠᠮᠤᠷ ᠢ | ᠬᠠᠮᠠᠭᠠᠯᠠᠬᠤ ᠬᠦᠴᠦᠨ ᠢ ᠭᠦᠢᠴᠡᠳ ᠲᠣᠬᠢᠷᠠᠭᠤᠯᠵᠤ᠂ ᠴᠢᠬᠤᠯᠠ ᠪᠦᠬᠦᠢ ᠬᠥᠮᠦᠨ᠂ ᠮᠡᠷᠭᠡᠵᠢᠯ᠂ ᠪᠣᠳᠠᠰ ᠤᠨ ᠠᠮᠤᠷ ᠢ ᠬᠠᠮᠠᠭᠠᠯᠠᠬᠤ ᠪᠡᠯᠡᠳᠬᠡᠮᠵᠢ ᠪᠣᠯᠤᠨ | ᠪᠠᠭᠠᠵᠢ ᠬᠡᠷᠡᠭᠰᠡᠯ ᠢ ᠲᠣᠬᠢᠷᠠᠭᠤᠯᠵᠤ ᠪᠠᠶᠢᠭᠠᠳ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠤᠯᠢ ᠪᠤᠰᠤ ᠡᠲᠡᠭᠡᠳ ᠤᠨ ᠬᠠᠯᠳᠠᠯᠭ᠎ᠠ ᠶᠢ ᠡᠰᠡᠷᠭᠦᠴᠡᠬᠦ | ᠴᠢᠳᠠᠪᠤᠷᠢ ᠶᠢ ᠪᠠᠳᠤᠯᠠᠪᠠ᠃ | ᠲᠠᠪᠤᠳᠤᠭᠠᠷ ᠲᠤ᠂ ᠤᠯᠠᠨ ᠰᠠᠯᠠᠭ᠎ᠠ ᠮᠥᠴᠢᠷ ᠤᠨ ᠬᠠᠮᠲᠤᠷᠠᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢ ᠥᠷᠨᠢᠬᠦᠯᠪᠡ᠃ ᠰᠤᠷᠭᠠᠨ | ᠬᠥᠮᠦᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠵᠤ ᠪᠠᠶᠢᠭᠠᠳ ᠲᠤᠰ | ᠰᠤᠷᠭᠠᠭᠤᠯᠢ ᠶᠢᠨ ᠢᠶᠠᠨ ᠪᠠᠷᠢᠯᠭ᠎ᠠ ᠶᠢᠨ ᠪᠡᠯᠡᠳᠬᠡᠮᠵᠢ ᠶᠢᠨ ᠠᠮᠤᠷ ᠲᠦᠪᠰᠢᠨ ᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠪᠡ᠃ ᠳᠠᠯᠳᠠ | ᠭᠡᠮ ᠢ ᠵᠠᠰᠠᠬᠤ ᠲᠤᠰᠬᠠᠶ ᠠᠵᠢᠯᠯᠠᠭ᠎ᠠ ᠥᠷᠨᠢᠬᠦᠯᠬᠦ ᠶᠢ ᠰᠠᠨᠠᠭᠤᠯᠵᠤ᠂ ᠡᠯ᠎ᠡ ᠰᠤᠷᠭᠠᠭᠤᠯᠢ ᠶᠢᠨ ᠬᠢᠨ ᠲᠤᠳᠤᠷᠬᠠᠢ ᠴᠠᠭ ᠬᠤᠭᠤᠴᠠᠭᠠᠨ ᠳᠤ ᠪᠡᠶᠡᠯᠡᠭᠦᠯᠬᠦ ᠶᠢ | ᠬᠢᠵᠠᠭᠠᠷᠯᠠᠨ ᠲᠤᠭᠲᠠᠭᠠᠵᠤ᠂ ᠡᠭᠦᠨ ᠳᠤ ᠰᠤᠷᠭᠠᠭᠤᠯᠢ ᠶᠢᠨ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠢ ᠴᠡᠭᠴᠡᠯᠡᠨ ᠰᠠᠶᠢᠵᠢᠷᠠᠭᠤᠯᠬᠤ᠂ ᠪᠠᠶᠢᠷᠢ ᠶᠢᠨ | ᠬᠤᠯᠠᠭᠠᠶᠢᠴᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠶᠢ ᠪᠠᠭᠳᠠᠭᠠᠵᠤ᠂ ᠬᠠᠲᠠᠭᠤ ᠪᠡᠯᠡᠳᠭᠡᠮᠵᠢ ᠶᠢ ᠠᠮᠤᠷ ᠲᠦᠪᠰᠢᠨ ᠤ ᠱᠠᠭᠠᠷᠳᠠᠯᠭ᠎ᠠ ᠳᠤ ᠬᠦᠷᠦᠭᠦᠯᠬᠦ ᠶᠢ | ᠦᠨᠡᠨᠬᠦ ᠪᠠᠳᠤᠯᠠᠪᠠ᠃ | ᠮᠠᠨ ᠤ ᠬᠤᠲᠠ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠶᠢᠨ ᠲᠥᠯᠥᠭᠡ᠂ ᠮᠠᠨ ᠤ | ᠲᠣᠪᠴᠢᠶ᠎ᠠ ᠳᠣᠲᠣᠭᠠᠳᠤ ᠶᠢ ᠬᠠᠮᠠᠭᠠᠯᠠᠬᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠳᠤᠲᠤᠭᠠᠳᠤ ᠶᠢ ᠬᠠᠮᠠᠭᠠᠯᠠᠬᠤ ᠲᠢᠩᠬᠢᠮ ᠤᠨ ᠤᠳᠤᠷᠢᠳᠤᠯᠭ᠎ᠠ | ᠳᠣᠤᠷ᠎ᠠ᠂ ︽ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ ᠠᠮᠤᠷᠵᠢᠭᠤᠯᠬᠤ︾ ᠲᠤᠰᠬᠠᠶ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ | ᠵᠦᠢᠯ ᠤᠨ ᠠᠵᠢᠯ ᠢ ᠢᠳᠡᠪᠬᠢᠲᠡᠢ ᠥᠷᠨᠢᠭᠦᠯᠵᠦ᠂ ︽ᠰᠤᠷᠭᠠᠭᠤᠯᠢ ᠶᠢᠨ ᠬᠦᠷᠢᠶᠡᠨ ᠤ ᠳᠣᠲᠣᠭᠠᠳᠤ ᠶᠢᠨ ᠠᠮᠤᠷ ᠲᠦᠪᠰᠢᠨ ᠤ ᠰᠡᠷᠭᠡᠶᠢᠯᠡᠯᠲᠡ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠰᠤᠷᠭᠠᠭᠤᠯᠢ ᠶᠢᠨ | ᠬᠦᠷᠢᠶᠡᠨ ᠤ ᠡᠷᠭᠢᠨ ᠲᠣᠭᠤᠷᠢᠨ ᠳᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠰᠤᠷᠭᠠᠭᠤᠯᠢ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠰᠢᠢᠳᠪᠦᠷᠢᠯᠡᠬᠦ᠂ ᠴᠠᠭᠳᠠᠭ᠎ᠠ ᠶᠢᠨ ᠰᠤᠷᠭᠠᠭᠤᠯᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠂ ᠰᠤᠷᠭᠠᠭᠤᠯᠢ ᠶᠢᠨ | ᠬᠦᠷᠢᠶᠡᠨ ᠤ ᠬᠠᠤᠯᠢ ᠳᠦᠷᠢᠮ ᠠᠮᠤᠷ ᠲᠦᠪᠰᠢᠨ ᠤ ᠤᠬᠠᠭᠤᠯᠭ᠎ᠠ ᠬᠥᠮᠦᠵᠢᠯ︾ ᠵᠡᠷᠭᠡ ᠬᠡᠳᠦᠨ ᠵᠦᠢᠯ ᠤᠨ ᠠᠵᠢᠯ ᠤᠨ ᠠᠷᠭ᠎ᠠ ᠬᠡᠮᠵᠢᠶ᠎ᠡ ᠠᠪᠴᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠬᠦᠯᠵᠦ᠂ | ᠰᠤᠷᠭᠠᠭᠤᠯᠢ ᠳᠤ ᠪᠠᠶᠢᠭ᠎ᠠ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠨᠥᠯᠥᠭᠡ ᠲᠠᠢ ᠰᠤᠷᠭᠠᠭᠤᠯᠢ ᠶᠢᠨ ᠬᠦᠷᠢᠶᠡᠨ ᠤ | ᠴᠢᠬᠤᠯᠠ ᠶᠡᠭᠡ ᠬᠡᠷᠡᠭ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠪᠠ᠃ | | ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠦᠴᠦᠲᠡᠶ ᠳᠡᠮᠵᠢᠯᠭᠡ ᠳᠣᠣᠷ᠎ᠠ᠂ ᠬᠤᠲᠠ ᠶᠢᠨ ᠶᠡᠷᠦᠩᠬᠡᠶᠢᠯᠡᠨ ᠵᠠᠰᠠᠬᠤ ᠵᠥᠪᠯᠡᠯ᠂ ᠰᠤᠷᠭᠠᠨ ᠬᠥᠮᠦᠵᠢᠯ᠂ ᠳᠣᠲᠣᠭᠠᠳᠤ ᠶᠢ | ᠬᠠᠮᠠᠭᠠᠯᠠᠬᠤ ᠭᠤᠷᠪᠠᠨ ᠰᠠᠯᠠᠭ᠎ᠠ ᠮᠥᠴᠢᠷ ᠬᠠᠮᠲᠤᠷᠠᠨ ︽ᠠᠮᠤᠷ ᠠᠮᠤᠭᠤᠯᠠᠩ ᠰᠤᠷᠭᠠᠭᠤᠯᠢ︾ ᠶᠢ ᠪᠠᠶᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠵᠤ᠂ ᠪᠦᠬᠦ ᠬᠤᠲᠠ ᠶᠢᠨ ᠪᠤᠶ ᠪᠦᠬᠦᠢ ᠰᠤᠷᠭᠠᠭᠤᠯᠢ ᠳᠤ ᠨᠢᠭᠡ ᠳᠠᠷᠤᠪᠴᠢᠲᠤ ᠬᠡᠯᠪᠡᠷᠢ ᠶᠢᠨ ᠬᠢᠨᠠᠨ ᠡᠵᠡᠮᠳᠡᠬᠦ ᠰᠦᠯᠵᠢᠶ᠎ᠡ ᠳᠤ | ᠬᠤᠯᠪᠤᠭᠳᠠᠬᠤ ᠰᠢᠰᠲ᠋ᠧᠮ ᠤᠭᠰᠠᠷᠴᠤ᠂ ᠰᠤᠷᠭᠠᠭᠤᠯᠢ ᠬᠢᠭᠡᠳ ᠬᠠᠷᠢᠶ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ ᠪᠣᠯᠤᠨ | ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠢ ᠰᠤᠷᠭᠠᠭᠤᠯᠢ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠴᠠᠭ ᠢᠮᠠᠭᠲᠠ ᠬᠢᠨᠠᠨ ᠡᠵᠡᠮᠰᠢᠭᠦᠯᠬᠦ ᠪᠣᠯᠭᠠᠪᠠ᠃ | ᠡᠭᠦᠨ ᠠᠴᠠ ᠭᠠᠳᠠᠨ᠎ᠠ᠂ ᠮᠠᠨ ᠤ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠠᠮᠤᠷ ᠲᠦᠪᠰᠢᠨ ᠵᠠᠮ ᠬᠠᠷᠢᠯᠴᠠᠭᠠᠨ ᠤ ᠡᠮᠬᠢ | ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠲᠣᠭᠲᠠᠭᠤᠨ ᠢ ᠬᠠᠮᠠᠭᠠᠯᠠᠬᠤ ᠡᠭᠦᠷᠭᠡ ᠬᠦᠨᠳᠦ ᠴᠠᠭᠳᠠᠭᠠᠨ ᠤ ᠬᠦᠴᠦᠨ ᠪᠠᠭ᠎ᠠ ᠵᠡᠷᠭᠡ | ᠪᠠᠶᠢᠳᠠᠯ ᠳᠣᠤᠷ᠎ᠠ ᠰᠤᠷᠭᠠᠭᠤᠯᠢ ᠴᠤᠭᠯᠠᠵᠤ ᠲᠠᠷᠬᠠᠬᠤ ᠣᠷᠭᠢᠯ ᠬᠤᠭᠤᠴᠠᠭᠠᠨ ᠳᠤ ᠲᠤᠰᠬᠠᠶ ᠴᠠᠭᠳᠠᠭᠠᠨ ᠤ ᠬᠦᠴᠦᠨ ᠭᠠᠷᠭᠠᠵᠤ ᠰᠤᠷᠭᠠᠭᠤᠯᠢ ᠶᠢᠨ ᠡᠷᠭᠢᠨ | ᠲᠣᠭᠤᠷᠢᠨ ᠳᠤ ᠠᠮᠤᠷ ᠢ ᠬᠠᠮᠠᠭᠠᠯᠠᠬᠤ᠂ ᠵᠠᠮ ᠬᠠᠷᠢᠯᠴᠠᠭ᠎ᠠ ᠶᠢ ᠴᠡᠭᠴᠡᠯᠡᠨ ᠵᠠᠰᠠᠬᠤ ᠠᠵᠢᠯ ᠦᠷᠨᠢᠭᠦᠯᠦᠨ᠂ ᠰᠤᠷᠭᠠᠭᠤᠯᠢ ᠶᠢᠨ ᠬᠦᠷᠢᠶᠡᠨ ᠤ ᠡᠷᠭᠢᠨ | ᠲᠣᠭᠤᠷᠢᠨ ᠤ ᠠᠮᠤᠷ ᠲᠦᠪᠰᠢᠨ ᠢ ᠲᠦᠢᠯ ᠤᠨ ᠶᠡᠭᠡ ᠪᠠᠷ ᠬᠠᠮᠠᠭᠠᠯᠠᠪᠠ᠃ | 10. ᠬᠦᠳᠦᠯᠦᠭᠴᠢ | ᠫᠤᠤ ᠵᠡᠪᠰᠡᠭ ᠰᠤᠮᠤ ᠲᠡᠷᠢ ᠶᠢ ᠬᠠᠮᠢᠶᠠᠷᠤᠨ ᠡᠵᠡᠮᠳᠡᠬᠦ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠮᠠᠷ ᠶᠠᠮᠠᠷ ᠠᠵᠢᠯ ᠠᠷᠭ᠎ᠠ ᠬᠡᠮᠵᠢᠶ᠎ᠡ ᠪᠠᠶᠢᠬᠤ | ᠪᠣᠶ︖ | 11.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | 1996 ᠣᠨ ᠳᠤ ︽ᠫᠤᠤ ᠶᠢᠨ ᠬᠠᠤᠯᠢ︾ ᠨᠡᠶᠢᠲᠡᠯᠡᠭᠳᠡᠭᠰᠡᠨ ᠠᠴᠠ ᠨᠠᠰᠢ ᠂ ᠫᠤᠤ ᠵᠡᠪᠰᠡᠭ ᠰᠤᠮᠤ ᠲᠡᠷᠢ ᠪᠠ ᠳᠡᠯᠪᠡᠷᠡᠬᠦ ᠡᠳ᠋ ᠪᠣᠳᠠᠰ ᠢ ᠬᠠᠤᠯᠢ | ᠪᠤᠰᠤ ᠪᠠᠷ ᠦᠢᠯᠡᠳᠬᠦ᠂ ᠠᠷᠠᠯᠵᠢᠶᠠᠯᠠᠬᠤ᠂ ᠵᠥᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ᠂ ᠬᠠᠳᠠᠭᠠᠯᠠᠬᠤ᠂ ᠬᠤᠪᠢ ᠬᠥᠮᠦᠨ ᠤ ᠭᠠᠷ ᠲᠤ ᠪᠠᠶᠢᠬᠤ ᠶᠢ ᠲᠣᠳᠣᠷᠬᠠᠶ | ᠵᠠᠷᠯᠢᠭ ᠢᠶᠠᠷ ᠴᠠᠭᠠᠵᠠᠯᠠᠬᠤ ᠶᠢᠨ ᠬᠠᠮᠲᠤ ᠡᠶᠢᠮᠦᠷᠬᠦ ᠦᠢᠯᠡ ᠠᠵᠢᠯᠯᠠᠭ᠎ᠠ ᠶᠢ ᠡᠷᠡᠭᠦᠤ ᠰᠢᠳᠬᠡᠯ ᠢᠶᠠᠷ ᠰᠢᠳᠬᠡᠬᠦ ᠬᠡᠪᠴᠢᠶᠡᠨ ᠳᠤ ᠤᠷᠤᠭᠤᠯᠪᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠯ ᠪᠦᠷᠢ ᠫᠤᠤ ᠵᠡᠪᠰᠡᠭ ᠰᠤᠮᠤ ᠲᠡᠷᠢ ᠪᠠ ᠳᠡᠯᠪᠡᠷᠡᠬᠦ ᠡᠳ᠋ ᠪᠤᠳᠠᠰ ᠢ ᠬᠠᠮᠢᠶᠠᠷᠤᠨ ᠡᠵᠡᠮᠳᠡᠬᠦ ᠪᠠ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠫᠤᠤ ᠰᠤᠮᠤ ᠶᠢ ᠬᠤᠷᠢᠶᠠᠮᠵᠢᠯᠠᠨ ᠳᠡᠯᠪᠡᠷᠡᠬᠦ ᠡᠳ᠋ ᠢ ᠵᠠᠰᠠᠬᠤ︾ ᠲᠤᠰᠬᠠᠶ ᠠᠵᠢᠯᠯᠠᠭ᠎ᠠ ᠶᠢ | ᠦᠷᠨᠢᠭᠦᠯᠳᠡᠭ᠃ ᠲᠤᠰᠬᠠᠶ ᠠᠵᠢᠯᠯᠠᠭ᠎ᠠ ᠪᠠᠷ ᠳᠠᠮᠵᠢᠭᠤᠯᠤᠨ ᠫᠤᠤ ᠵᠡᠪᠰᠡᠭ ᠰᠤᠮᠤ ᠲᠡᠷᠢ ᠳᠡᠯᠪᠡᠷᠡᠬᠦ ᠡᠳ᠋ ᠪᠣᠳᠠᠰ ᠢ ᠬᠠᠤᠯᠢ ᠪᠤᠰᠤ ᠪᠠᠷ ᠠᠷᠠᠯᠵᠢᠶᠠᠯᠠᠭᠰᠠᠨ᠂ | ᠦᠢᠯᠡᠳᠦᠭᠰᠡᠨ᠂ ᠵᠥᠭᠡᠭᠡᠪᠦᠷᠢᠯᠡᠭᠰᠡᠨ᠂ ᠰᠢᠤᠳᠠᠨ ᠢᠶᠠᠷ ᠢᠯᠡᠭᠡᠭᠰᠡᠨ᠂ ᠬᠠᠳᠠᠭᠠᠯᠠᠭᠰᠠᠨ ᠪᠠ ᠬᠤᠪᠢ ᠬᠥᠮᠦᠨ ᠤ ᠭᠠᠷ ᠲᠤ ᠪᠠᠶᠢᠬᠤ ᠬᠠᠤᠯᠢ ᠠᠴᠠ ᠵᠥᠷᠢᠴᠡᠭᠰᠡᠨ | ᠶᠠᠯᠠᠲᠤ ᠡᠲᠡᠭᠡᠳ ᠲᠤ ᠬᠦᠨᠳᠦ ᠴᠣᠬᠢᠯᠲᠠ ᠥᠭᠳᠡᠭ᠃ | 12. ᠬᠦᠳᠦᠯᠦᠭᠴᠢ | ᠲᠠ ᠰᠠᠶ᠋ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠯ ᠪᠦᠷᠢ ︽ᠫᠤᠤ ᠵᠡᠪᠰᠡᠭ ᠢ ᠬᠤᠷᠢᠶᠠᠮᠵᠢᠯᠠᠵᠤ ᠲᠡᠯᠪᠡᠷᠡᠬᠦ ᠡᠳ᠋ ᠢ ᠵᠠᠰᠠᠬᠤ︾ ᠲᠤᠰᠬᠠᠶ | ᠠᠵᠢᠯᠯᠠᠭ᠎ᠠ ᠥᠷᠨᠢᠭᠦᠯᠦᠨ᠎ᠡ ᠭᠡᠵᠦ ᠶᠠᠷᠢᠯ᠎ᠠ᠃ ᠮᠠᠨ ᠤ ᠬᠤᠲᠠ ᠡᠨᠡ ᠵᠢᠯ ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠡᠳ᠋ ᠢ ᠵᠠᠰᠠᠬᠤ ᠲᠤᠰᠬᠠᠶ ᠠᠵᠢᠯᠯᠠᠭ᠎ᠠ | ᠥᠷᠨᠢᠭᠦᠯᠦᠭᠡᠳ ᠶᠠᠮᠠᠷ ᠶᠠᠮᠠᠷ ᠦᠷ᠎ᠡ ᠪᠦᠲᠦᠭᠡᠯ ᠣᠯᠤᠭᠰᠠᠨ ᠪᠣᠶ︖ | 13.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠡᠯ᠎ᠡ ᠲᠥᠷᠥᠯ ᠤᠨ ᠫᠤᠤ ᠵᠡᠪᠰᠡᠭ ᠨᠡᠶᠢᠲᠡ | 482 ᠶᠢ᠂ ᠰᠤᠮᠤ 34721 ᠶᠢ᠂ ᠳᠠᠷᠢ 2500 ᠺᠢᠯᠣᠭ᠍ᠷᠠᠮ᠂ ᠲᠡᠰᠦᠷᠡᠭᠦᠯᠦᠭᠴᠢ 7929᠂ ᠳᠡᠭᠦᠵᠢᠯᠡᠭᠦᠷ ᠲᠥᠷᠥᠯ ᠤᠨ ᠳᠡᠯᠪᠡᠷᠡᠬᠦ ᠡᠳ᠋911 ᠮᠧᠲᠷ᠂ | ᠲᠡᠶᠢᠨ ᠤ ᠦᠯᠡᠳᠡᠭᠳᠡᠯ ᠡᠳ᠋ 8᠂ ᠳᠠᠭᠤᠷᠢᠶᠠᠮᠠᠯ ᠫᠤᠤ 15 ᠶᠢ ᠬᠤᠷᠢᠶᠠᠮᠵᠢᠯᠠᠵᠤ᠂ ᠬᠢᠲᠤᠭ᠎ᠠ ᠪᠠᠭᠠᠵᠢ 1250᠂ ᠬᠤᠯᠬᠤᠪᠴᠢ ᠨᠤᠮᠤ 14᠂ ᠠᠮᠠᠷᠬᠠᠨ | ᠳᠡᠯᠪᠡᠷᠡᠬᠦ ᠠᠶᠤᠯᠲᠠᠶ ᠬᠢᠮᠢ ᠶᠢᠨ ᠪᠣᠳᠠᠰ 20 ᠺᠢᠯᠣᠭ᠍ᠷᠠᠮ ᠬᠠᠮᠢᠶᠠᠷᠠᠨ ᠡᠵᠡᠮᠳᠡᠵᠦ᠂ ᠫᠤᠤ ᠵᠡᠪᠰᠡᠭ ᠲᠤ ᠬᠤᠯᠪᠣᠭᠳᠠᠭᠰᠠᠨ ᠡᠷᠡᠭᠦᠤ ᠶᠢᠨ ᠬᠡᠷᠡᠭ 3 ᠶᠢ | ᠢᠯᠡᠷᠡᠭᠦᠯᠵᠦ᠂ 5 ᠬᠥᠮᠦᠨ ᠳᠤ ᠡᠷᠡᠭᠦᠤ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ︔ ᠫᠤᠤ ᠵᠡᠪᠰᠡᠭ ᠲᠤ ᠬᠤᠯᠪᠣᠭᠳᠠᠭᠰᠠᠨ ᠲᠥᠷᠥᠯ ᠤᠨ | ᠠᠮᠤᠷ ᠲᠦᠪᠰᠢᠨ ᠤ ᠬᠡᠷᠡᠭ 3 ᠪᠠᠶᠢᠵᠤ᠂ 4 ᠬᠥᠮᠦᠨ ᠳᠤ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠥᠭᠪᠡ︔ ᠳᠡᠯᠪᠡᠷᠡᠯᠲᠡ ᠳᠤ | ᠬᠤᠯᠪᠣᠭᠳᠠᠭᠰᠠᠨ ᠡᠷᠡᠭᠦᠤ ᠶᠢᠨ ᠬᠡᠷᠡᠭ 2 ᠪᠠᠶᠢᠵᠤ᠂ 4 ᠬᠥᠮᠦᠨ ᠳᠤ ᠡᠷᠡᠭᠦᠤ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠤᠪᠠ︔ | ᠳᠡᠯᠪᠡᠷᠡᠯᠲᠡ ᠳᠤ ᠬᠤᠯᠪᠣᠭᠳᠠᠭᠰᠠᠨ ᠲᠥᠷᠥᠯ ᠤᠨ ᠠᠮᠤᠷ ᠲᠦᠪᠰᠢᠨ ᠤ ᠬᠡᠷᠡᠭ 57 ᠪᠠᠶᠢᠵᠤ᠂ 60 ᠬᠥᠮᠦᠨ ᠳᠤ ᠠᠮᠤᠷ ᠲᠦᠪᠰᠢᠨ ᠤ ᠬᠠᠮᠢᠶᠠᠷᠤᠯᠲᠠ ᠶᠢᠨ | ᠰᠢᠢᠳᠭᠡᠯ ᠥᠭᠪᠡ᠃ | 14. ᠬᠦᠳᠦᠯᠦᠭᠴᠢ | ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠳᠤᠮᠳᠠ᠂ ᠨᠢᠭᠡ ᠵᠦᠢᠯ ᠨᠢ | ᠣᠨᠢᠰᠤ ᠨᠡᠭᠡᠭᠡᠬᠦ ᠠᠵᠢᠯ ᠤᠨ ᠬᠠᠮᠢᠶᠠᠷᠤᠯᠲᠠ ᠪᠣᠯᠤᠨ᠎ᠠ᠂ ᠡᠨᠡ ᠨᠢ ᠪᠠᠰᠠ ᠴᠤ ᠰᠣᠨᠣᠰᠤᠭᠴᠢᠳ ᠤᠨ ᠣᠨᠴᠠ ᠠᠩᠬᠠᠷᠴᠤ ᠪᠠᠶᠢᠭ᠎ᠠ ᠵᠦᠢᠯ ᠪᠣᠯᠤᠨ᠎ᠠ᠃ | ᠤᠴᠢᠷ ᠨᠢ ᠣᠨᠢᠰᠤ ᠨᠡᠭᠡᠭᠡᠬᠦ ᠦᠢᠯᠡᠴᠢᠯᠡᠭᠡᠨ ᠤ ᠵᠠᠷ ᠮᠡᠳᠡᠭᠡ ᠨᠢ ᠬᠠᠮᠢᠭ᠎ᠠ ᠭᠠᠵᠠᠷ ᠦᠭᠡᠢ ᠬᠠᠷᠠᠭᠳᠠᠵᠤ ᠥᠷᠭᠡᠨ ᠣᠯᠠᠨ ᠠᠷᠠᠳ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠡᠨᠡ ᠲᠠᠯ᠎ᠠ ᠪᠠᠷ᠂ ᠲᠠ ᠮᠠᠨ ᠤ ᠰᠣᠨᠣᠰᠤᠭᠴᠢᠳ ᠲᠤ ᠲᠠᠨᠢᠯᠴᠠᠭᠤᠯᠤᠭᠠᠳ ᠦᠭᠭᠦᠨ᠎ᠡ ᠤᠤ︖ | | 15.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳᠡᠳ᠋ ᠳᠠᠷᠤᠭ᠎ᠠ ᠯᠢ ᠵᠢᠶᠠᠨ ᠮᠢᠩ | ᠣᠳᠣᠬᠠᠨ ᠳᠤ ᠮᠠᠨ ᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ ᠣᠨᠢᠰᠤ ᠨᠡᠭᠡᠭᠡᠬᠦ ᠨᠢᠭᠡᠴᠡ ᠪᠤᠶᠤ ᠠᠵᠤ | ᠠᠬᠤᠶᠢᠯᠠᠯ ᠨᠡᠶᠢᠲᠡ 190 ᠭᠠᠷᠤᠶ ᠪᠠᠶᠢᠨ᠎ᠠ᠃ ᠣᠨᠢᠰᠤ ᠨᠡᠭᠡᠭᠡᠬᠦ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠵᠤ᠂ ᠣᠨᠢᠰᠤ ᠨᠡᠭᠡᠭᠡᠬᠦ | ᠡᠵᠡᠩᠨᠡᠯᠲᠡ ᠶᠢᠨ ᠨᠢᠭᠡᠴᠢ ᠶᠢᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠡᠷᠭᠡᠵᠢᠯ ᠤᠨ ᠣᠨᠢᠰᠤ ᠨᠡᠭᠡᠭᠡᠬᠦ ᠳᠤ ᠬᠤᠯᠪᠤᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠣᠷᠢᠳᠴᠢᠯᠠᠨ ᠰᠡᠷᠭᠡᠶᠢᠯᠡᠬᠦ ᠪᠠ ᠴᠣᠬᠢᠯᠲᠠ ᠥᠭᠬᠦ ᠶᠢᠨ ᠲᠥᠯᠥᠭᠡ᠂ ᠪᠢᠳᠡ ᠠᠵᠢᠯ ᠬᠢᠵᠦ ᠪᠠᠶᠢᠭ᠎ᠠ ᠬᠥᠮᠦᠰ ᠤᠨ ᠮᠡᠳᠡᠭᠡ | ᠵᠠᠩᠭᠢ ᠶᠢᠨ ᠬᠥᠮᠥᠷᠭᠡ ᠪᠠ ᠥᠮᠴᠢᠲᠡᠨ ᠤ ᠳᠠᠩᠰᠠ ᠡᠪᠬᠡᠮᠡᠯ ᠢ ᠨᠢᠭᠡᠳᠦᠯᠳᠡᠢ ᠪᠠᠶᠢᠭᠤᠯᠵᠤ᠂ ᠣᠨᠢᠰᠤ ᠨᠡᠭᠡᠭᠡᠬᠦ ᠠᠵᠢᠯ ᠲᠥᠷᠥᠯ ᠤᠨ ᠬᠠᠶ᠋ᠢᠭ᠂ | ᠬᠠᠷᠢᠭᠤᠴᠠᠯᠭᠠᠲᠠᠨ ᠤ ᠣᠪᠣᠭ ᠨᠡᠷ᠎ᠡ᠂ ᠠᠵᠢᠯ ᠬᠢᠵᠦ ᠪᠠᠶᠢᠭ᠎ᠠ ᠬᠥᠮᠦᠰ ᠤᠨ ᠨᠡᠷᠡᠰ ᠵᠢᠴᠢ ᠬᠠᠷᠢᠯᠴᠠᠬᠤ ᠤᠲᠠᠰᠤ ᠵᠡᠷᠭᠡ ᠮᠡᠳᠡᠭᠡ ᠵᠠᠩᠭᠢ ᠶᠢ ᠨᠠᠷᠢᠨ ᠲᠣᠳᠣᠷᠬᠠᠶ | ᠲᠡᠮᠳᠡᠭᠯᠡᠵᠦ᠂ ᠠᠵᠢᠯ ᠬᠢᠵᠦ ᠪᠠᠶᠢᠭ᠎ᠠ ᠬᠥᠮᠦᠰ ᠤᠨ ᠬᠤᠷᠤᠭᠤᠨ ᠣᠷᠣᠮ ᠪᠠ DNA ᠶᠢᠨ ᠮᠡᠳᠡᠭᠡ ᠵᠠᠩᠭᠢ ᠶᠢ ᠴᠤᠭᠯᠠᠭᠤᠯᠪᠠ᠃ ᠰᠠᠭᠤᠷᠢ ᠲᠤᠭ᠎ᠠ ᠨᠢ | ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠦᠨᠡᠨ ᠬᠦ ᠪᠠᠲᠤᠯᠠᠵᠤ᠂ ᠬᠠᠤᠯᠢ ᠲᠤᠭᠲᠠᠭᠠᠯ ᠠᠴᠠ ᠵᠥᠷᠢᠴᠡᠭᠰᠡᠨ ᠬᠤᠯᠪᠤᠭᠳᠠᠯ ᠪᠥᠬᠦᠶ ᠬᠥᠮᠦᠰ ᠤᠨ | ᠣᠨᠢᠰᠤ ᠨᠡᠭᠡᠭᠡᠬᠦ ᠠᠵᠢᠯ ᠲᠥᠷᠥᠯ ᠡᠷᠭᠢᠯᠡᠬᠦ ᠶᠢ ᠲᠠᠰᠤ ᠬᠤᠷᠢᠭᠯᠠᠪᠠ︔ ᠬᠡᠷᠪᠡ ᠣᠨᠢᠰᠤ ᠨᠡᠭᠡᠭᠡᠬᠦ ᠴᠢᠬᠤᠯᠠ ᠲᠠᠢ ᠪᠠᠶᠢᠳᠠᠯ ᠭᠠᠷᠪᠠᠯ᠂ ᠪᠢᠲᠡᠭᠡᠶ ᠵᠦᠭᠡᠷ ᠣᠨᠢᠰᠤ | ᠨᠡᠭᠡᠭᠡᠬᠦ ᠵᠠᠷ ᠳᠡᠭᠡᠷᠡᠬᠢ ᠤᠲᠠᠰᠤ ᠶᠢ ᠤᠲᠠᠰᠤᠳᠠᠭᠠᠷᠠᠶ᠂ 110 ᠳᠤ ᠤᠳᠠᠰᠤᠳᠠᠵᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠳᠠᠩᠰᠠᠯᠠᠭᠤᠯᠤᠭᠰᠠᠨ | ᠣᠨᠢᠰᠤ ᠨᠡᠭᠡᠭᠡᠬᠦ ᠨᠢᠭᠡᠴᠡ ᠪᠤᠶᠤ ᠠᠵᠤ ᠠᠬᠤᠶᠢᠯᠠᠯ ᠳᠤ ᠤᠳᠠᠰᠤᠳᠠᠵᠤ᠂ ᠬᠠᠤᠯᠢ ᠪᠤᠰᠤ ᠡᠲᠡᠭᠡᠳ ᠲᠤ ᠵᠠᠪᠰᠢᠬᠤ ᠲᠣᠬᠢᠶᠠᠯ ᠥᠭᠬᠦ ᠠᠴᠠ ᠵᠠᠶᠢᠯᠠᠰᠬᠢᠭᠡᠷᠡᠢ᠃ | 16.ᠰᠤᠷᠪᠤᠯᠵᠢᠯᠠᠭᠴᠢ | | ᠰᠣᠨᠣᠰᠬᠤᠯᠠᠷ ᠮᠠᠨ ᠤ ᠬᠤᠲᠠ ᠳᠤ ᠪᠠᠭᠤᠳᠠᠯ ᠳᠤ ᠬᠤᠨᠤᠬᠤ ᠳᠤ᠂ ᠪᠡᠶ᠎ᠡ ᠶᠢᠨ ᠦᠨᠡᠮᠯᠡᠯ ᠢᠶᠠᠨ ᠦᠵᠡᠭᠦᠯᠬᠦ ᠦᠭᠡᠢ ᠪᠠᠷ ᠣᠷᠣᠵᠤ ᠰᠠᠭᠤᠵᠤ ᠪᠣᠯᠤᠨ᠎ᠠ | ᠭᠡᠨ᠎ᠡ᠂ ᠡᠨᠡ ᠨᠢ ᠶᠠᠮᠠᠷ ᠤᠴᠢᠷ ᠪᠣᠶ︖ | 17.ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠣᠨᠴᠠ ᠡᠭᠦᠷᠭᠡ ᠬᠦᠢᠴᠡᠳᠭᠡᠬᠦ ᠶᠡᠭᠡ ᠠᠩᠭᠢ ᠶᠢᠨ ᠵᠢᠭᠠᠨ ᠵᠢᠯᠤᠭᠤᠳᠤᠭᠴᠢ | ᠺᠠᠩ ᠢᠦᠶ | | | ᠪᠠᠭᠤᠳᠠᠯ ᠳᠤ ᠣᠷᠣᠵᠤ ᠰᠠᠭᠤᠬᠤ ᠳᠤ ᠠᠶᠠᠨᠴᠢᠨ ᠤ ᠪᠡᠶ᠎ᠡ ᠶᠢᠨ ᠭᠡᠷᠡᠴᠢ ᠦᠨᠡᠮᠯᠡᠯ ᠢ ᠪᠠᠭᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠰᠢᠯᠭᠠᠵᠤ᠂ | ᠳᠠᠩᠰᠠᠯᠠᠵᠤ ᠭᠠᠷᠭᠠᠬᠤ ᠬᠡᠷᠡᠭᠲᠡᠢ᠂ ᠡᠭᠦᠨ ᠢ ᠮᠠᠨ ᠤ ᠤᠯᠤᠰ ᠤᠨ ︽ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠠᠷᠭ᠎ᠠ︾ | ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠭᠦᠯᠦᠯ ᠤᠨ ᠦᠵᠡᠯ ᠢ ᠡᠰᠡᠷᠭᠦᠴᠡᠬᠦ ᠬᠠᠤᠯᠢ︾ ᠳᠤ ᠲᠣᠭᠲᠠᠭᠠᠭᠰᠠᠨ ᠶᠤᠮ᠂ | ᠡᠶᠢᠮᠦ ᠠᠴᠠ ᠪᠠᠭᠤᠳᠠᠯ ᠳᠤ ᠪᠠᠭᠤᠬᠤ ᠳᠤ ᠵᠠᠪᠠᠯ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠢᠶᠠᠨ ᠬᠠᠩᠭᠠᠬᠤ ᠬᠡᠷᠡᠭᠲᠡᠶ᠃ ᠭᠡᠪᠡᠴᠦ ᠪᠣᠳᠠᠲᠤ ᠪᠠᠶᠢᠳᠠᠯ | ᠳᠤᠮᠳᠠ᠂ ᠵᠠᠷᠢᠮ ᠠᠶᠠᠨᠴᠢᠳ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠠᠴᠠ ᠪᠣᠯᠵᠤ᠂ ᠵᠣᠴᠢᠳ ᠤᠨ ᠪᠠᠭᠤᠳᠠᠯ ᠳᠤ ᠣᠷᠣᠵᠤ ᠰᠠᠭᠤᠬᠤ ᠳᠤ ᠬᠦᠴᠢᠷᠲᠡᠶ ᠪᠣᠯᠵᠤ᠂ | ᠲᠣᠮᠢᠯᠠᠭᠰᠠᠨ ᠰᠠᠯᠪᠤᠷᠢ ᠳᠤ ᠬᠦᠷᠴᠦ ᠲᠦᠷ ᠴᠠᠭ ᠤᠨ ᠪᠡᠶ᠎ᠡ ᠶᠢᠨ ᠦᠨᠡᠮᠯᠡᠯ ᠬᠢᠯᠭᠡᠪᠡᠯ ᠰᠠᠶ᠋ᠢ ᠪᠠᠭᠤᠳᠠᠯ ᠳᠤ ᠰᠠᠭᠤᠵᠤ ᠪᠤᠯᠳᠠᠭ᠂ ᠡᠨᠡ ᠨᠢ ᠠᠶᠠᠨᠴᠢᠳ ᠲᠤ | ᠮᠠᠰᠢ ᠶᠡᠭᠡ ᠳᠥᠭᠦᠮ ᠦᠭᠡᠢ ᠪᠦᠭᠡᠳ ᠠᠷᠠᠳ ᠤᠨ ᠴᠠᠭᠳᠠᠭ᠎ᠠ ᠶᠢᠨ ᠠᠵᠢᠯ ᠤᠨ ᠬᠡᠮᠵᠢᠶ᠎ᠡ ᠶᠢ ᠨᠡᠮᠡᠭᠳᠡᠭᠦᠯᠵᠡᠶ᠃ ᠬᠥᠬᠡᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭᠲᠠᠢ | ᠪᠤᠯᠭᠠᠬᠤ ᠡᠭᠦᠳᠡᠨ ᠠᠴᠠ᠂ 2017 ᠣᠨ ᠤ ᠡᠴᠦᠰ ᠲᠤ᠂ ᠪᠥᠬᠦ ᠣᠷᠣᠨ ᠳᠤ ᠲᠦᠷᠦᠭᠦᠯᠡᠨ ᠬᠥᠬᠡᠬᠤᠲᠠ ᠶᠢᠨ ᠪᠠᠭᠤᠳᠠᠯ ᠤᠨ ᠦᠢᠯᠡᠰ ᠲᠤ ︽ᠬᠥᠮᠦᠨ ᠪᠠ | ᠭᠡᠷᠡᠴᠢ ᠶᠢᠨ ᠬᠢᠨᠠᠨ ᠰᠢᠯᠭᠠᠯᠲᠠ︾ ︵ᠬᠥᠮᠦᠨ ᠤ ᠵᠢᠰᠦ ᠶᠢ ᠢᠯᠭᠠᠨ ᠲᠠᠨᠢᠬᠤ ᠰᠢᠰᠲ᠋ᠧᠮ︶ ᠪᠣᠯᠤᠨ ︽ᠦᠨᠡᠮᠯᠡᠯ ᠥᠬᠡᠶ ᠪᠠᠷ ᠣᠷᠣᠵᠤ ᠰᠠᠭᠤᠬᠤ︾ | ᠰᠢᠰᠲ᠋ᠧᠮ ᠢ ᠰᠦᠢᠳᠭᠡᠯ ᠦᠭᠡᠢ ᠪᠠᠷ ᠲᠡᠰ ᠲᠡᠪᠰᠢᠭᠦᠯᠪᠡ᠃ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠳᠡᠰ ᠳᠡᠪᠰᠢᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠬᠤᠶᠠᠷ ᠵᠦᠢᠯ ᠤᠨ ᠮᠡᠷᠭᠡᠵᠢᠯ ᠤᠨ ᠴᠢᠳᠠᠮᠵᠢ ᠶᠢ ᠪᠡᠶᠡᠯᠡᠭᠦᠯᠵᠡᠢ᠄ ᠨᠢᠭᠡ ᠳᠤ ᠬᠦᠴᠦᠨ | ᠪᠥᠬᠦᠶ ᠪᠡᠶ᠎ᠡ ᠶᠢᠨ ᠦᠨᠡᠮᠯᠡᠯ ᠢᠶᠠᠨ ᠠᠪᠴᠤ ᠶᠠᠪᠤᠭ᠎ᠠ ᠠᠶᠠᠨᠴᠢᠳ ᠲᠤ ᠲᠤᠬᠠᠶ ᠶᠢᠨ ᠲᠠᠯᠠᠪᠤᠷ ᠤᠨ ᠬᠥᠮᠦᠨ ᠤ ᠳᠦᠷᠰᠦ ᠶᠢᠨ ᠮᠡᠳᠡᠭᠡ ᠵᠠᠩᠭᠢ ᠪᠣᠯᠣᠨ ᠪᠡᠶ᠎ᠡ ᠶᠢᠨ | ᠦᠨᠡᠮᠯᠡᠯ ᠤᠨ ᠳᠣᠲᠣᠷ᠎ᠠ ᠬᠠᠳᠠᠭᠠᠯᠠᠵᠤ ᠪᠠᠶᠢᠭ᠎ᠠ ᠬᠥᠮᠦᠨ ᠤ ᠳᠦᠷᠰᠦ ᠶᠢᠨ ᠮᠡᠳᠡᠭᠡ ᠵᠠᠩᠭᠢ ᠶᠢ ᠢᠯᠭᠠᠨ ᠲᠠᠨᠢᠵᠤ ᠬᠠᠷᠢᠴᠠᠭᠤᠯᠤᠨ᠂ ︽ᠬᠥᠮᠦᠨ ᠪᠠ | ᠦᠨᠡᠮᠯᠡᠯ ᠨᠢᠭᠡᠳᠦᠯᠲᠡᠢ ᠪᠠᠶᠢᠬᠤ︾ ᠶᠢ ᠦᠨᠡᠨ ᠬᠦ ᠪᠠᠳᠤᠯᠠᠪᠠ︔ ᠬᠤᠶᠠᠷ ᠲᠤ᠂ ᠪᠡᠶ᠎ᠡ ᠶᠢᠨ ᠦᠨᠡᠮᠯᠡᠯ ᠢᠶᠠᠨ ᠠᠪᠤᠭᠰᠠᠨ ᠦᠭᠡᠢ ᠠᠶᠠᠨᠴᠢᠳ ᠲᠤ ︽ᠦᠨᠡᠮᠯᠡᠯ | ᠦᠭᠡᠢ ᠪᠠᠷ ᠣᠷᠣᠵᠤ ᠰᠠᠭᠤᠬᠤ︾ ᠰᠢᠰᠲ᠋ᠧᠮ ᠳᠤ ᠲᠦᠰᠢᠭᠯᠡᠨ᠂ ᠲᠤᠬᠠᠶ ᠶᠢᠨ ᠲᠠᠯᠠᠪᠠᠢ ᠶᠢᠨ ᠬᠥᠮᠦᠨ ᠤ ᠳᠥᠷᠰᠦ ᠶᠢᠨ ᠮᠡᠳᠡᠭᠡ ᠵᠠᠩᠭᠢ ᠪᠣᠯᠤᠨ | ᠳᠣᠲᠣᠭᠠᠳᠤ ᠶᠢ ᠬᠠᠮᠠᠭᠠᠯᠠᠬᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠥᠮᠥᠷᠭᠡ ᠳᠣᠲᠣᠷᠠᠬᠢ ᠬᠥᠮᠦᠨ ᠤ ᠳᠦᠷᠰᠦ ᠶᠢᠨ ᠮᠡᠳᠡᠭᠡ ᠵᠠᠩᠭᠢ ᠶᠢ ᠢᠯᠭᠠᠨ | ᠲᠠᠨᠢᠵᠤ ᠬᠠᠷᠢᠴᠠᠭᠤᠯᠤᠨ᠂ ᠪᠡᠶ᠎ᠡ ᠶᠢᠨ ᠭᠠᠷᠤᠯ ᠢ ᠨᠢ ᠬᠢᠨᠠᠨ ᠰᠢᠯᠭᠠᠨ᠎ᠠ᠃ | ᠣᠶᠢᠷ᠎ᠠ ᠶᠢᠨ ᠵᠢᠯ ᠳᠤ᠂ ᠦᠨᠡᠨ ᠨᠡᠷ᠎ᠡ ᠶᠢᠨ ᠲᠦᠷᠢᠮ ᠤᠨ ᠰᠢᠯᠭᠠᠨ ᠪᠠᠲᠤᠯᠠᠬᠤ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠬᠤ ᠶᠢ ᠳᠠᠭᠠᠯᠳᠤᠨ᠂ | ᠬᠦᠴᠦᠨ ᠪᠥᠬᠦᠶ ᠭᠡᠷᠡᠴᠢ ᠦᠨᠡᠮᠯᠡᠯ ᠠᠪᠤᠭᠰᠠᠨ ᠥᠬᠡᠶ ᠣᠯᠠᠨ ᠲᠦᠮᠡᠨ ᠤ ᠪᠠᠭᠤᠳᠠᠯ ᠳᠤ ᠪᠠᠭᠤᠬᠤ ᠳᠤ ᠮᠠᠰᠢ ᠣᠯᠠᠨ ᠳᠥᠭᠦᠮ ᠦᠭᠡᠢ ᠵᠦᠢᠯ ᠢ ᠠᠪᠴᠢᠷᠠᠵᠠᠢ᠃ | ᠬᠠᠤᠯᠢ ᠶᠣᠰᠣᠨ ᠤ ᠬᠦᠴᠦᠨ ᠲᠠᠢ ᠪᠡᠶ᠎ᠡ ᠶᠢᠨ ᠦᠨᠡᠮᠯᠡᠯ ᠦᠭᠡᠢ ᠠᠶᠠᠨᠴᠢᠳ ᠬᠡᠷᠬᠢᠨ ᠪᠠᠭᠤᠳᠠᠯ ᠳᠤ ᠪᠠᠭᠤᠬᠤ᠂ ᠬᠡᠷᠬᠢᠨ ᠪᠠᠭᠤᠳᠠᠯ ᠤᠨ ᠦᠢᠯᠡᠰ ᠤᠨ ᠠᠮᠤᠷ ᠢ | ᠬᠠᠮᠠᠭᠠᠯᠠᠬᠤ ᠠᠵᠢᠯ ᠢ ᠰᠠᠶᠢᠲᠤᠷ ᠬᠢᠬᠦ ᠮᠦᠷᠳᠡᠭᠡᠨ ᠥᠷᠭᠡᠨ ᠣᠯᠠᠨ ᠲᠦᠮᠡᠨ ᠳᠤ ᠨᠠᠩ ᠰᠠᠶᠢᠨ ᠳᠥᠭᠦᠮ ᠦᠢᠯᠡᠴᠢᠯᠡᠭᠡ ᠬᠠᠩᠭᠠᠬᠤ ᠨᠢ ᠮᠠᠨ ᠤ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠶᠢᠨ ᠰᠦᠪᠡᠭᠴᠢᠯᠡᠬᠦ ᠰᠡᠳᠦᠪ ᠪᠣᠯᠤᠭᠰᠠᠭᠠᠷ | ᠢᠷᠡᠵᠡᠶ᠃ ᠠᠮᠤᠷ ᠢ ᠬᠠᠮᠠᠭᠠᠯᠠᠬᠤ ᠰᠠᠯᠪᠤᠷᠢ ᠠᠩᠭᠢ ︽ᠦᠨᠡᠮᠯᠡᠯ ᠦᠭᠡᠢ ᠪᠠᠷ ᠣᠷᠣᠵᠤ ᠰᠠᠭᠤᠬᠤ︾ ᠰᠢᠰᠲ᠋ᠧᠮ ᠢ ᠣᠯᠠᠨ ᠤᠳᠠᠭ᠎ᠠ ᠪᠠᠶᠢᠴᠠᠭᠠᠨ ᠰᠤᠳᠤᠯᠵᠤ᠂ | ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠠᠵᠢᠯ ᠢ ᠥᠩᠭᠡᠷᠡᠭᠦᠯᠦᠭᠰᠡᠨ ᠤ ᠳᠠᠷᠠᠭ᠎ᠠ᠂ 2017 ᠣᠨ ᠤ 12 ᠳ᠋ᠤᠭᠠᠷ ᠰᠠᠷ᠎ᠠ ᠠᠴᠠ ᠡᠬᠢᠯᠡᠨ ᠮᠠᠨ ᠤ | ᠬᠤᠲᠠ ᠶᠢᠨ ᠪᠠᠭᠤᠳᠠᠯ ᠤᠨ ᠦᠢᠯᠡᠰ ᠤᠨ ᠬᠢᠨ ᠳᠤ ᠪᠥᠬᠦ ᠲᠠᠯ᠎ᠠ ᠪᠠᠷ ᠳᠡᠯᠭᠡᠷᠡᠭᠦᠯᠪᠡ᠃ ᠬᠦᠴᠦᠨ ᠪᠥᠬᠦᠶ ᠪᠡᠶ᠎ᠡ ᠶᠢᠨ ᠦᠨᠡᠮᠯᠡᠯ ᠠᠪᠤᠭᠰᠠᠨ ᠥᠬᠡᠶ ᠪᠠᠭᠤᠳᠠᠯ | ᠳᠤ ᠪᠠᠭᠤᠬᠤ ᠠᠶᠠᠨᠴᠢᠳ ᠪᠠᠭᠤᠳᠠᠯ ᠤᠨ ᠡᠮᠦᠨ᠎ᠡ ᠲᠠᠪᠴᠠᠩ ᠳᠤ ︽ᠦᠨᠡᠮᠯᠡᠯ ᠥᠬᠡᠶ ᠪᠠᠷ ᠣᠷᠣᠵᠤ ᠰᠠᠭᠤᠬᠤ ᠪᠡᠶ᠎ᠡ ᠶᠢᠨ ᠭᠠᠷᠤᠯ ᠢ ᠭᠡᠷᠡᠴᠢᠯᠡᠬᠦ ᠰᠢᠰᠲ᠋ᠧᠮ︾ | ᠤᠨ ᠡᠷᠢᠶᠡᠨ ᠴᠣᠬᠤᠷ ᠢ ᠰᠢᠷᠪᠢᠵᠦ ᠬᠤᠪᠢ ᠬᠥᠮᠦᠨ ᠤ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ ᠵᠢᠴᠢ ᠬᠤᠪᠢ ᠬᠥᠮᠦᠨ ᠤ ᠨᠢᠭᠤᠷ ᠤᠨ ᠭᠤᠷᠪᠠᠨ | ᠬᠡᠷᠡᠯ ᠵᠢᠷᠤᠭ ᠰᠡᠭᠦᠳᠡᠷᠯᠡᠨ ᠭᠤᠶᠤᠴᠢᠯᠠᠬᠤ ᠮᠡᠳᠡᠭᠡ ᠵᠠᠩᠭᠢ ᠪᠠᠨ ᠳᠤᠲᠤᠭᠠᠳᠤ ᠶᠢ ᠬᠠᠮᠠᠭᠠᠯᠠᠬᠤ ᠠᠷᠤ ᠲᠠᠪᠴᠠᠩ ᠳᠤ ᠲᠤᠰᠢᠶᠠᠨ᠎ᠠ᠃ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠠᠷᠤ ᠲᠠᠪᠴᠠᠩ ᠤᠨ ᠰᠢᠰᠲ᠋ᠧᠮ ᠨᠢ ᠪᠦᠬᠦ ᠤᠯᠤᠰ ᠤᠨ ᠬᠥᠮᠦᠨ ᠠᠮᠠ ᠶᠢᠨ ᠬᠥᠮᠥᠷᠭᠡ ᠳᠤ ᠪᠡᠶ᠎ᠡ ᠶᠢᠨ ᠭᠠᠷᠤᠯ ᠤᠨ ᠮᠡᠳᠡᠭᠡ | ᠵᠠᠩᠭᠢ ᠶᠢ ᠬᠠᠷᠭᠤᠭᠤᠯᠤᠨ ᠪᠠᠶᠢᠴᠠᠭᠠᠬᠤ ᠠᠵᠢᠯ ᠢ ᠠᠶᠠᠨᠳᠠᠭᠠᠨ ᠪᠡᠶᠡᠯᠡᠭᠦᠯᠬᠦ ᠶᠢᠨ ᠬᠠᠮᠳᠤ ᠠᠶᠠᠨᠴᠢᠳ ᠤᠨ ᠳᠡᠭᠡᠭᠰᠢ ᠳᠠᠮᠵᠢᠭᠤᠯᠤᠭᠰᠠᠨ ᠭᠤᠷᠪᠠᠨ ᠨᠢᠭᠤᠷ ᠤᠨ | ᠵᠢᠷᠤᠭ ᠰᠡᠭᠦᠳᠡᠷ ᠢ ᠪᠦᠬᠦ ᠤᠯᠤᠰ ᠤᠨ ᠬᠥᠮᠦᠨ ᠠᠮᠠ ᠶᠢᠨ ᠬᠥᠮᠥᠷᠭᠡ ᠠᠴᠠ ᠣᠯᠤᠭᠰᠠᠨ ᠠᠶᠠᠨᠴᠢᠳ ᠤᠨ ᠪᠡᠶ᠎ᠡ ᠶᠢᠨ ᠦᠨᠡᠮᠯᠡᠯ ᠤᠨ ᠰᠡᠭᠦᠳᠡᠷ ᠲᠠᠢ 1᠄ 1 ᠶᠢᠨ | ᠠᠳᠠᠯᠢᠳᠬᠠᠯ ᠬᠢᠨ᠎ᠡ᠃ ᠪᠦᠬᠦ ᠶᠠᠪᠤᠴᠠ ᠳᠤ ᠠᠷᠠᠳ ᠤᠨ ᠴᠠᠭᠳᠠᠭ᠎ᠠ ᠬᠥᠮᠦᠨ ᠤ ᠬᠦᠴᠦ ᠤᠷᠤᠯᠴᠠᠬᠤ ᠴᠢᠬᠤᠯᠠ ᠦᠭᠡᠢ᠂ ᠰᠢᠰᠲ᠋ᠧᠮ ᠠᠴᠠ ᠠᠶᠠᠨᠴᠢᠳ ᠤᠨ | ᠪᠡᠶ᠎ᠡ ᠶᠢᠨ ᠭᠠᠷᠤᠯ ᠤᠨ ᠭᠡᠷᠡᠴᠢᠯᠡᠭᠡ ᠶᠢ ᠠᠶᠠᠨᠳᠠᠭᠠᠨ ᠪᠡᠶᠡᠯᠡᠭᠦᠯᠵᠦ᠂ ᠬᠥᠮᠦᠨ ᠤ ᠵᠢᠰᠦ ᠶᠢ ᠢᠯᠭᠠᠨ ᠲᠠᠨᠢᠵᠤ ᠬᠦᠮᠦᠨ ᠪᠠ ᠵᠢᠷᠤᠭ ᠳᠦᠷᠰᠦ ᠨᠢ ᠨᠢᠭᠡᠳᠦᠯᠳᠡᠢ | ᠪᠣᠯ ᠲᠠᠷᠤᠢ ᠪᠠᠭᠤᠳᠠᠯ ᠳᠤ ᠪᠠᠭᠤᠬᠤ ᠭᠠᠷ ᠭᠦᠢᠴᠡᠳᠭᠡᠯ ᠬᠢᠵᠦ ᠪᠤᠯᠤᠨ᠎ᠠ᠂ ᠲᠣᠮᠢᠯᠠᠭᠰᠠᠨ ᠰᠠᠯᠪᠤᠷᠢ ᠳᠤ ᠣᠴᠢᠵᠤ ᠬᠤᠨᠤᠵᠤ ᠰᠠᠭᠤᠬᠤ ᠭᠡᠷᠡᠴᠢ ᠪᠠᠷᠢᠮᠲᠠ | ᠬᠢᠯᠭᠡᠭᠰᠡᠨ ᠤ ᠬᠡᠷᠡᠭ ᠦᠭᠡᠢ᠃ | ᠥᠩᠭᠡᠷᠡᠭᠰᠡᠨ ᠳᠤ ᠪᠠᠭᠤᠳᠠᠯ ᠤᠨ ᠦᠢᠯᠡᠰ ᠨᠢ ᠴᠥᠮ ᠬᠥᠮᠦᠨ ᠤ ᠬᠦᠴᠦᠨ ᠳᠤ ᠲᠦᠰᠢᠭᠯᠡᠨ ᠣᠷᠣᠵᠤ ᠰᠠᠭᠤᠭᠰᠠᠳ ᠪᠣᠯᠤᠨ ᠲᠡᠭᠦᠨ ᠤ ᠬᠠᠩᠭᠠᠭᠰᠠᠨ | ᠪᠡᠶ᠎ᠡ ᠶᠢᠨ ᠦᠨᠡᠮᠯᠡᠯ ᠤᠨ ᠨᠢᠭᠡᠳᠦᠯᠲᠡᠶ ᠡᠰᠡᠬᠦ ᠶᠢ ᠨᠢᠳᠦ ᠪᠠᠷ ᠢᠯᠭᠠᠨ ᠲᠠᠨᠢᠵᠤ᠂ ᠬᠠᠷᠭᠤᠭᠤᠯᠤᠨ ᠪᠠᠶᠢᠴᠠᠭᠠᠬᠤ ᠪᠠ ᠠᠳᠠᠯᠢᠳᠬᠠᠬᠤ ᠠᠷᠭ᠎ᠠ ᠮᠠᠶ᠋ᠢᠭ ᠨᠢ | ᠳᠥᠭᠦᠮ᠂ ᠪᠦᠳᠦᠭᠦᠯᠢᠭ᠂ ᠦᠷ᠎ᠡ ᠠᠰᠢᠭ ᠢᠶᠠᠷ ᠳᠣᠣᠷ᠎ᠠ ᠶᠠᠪᠤᠭᠳᠠᠵᠤ᠂ ᠵᠠᠷᠢᠮ ᠠᠵᠢᠯᠲᠠᠨ ᠶᠡᠷᠦ ᠠᠴᠠ ᠲᠣᠰ ᠪᠡᠶ᠎ᠡ ᠶᠢᠨ ᠦᠨᠡᠮᠯᠡᠯ ᠨᠢ ᠣᠷᠣᠵᠤ | ᠰᠠᠭᠤᠭᠰᠠᠳ ᠲᠠᠢ ᠠᠳᠠᠯᠢ ᠨᠢᠭᠡ ᠬᠥᠮᠦᠨ ᠮᠥᠨ ᠡᠰᠡᠬᠦ ᠶᠢ ᠪᠠᠶᠢᠴᠠᠭᠠᠨ ᠰᠢᠯᠭᠠᠬᠤ ᠦᠭᠡᠢ᠂ ᠤᠷᠲᠤ ᠬᠤᠭᠤᠴᠠᠭᠠᠨ ᠤ ᠳᠠᠩ ᠭᠠᠭᠴᠠ ᠴᠢᠨᠠᠷ ᠪᠦᠬᠦᠢ | ᠭᠡᠷᠡᠴᠢᠯᠡᠬᠦ ᠠᠵᠢᠯ ᠨᠢ ᠬᠥᠮᠦᠨ ᠢ ᠠᠮᠠᠷᠬᠠᠨ ᠶᠠᠳᠠᠷᠠᠭᠤᠯᠬᠤ ᠪᠠ ᠰᠣᠨᠣᠷ ᠰᠡᠷᠡᠮᠵᠢ ᠪᠠᠨ ᠰᠤᠯᠠᠷᠠᠭᠤᠯᠳᠠᠭ᠃ ᠡᠭᠦᠨ ᠤ ᠬᠠᠮᠲᠤ ᠵᠠᠷᠢᠮ ᠬᠠᠭᠤᠷᠮᠠᠭᠯᠠᠨ | ᠵᠣᠬᠢᠶᠠᠭᠰᠠᠨ ᠮᠡᠳᠡᠭᠡ ᠵᠠᠩᠭᠢ ᠶᠢ ᠢᠯᠭᠠᠨ ᠲᠠᠨᠢᠵᠤ ᠴᠢᠳᠠᠬᠤ ᠦᠭᠡᠢ᠂ ︽ᠨᠠᠷᠢᠯᠢᠭᠵᠢᠭᠰᠠᠨ᠂ ᠣᠳᠣᠬᠢᠴᠢᠯᠠᠭᠰᠠᠨ᠂ ᠤᠶᠤᠨᠴᠢᠯᠠᠭᠰᠠᠨ︾ ᠱᠠᠭᠠᠷᠳᠠᠯᠭ᠎ᠠ ᠳᠤ | ᠬᠦᠷᠬᠦ ᠳᠤ ᠪᠡᠷᠬᠡ ᠪᠠᠶᠢᠵᠤ᠂ ᠪᠠᠭᠤᠳᠠᠯ ᠤᠨ ᠦᠢᠯᠡᠰ ᠤᠨ ᠵᠢᠭᠰᠠᠭᠠᠯ ᠤᠨ ᠭᠠᠵᠠᠷ ᠤᠨ ᠬᠠᠮᠢᠶᠠᠷᠤᠨ ᠡᠵᠡᠮᠳᠡᠬᠦ ᠪᠠ ᠪᠣᠳᠠᠲᠤ ᠪᠠᠶᠢᠯᠳᠤᠭᠠᠨ ᠤ ᠦᠷ᠎ᠡ | ᠪᠦᠲᠦᠮᠵᠢ ᠶᠢ ᠬᠦᠨᠳᠦ ᠨᠣᠴᠢᠲᠠᠶ ᠨᠦᠯᠦᠭᠡᠯᠡᠳᠡᠭ᠃ ︽ᠬᠥᠮᠦᠨ ᠪᠠ ᠭᠡᠷᠡᠴᠢ ᠶᠢ ᠬᠢᠨᠠᠨ ᠰᠢᠯᠭᠠᠬᠤ︾ ᠰᠢᠰᠲ᠋ᠧᠮ ᠨᠢ ᠬᠠᠷᠢᠨ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢ ᠤᠩᠰᠢᠵᠤ᠂ ᠲᠤᠬᠠᠶ ᠶᠢᠨ ᠲᠠᠯᠠᠪᠤᠷ ᠤᠨ ᠵᠠᠪᠳᠤᠨ ᠰᠡᠭᠦᠳᠡᠷᠯᠡᠭᠰᠡᠨ ᠨᠢᠭᠤᠷ ᠴᠢᠷᠠᠶ ᠶᠢᠨ ᠵᠢᠷᠤᠭ ᠲᠠᠢ ᠠᠦ᠋ᠲ᠋ᠤ᠋ ᠬᠠᠷᠢᠴᠠᠭᠤᠯᠪᠠᠯ ᠬᠤᠶᠠᠷᠬᠠᠨ | ᠰᠧᠺᠥ᠋ᠨ᠋ᠲ ᠬᠡᠷᠡᠭᠰᠡᠪᠡᠯ ᠬᠥᠮᠦᠨ ᠭᠡᠷᠡᠴᠢ ᠶᠢᠨ ᠬᠢᠨᠠᠨ ᠪᠠᠶᠢᠴᠠᠭᠠᠯᠲᠠ ᠶᠢ ᠪᠡᠶᠡᠯᠡᠭᠦᠯᠳᠡᠭ᠃ ︽ᠬᠥᠮᠦᠨ ᠬᠡᠷᠡᠴᠢ ᠶᠢ ᠬᠢᠨᠠᠨ ᠰᠢᠯᠭᠠᠬᠤ︾ ᠰᠢᠰᠲ᠋ᠧᠮ ᠨᠢ | ᠪᠠᠭᠤᠳᠠᠯ ᠤᠨ ᠬᠠᠮᠢᠶᠠᠷᠤᠯᠲᠠ ᠶᠢᠨ ᠳᠤᠮᠳᠠ ᠡᠮᠦᠨ᠎ᠡ ᠲᠠᠪᠴᠠᠩ ᠤᠨ ᠬᠥᠮᠦᠨ ᠤ ᠵᠢᠷᠤᠭ ᠲᠥᠷᠰᠦ ᠶᠢ ᠴᠤᠭᠯᠠᠭᠤᠯᠬᠤ ᠲᠥᠬᠦᠭᠡᠷᠦᠮᠵᠢ ᠪᠠᠷ ᠳᠠᠮᠵᠢᠨ᠂ ︽ | ᠦᠨᠡᠨ ᠨᠡᠷ᠎ᠡ᠂ ᠦᠨᠡᠨ ᠪᠠᠶᠢᠳᠠᠯ᠂ ᠦᠨᠡᠨ ᠲᠤᠭ᠎ᠠ᠂ ᠦᠨᠡᠨ ᠴᠠᠭ︾ ᠤᠨ ᠱᠠᠭᠠᠷᠳᠠᠯᠭ᠎ᠠ ᠶᠣᠰᠣᠭᠠᠷ᠂ ᠣᠷᠣᠵᠤ ᠰᠠᠭᠤᠭᠰᠠᠨ ᠠᠶᠠᠨᠴᠢᠳ ᠤᠨ ᠲᠤᠬᠠᠶ ᠶᠢᠨ | ᠲᠠᠯᠠᠪᠤᠷ ᠤᠨ ᠬᠥᠮᠦᠨ ᠤ ᠵᠢᠷᠤᠭ ᠲᠦᠷᠰᠦ ᠶᠢᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠴᠤᠭᠯᠠᠭᠤᠯᠵᠤ᠂ ᠬᠤᠲᠠ ᠶᠢᠨ ᠲᠣᠪᠴᠢᠶᠠᠨ ᠤ ᠪᠠᠭᠤᠳᠠᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠶ ᠳᠤᠨᠢ ᠳᠠᠮᠵᠢᠭᠤᠯᠵᠤ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ | ᠬᠥᠮᠦᠨ ᠠᠮᠠ ᠶᠢᠨ ᠮᠡᠳᠡᠭᠡ ᠵᠠᠩᠭᠢ ᠶᠢᠨ ᠲᠠᠪᠴᠠᠩ ᠲᠠᠢ 1᠄ 1 ᠶᠢᠨ ᠭᠡᠷᠡᠯ ᠵᠢᠷᠤᠭ ᠤᠨ ᠡᠷᠢᠯᠲᠡ ᠬᠠᠷᠢᠴᠠᠭᠤᠯᠤᠯ ᠬᠢᠵᠦ᠂ ᠬᠥᠮᠦᠨ ᠤ ᠲᠥᠷᠰᠦ ᠶᠢ ᠢᠯᠭᠠᠨ | ᠲᠠᠨᠢᠭᠰᠠᠨ ᠦᠷ᠎ᠡ ᠳ᠋ᠦᠩ ᠢ ᠦᠨᠳᠦᠰᠦᠯᠡᠨ᠂ ᠬᠥᠮᠦᠨ ᠳᠥᠷᠰᠦ ᠨᠢ ᠨᠢᠭᠡᠳᠦᠯᠲᠡᠢ ᠪᠣᠯ ᠣᠷᠣᠵᠤ ᠰᠠᠭᠤᠵᠤ ᠪᠣᠯᠤᠨ᠎ᠠ᠂ ᠡᠰᠡ ᠲᠡᠭᠡᠪᠡᠯ ᠠᠶᠠᠨᠴᠢᠳ ᠣᠷᠣᠵᠤ | ᠰᠠᠭᠤᠬᠤ ᠳᠠᠩᠰᠠᠯᠠᠯ ᠵᠢᠴᠢ ᠳᠤᠲᠤᠭᠠᠳᠤ ᠶᠢ ᠬᠠᠮᠠᠭᠠᠯᠠᠬᠤ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ ᠲᠠᠮᠵᠢᠭᠤᠯᠬᠤ ᠵᠡᠷᠭᠡ | ᠵᠠᠯᠭᠠᠮᠵᠢ ᠠᠵᠢᠯᠯᠠᠭ᠎ᠠ ᠶᠢ ᠪᠡᠶᠡᠯᠡᠭᠦᠯᠬᠦ ᠶᠢᠨ ᠠᠷᠭ᠎ᠠ ᠦᠭᠡᠢ ᠪᠣᠯᠤᠨ᠎ᠠ᠃ ᠡᠨᠡ ᠨᠢ ᠬᠠᠭᠤᠷᠮᠠᠭ ᠦᠨᠡᠮᠯᠡᠯ᠂ ᠪᠤᠰᠤᠳ ᠤᠨ ᠪᠡᠶ᠎ᠡ ᠶᠢᠨ ᠦᠨᠡᠮᠯᠡᠯ ᠶᠢ ᠬᠡᠷᠡᠭᠯᠡᠵᠦ | ᠪᠠᠭᠤᠳᠠᠯ ᠳᠤ ᠤᠷᠤᠵᠤ ᠰᠠᠭᠤᠬᠤ᠂ ᠨᠢᠭᠡ ᠬᠥᠮᠦᠨ ᠲᠠᠩᠰᠠᠯᠠᠭᠤᠯᠤᠭᠠᠳ ᠣᠯᠠᠨ ᠬᠥᠮᠦᠨ ᠣᠷᠣᠵᠤ ᠰᠠᠭᠤᠬᠤ ᠪᠠᠶᠢᠳᠠᠯ ᠭᠠᠷᠬᠤ ᠶᠢ ᠬᠤᠷᠢᠭᠯᠠᠵᠤ ᠴᠢᠳᠠᠨ᠎ᠠ᠃ | ᠳᠤᠲᠠᠭᠠᠵᠤ ᠪᠠᠶᠢᠭ᠎ᠠ ᠬᠥᠮᠦᠰ᠂ ᠬᠠᠷᠠᠵᠤ ᠡᠵᠡᠮᠳᠡᠵᠦ ᠪᠠᠶᠢᠭ᠎ᠠ ᠡᠲᠡᠭᠡᠳ᠂ ᠬᠤᠤᠷ ᠲᠠᠲᠠᠭᠰᠠᠨ ᠬᠥᠮᠦᠰ᠂ ᠶᠠᠯ᠎ᠠ ᠬᠢᠵᠦ ᠥᠩᠭᠡᠷᠡᠭᠰᠡᠨ ᠬᠦᠮᠦᠨ ᠵᠡᠷᠭᠡ | ᠬᠠᠤᠯᠢ ᠠᠴᠠ ᠵᠥᠷᠢᠴᠡᠭᠰᠡᠨ ᠬᠥᠮᠦᠰ ᠢ ᠬᠠᠮᠢᠶᠠᠷᠤᠨ ᠡᠵᠡᠮᠳᠡᠬᠦ ᠡᠷᠴᠢᠮ ᠢ ᠳᠡᠭᠡᠭᠰᠢᠯᠡᠭᠦᠯᠵᠦ᠂ ᠪᠠᠭᠤᠳᠠᠯ ᠤᠨ ᠦᠢᠯᠡᠰ ᠤᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢ ᠴᠢᠩᠭᠠᠳᠬᠠᠪᠠ᠃ | ︽ᠦᠨᠡᠮᠯᠡᠯ ᠦᠭᠡᠢ ᠪᠠᠷ ᠣᠷᠣᠵᠤ ᠰᠠᠭᠤᠬᠤ︾ ᠰᠢᠰᠲ᠋ᠧᠮ ᠪᠠ ︽ᠬᠥᠮᠦᠨ ᠭᠡᠷᠡᠴᠢ ᠶᠢ ᠬᠢᠨᠠᠨ ᠰᠢᠯᠭᠠᠬᠤ︾ ᠰᠢᠰᠲ᠋ᠧᠮ ᠢ ᠳᠡᠯᠭᠡᠷᠡᠭᠦᠯᠦᠨ | ᠬᠡᠷᠡᠭᠯᠡᠬᠦ ᠪᠠᠷ ᠳᠠᠮᠵᠢᠭᠤᠯᠤᠨ᠂ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠰᠢᠯᠢᠳᠡᠭᠵᠢᠭᠦᠯᠵᠦ᠂ ᠦᠨᠳᠦᠰᠦᠨ ᠱᠠᠲᠤᠨ ᠤ | ᠠᠷᠠᠳ ᠤᠨ ᠴᠠᠭᠳᠠᠭ᠎ᠠ ᠶᠢᠨ ᠳᠠᠷᠤᠭᠠᠰᠤ ᠶᠢ ᠬᠥᠩᠭᠡᠷᠡᠭᠦᠯᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠦᠢᠯᠡᠴᠢᠯᠡᠪᠡ᠃ ᠪᠡᠶ᠎ᠡ ᠶᠢᠨ ᠦᠨᠡᠮᠯᠡᠯ ᠠᠪᠤᠭᠰᠠᠨ | ᠦᠭᠡᠢ ᠠᠶᠠᠨᠴᠢᠳ ᠢ ᠡᠮᠦᠨ᠎ᠡ ᠲᠠᠪᠴᠠᠩ ᠳᠤ ᠬᠥᠮᠦᠨ ᠤ ᠵᠢᠰᠦ ᠶᠢ ᠢᠯᠭᠠᠨ ᠲᠠᠨᠢᠵᠤ ᠬᠠᠷᠭᠤᠭᠤᠯᠬᠤ ᠪᠠᠷ ᠳᠠᠮᠵᠢᠨ ᠪᠠᠭᠤᠳᠠᠯ ᠳᠤ ᠤᠷᠤᠭᠤᠯᠵᠤ ᠰᠠᠭᠤᠯᠭᠠᠵᠤ | ᠪᠤᠯᠤᠨ᠎ᠠ᠂ ᠣᠯᠠᠨ ᠲᠦᠮᠡᠨ ᠤ ᠣᠷᠣᠵᠤ ᠰᠠᠭᠤᠬᠤ ᠳᠤ ᠳᠥᠭᠦᠮ ᠦᠵᠡᠭᠦᠯᠵᠦ᠂ ᠣᠯᠠᠨ ᠲᠦᠮᠡᠨ ᠤ ᠤᠴᠢᠷ ᠶᠠᠪᠤᠳᠠᠯ ᠭᠦᠢᠴᠡᠳᠭᠡᠬᠦ ᠴᠠᠭ ᠢ ᠪᠠᠭᠠᠰᠬᠠᠵᠤ᠂ | ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠭᠰᠡᠨ ᠤ ᠬᠠᠮᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠭᠤᠳᠠᠯ ᠤᠨ | ᠬᠠᠮᠢᠶᠠᠷᠤᠯᠲᠠ ᠶᠢᠨ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢᠨ ᠬᠤᠨᠤᠭ ᠤᠨ ᠭᠡᠷᠡᠴᠢ ᠬᠢᠵᠦ ᠥᠭᠬᠦ | ᠳᠠᠷᠤᠭᠠᠰᠤ ᠶᠢ ᠬᠥᠩᠭᠡᠷᠡᠭᠦᠯᠵᠡᠶ᠃ ᠣᠯᠠᠨ ᠲᠦᠮᠡᠨ ᠳᠤ ᠳᠥᠭᠦᠮ ᠦᠵᠡᠭᠦᠯᠦᠭᠰᠡᠨ ᠮᠥᠷᠲᠡᠭᠡᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠬᠠᠮᠢᠶᠠᠷᠬᠤ᠂ ᠠᠷᠠᠳ ᠲᠤ ᠳᠥᠭᠦᠮ ᠦᠵᠡᠭᠦᠯᠬᠦ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠬᠦ ᠪᠠᠶᠢᠳᠠᠯ ᠢ ᠪᠦᠷᠢᠯᠳᠦᠭᠦᠯᠵᠡᠢ᠃ | 18.ᠬᠠᠮᠢᠶᠠᠷᠤᠭᠴᠢ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠶ ᠵᠧᠨ ᠬᠤᠩ᠂ | ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠯᠢ ᠵᠢᠶᠠᠨ ᠮᠢᠩ ᠳᠡᠳ᠋ ᠠᠩᠭᠢ ᠶᠢᠨ ᠳᠠᠷᠤᠭ᠎ᠠ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ | ᠰᠠᠯᠪᠤᠷᠢ ᠠᠩᠭᠢ ᠶᠢᠨ ᠣᠨᠴᠠᠭᠠᠢ ᠡᠭᠦᠷᠭᠡ ᠬᠦᠢᠴᠡᠳᠭᠡᠬᠦ ᠶᠡᠭᠡ ᠠᠩᠭᠢ ᠶᠢᠨ ᠺᠠᠩ ᠢᠦᠶ ᠵᠢᠭᠠᠨ ᠵᠢᠯᠣᠭᠤᠳᠤᠭᠴᠢ ᠳᠤ ᠲᠠᠯᠠᠷᠬᠠᠵᠤ ᠪᠠᠶᠢᠨ᠎ᠠ᠂ ᠰᠦᠯᠵᠢᠶᠡᠨ | ᠠᠨᠳᠠ ᠨᠠᠷ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠂ ᠡᠨᠡ ᠳ᠋ᠤᠭᠠᠷ ᠤᠨ ᠰᠤᠷᠪᠤᠯᠵᠢᠯᠠᠭ᠎ᠠ ᠠᠳᠡ ᠬᠦᠷᠦᠭᠡᠳ | ᠦᠨᠳᠦᠷᠯᠡᠯ᠎ᠡ᠂ ᠪᠠᠶᠠᠷᠯᠠᠯ᠎ᠠ᠃ |