︽ᠬᠥᠬᠡᠬᠤᠲᠠ ᠶᠢᠨ ᠥᠨᠳᠥᠷ ᠴᠢᠨᠠᠷ ᠲᠡᠰ ᠪᠦᠬᠦᠢ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠪᠦᠲᠦᠭᠡᠨ ᠪᠠᠶᠢᠭᠤᠯᠬᠤ ᠵᠢᠯᠣᠭᠤᠳᠬᠤ ᠰᠠᠨᠠᠯ ︾ ︽ᠬᠥᠬᠡᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ︾ ︽ᠬᠥᠬᠡᠬᠤᠲᠠ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/11/12
           ᠬᠥᠬᠡᠬᠤᠲᠠ ᠵᠠᠰᠠᠭ ᠠᠯᠪᠠᠨ ᠦᠰᠦᠭ ﹇2020﹈ 25 ᠳ᠋ᠤᠭᠠᠷ ᠲᠣᠭᠠᠲᠤ            2020 ᠣᠨ ᠤ 5 ᠳ᠋ᠤᠭᠠᠷ ᠰᠠᠷ᠎ᠠ ᠶᠢᠨ 13 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ︽ᠬᠥᠬᠡᠬᠤᠲᠠ ᠶᠢᠨ ᠥᠨᠳᠥᠷ ᠴᠢᠨᠠᠷ ᠲᠡᠰ ᠪᠦᠬᠦᠢ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠪᠦᠲᠦᠭᠡᠨ ᠪᠠᠶᠢᠭᠤᠯᠬᠤ ᠵᠢᠯᠣᠭᠤᠳᠬᠤ ᠰᠠᠨᠠᠯ︾ ︽ᠬᠥᠬᠡᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ︾ ︽ᠬᠥᠬᠡᠬᠤᠲᠠ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ︾ ᠬᠤᠲᠠ ᠶᠢᠨ ᠠᠷᠠᠳ ᠤᠨ ᠵᠠᠰᠠᠭ ᠤᠨ ᠣᠷᠳᠣᠨ  ᠢᠶᠠᠷ ᠵᠦᠪᠰᠢᠶᠡᠷᠡᠭᠦᠯᠦᠨ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃     ᠬᠥᠬᠡᠬᠤᠲᠠ ᠶᠢᠨ ᠥᠨᠳᠥᠷ ᠴᠢᠨᠠᠷ ᠲᠡᠰ ᠪᠦᠬᠦᠢ ᠣᠨᠴᠠᠯᠢᠭᠲᠤ ᠬᠤᠳᠠᠯᠳᠤᠭᠠᠨ ᠤ     ᠶᠠᠪᠠᠭᠠᠨ ᠵᠡᠭᠡᠯᠢ ᠶᠢ ᠪᠦᠲᠦᠭᠡᠨ ᠪᠠᠶᠢᠭᠤᠯᠬᠤ ᠵᠢᠯᠣᠭᠤᠳᠬᠤ ᠰᠠᠨᠠᠯ     ︽ᠬᠡᠷᠡᠭᠯᠡᠭᠡ ᠶᠢ ᠠᠬᠢᠭᠤᠯᠬᠤ ᠪᠠᠶᠢᠭᠤᠯᠤᠯ ᠤᠨ ᠲᠤᠭᠲᠠᠴᠠ ᠶᠢ ᠲᠡᠭᠦᠯᠳᠡᠷᠵᠢᠭᠦᠯᠵᠦ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠦᠪ ᠲᠠᠷᠬᠠᠭᠠᠭᠰᠠᠨ ﹇2018﹈ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ︽ᠭᠦᠢᠯᠭᠡᠭᠡ ᠶᠢᠨ ᠬᠥᠭᠵᠢᠯᠲᠡ ᠶᠢ ᠲᠦᠷᠭᠡᠳᠬᠡᠵᠦ ᠬᠤᠳᠠᠯᠳᠤᠭᠠᠨ ᠤ ᠬᠡᠷᠡᠭᠯᠡᠭᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 42 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠪᠦᠯᠦᠭ ᠢᠯᠡ ᠲᠣᠳᠣ ᠭᠠᠵᠠᠷ ᠣᠷᠣᠨ ᠤ ᠣᠨᠴᠠᠯᠢᠭ ᠲᠠᠢ᠂ ᠦᠨᠳᠦᠰᠦᠲᠡᠨ ᠤ ᠵᠠᠩ ᠦᠢᠯᠡ ᠪᠠ ᠵᠣᠬᠢᠬᠤ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ᠂ ᠠᠵᠢᠯ ᠲᠥᠷᠥᠯ ᠤᠨ ᠨᠥᠯᠥᠭᠡᠯᠡᠬᠦ ᠬᠦᠴᠦᠨ ᠢ ᠬᠠᠪᠰᠤᠷᠭᠠᠭᠰᠠᠨ ᠬᠤᠳᠠᠯᠳᠤᠭᠠᠨ ᠤ ᠵᠡᠭᠡᠯᠢ ᠶᠢ ᠬᠥᠮᠥᠵᠢᠭᠦᠯᠦᠨ ᠬᠥᠭᠵᠢᠭᠦᠯᠵᠦ᠂ ᠲᠥᠪ ᠬᠤᠲᠠ ᠶᠢᠨ ᠠᠵᠤ ᠠᠬᠤᠶ  ᠶᠢ ᠬᠥᠭᠵᠢᠶᠡᠨ ᠲᠠᠢ ᠪᠣᠯᠭᠠᠵᠤ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ᠂ ᠣᠨᠴᠣᠭᠤᠶᠢᠯᠠᠨ ᠲᠣᠰ ᠵᠢᠯᠣᠭᠤᠳᠬᠤ ᠰᠠᠨᠠᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠤᠯᠤᠰ ᠤᠨ ᠳᠣᠲᠣᠭᠠᠳᠤ ᠶᠢᠨ ᠨᠡᠷᠡᠲᠦ ᠬᠤᠳᠠᠯᠳᠤᠭᠠᠨ ᠤ ᠶᠠᠪᠠᠭᠠᠨ ᠵᠡᠭᠡᠯᠢ ᠪᠠᠷ ᠪᠠᠷᠢᠮᠵᠢᠶᠠᠯᠠᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ  ᠶᠢᠨ ᠲᠦᠷᠦᠯ ᠲᠡᠮᠲᠡᠭᠲᠦ ᠢ ᠲᠥᠪᠯᠡᠷᠡᠭᠦᠯᠬᠦ᠂ ᠠᠵᠤ ᠦᠢᠯᠡᠰ ᠤᠨ ᠠᠭᠤᠰᠤᠯᠴᠠᠬᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠡᠬᠢ ᠪᠠᠶᠠᠯᠢᠭ ᠢ ᠨᠡᠶᠢᠳᠬᠡᠬᠦ ᠵᠡᠷᠭᠡ ᠲᠠᠯ᠎ᠠ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠵᠢᠩᠬᠢᠨᠢ  ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠲᠠᠪᠴᠠᠩ ᠪᠣᠯᠭᠠᠨ ᠪᠠᠶᠢᠭᠤᠯᠤᠨ᠎ᠠ᠃ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠬᠥᠮᠥᠵᠢᠭᠦᠯᠦᠨ ᠬᠥᠭᠵᠢᠭᠦᠯᠵᠦ᠂ ᠶᠠᠪᠠᠭᠠᠨ ᠵᠡᠭᠡᠯᠢ ᠶᠢᠨ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠳᠠᠮᠵᠢᠨ᠂ ᠭᠦᠢᠯᠭᠡᠭᠡᠨ ᠤ ᠰᠢᠨ᠎ᠡ ᠶᠢ ᠡᠭᠦᠳᠴᠦ᠂ ᠬᠤᠲᠠ ᠶᠢᠨ ᠠᠵᠤ ᠠᠬᠤᠶ ᠶᠢ ᠴᠡᠴᠡᠭᠯᠡᠭᠦᠯᠦᠨ ᠬᠦᠭᠵᠢᠭᠦᠯᠵᠦ᠂ ᠬᠤᠲᠠ ᠶᠢᠨ ᠬᠥᠭᠵᠢᠯᠲᠡ ᠶᠢ ᠠᠬᠢᠭᠤᠯᠤᠨ᠎ᠠ᠃      ᠬᠤᠶᠠᠷ᠂ ᠭᠤᠤᠯ ᠬᠠᠷᠠᠯᠲᠠ      ᠬᠠᠭᠤᠴᠢᠨ ᠵᠡᠭᠡᠯᠢ ᠲᠣᠭᠤᠷᠢᠭ ᠤᠨ ᠨᠦᠬᠦᠴᠡᠯ ᠢ ᠳᠡᠭᠡᠭᠰᠢᠯᠡᠭᠦᠯᠵᠦ᠂ ᠰᠢᠨ᠎ᠡ ᠵᠡᠭᠡᠯᠢ ᠲᠣᠭᠤᠷᠢᠭ ᠢ ᠬᠦᠭᠵᠢᠭᠦᠯᠵᠦ᠂ ᠨᠡᠷᠡᠲᠦ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ ᠶᠡᠷᠦᠩᠬᠡᠶ ᠬᠠᠷᠠᠯᠲᠠ ᠶᠣᠰᠣᠭᠠᠷ᠂ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠨ 3 ᠵᠤᠷᠪᠤᠰ ᠪᠦᠬᠦ ᠬᠤᠲᠠ ᠳᠤ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠡᠵᠡᠩᠨᠡᠯᠲᠡ ᠬᠠᠮᠢᠶᠠᠷᠤᠯᠲᠠ ᠵᠢᠷᠤᠮᠵᠢᠭᠰᠠᠨ᠂ ᠬᠡᠷᠡᠭᠯᠡᠭᠡ ᠶᠢ ᠳᠠᠶᠢᠴᠢᠯᠠᠬᠤ ᠪᠠᠷ ᠢᠯᠡᠷᠬᠡᠶ᠂ ᠨᠡᠷ᠎ᠡ ᠠᠯᠳᠡᠷ ᠲᠠᠢ ᠪᠥᠭᠡᠳ ᠦᠨᠳᠦᠷ ᠦᠨᠡᠯᠡᠯᠲᠡ ᠲᠠᠢ ᠬᠤᠳᠠᠯᠳᠤᠭᠠᠨ ᠤ ᠵᠡᠭᠡᠯᠢ ᠶᠢ ᠬᠥᠮᠥᠵᠢᠭᠦᠯᠦᠨ ᠬᠥᠭᠵᠢᠭᠦᠯᠵᠦ᠂ 1 ᠵᠤᠷᠪᠤᠰ ᠤᠯᠤᠰ ᠤᠨ ᠲᠡᠰ ᠤᠨ ᠲᠤᠷᠰᠢᠯᠲᠠ ᠶᠢᠨ ᠴᠢᠭ ᠤᠨ ᠶᠠᠪᠠᠭᠠᠨ ᠵᠡᠭᠡᠯᠢ ᠶᠢ ᠠᠮᠵᠢᠯᠲᠠ ᠲᠠᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠨ᠎ᠠ᠃      ᠭᠤᠷᠪᠠ᠂ ᠦᠨᠳᠦᠰᠦᠨ ᠵᠠᠷᠴᠢᠮ      ︵ᠨᠢᠭᠡ︶ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠨᠢᠭᠡᠳᠦᠯᠲᠡᠶ ᠠᠬᠢᠭᠤᠯᠤᠨ᠎ᠠ᠃ ᠨᠢᠭᠡ ᠵᠡᠭᠡᠯᠢ ᠨᠢᠭᠡ ᠣᠨᠴᠠᠯᠢᠭ ᠪᠦᠬᠦᠢ ᠵᠠᠷᠴᠢᠮ ᠢ ᠵᠢᠷᠤᠮᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠭᠤᠤᠯᠳᠠᠯᠭ᠎ᠠ ᠲᠠᠢ ᠬᠥᠮᠥᠵᠢᠭᠦᠯᠦᠨ ᠬᠦᠭᠵᠢᠭᠦᠯᠬᠦ ᠵᠡᠭᠡᠯᠢ ᠲᠣᠭᠤᠷᠢᠭ ᠤᠨ ᠪᠠᠶᠢᠷᠢ ᠲᠣᠭᠲᠠᠭᠠᠯᠲᠠ᠂ ᠣᠨᠴᠠᠯᠢᠭ᠂ ᠬᠡᠪᠴᠢᠶ᠎ᠡ ᠪᠣᠯᠤᠨ ᠬᠥᠭᠵᠢᠯᠲᠡ ᠶᠢᠨ ᠬᠠᠷᠠᠯᠲᠠ ᠶᠢ ᠲᠤᠭᠲᠠᠭᠠᠨ᠎ᠠ᠃ ᠬᠤᠲᠠ ᠶᠢᠨ ᠱᠠᠲᠤᠨ ᠠᠴᠠ ᠳᠡᠮᠵᠢᠨ ᠳᠠᠭᠠᠭᠤᠯᠵᠤ᠂ ᠲᠣᠭᠤᠷᠢᠭ ᠤᠨ ᠱᠠᠲᠤᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠭᠰᠠᠨ ᠠᠵᠢᠯ ᠤᠨ ᠪᠠᠶᠢᠷᠢᠰᠢᠯ ᠢ ᠪᠠᠶᠢᠭᠤᠯᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠡᠷᠡᠭᠦᠯ᠂ ᠡᠮᠬᠢ ᠵᠢᠷᠤᠮ ᠲᠠᠢ᠂ ᠵᠣᠬᠢᠴᠠᠩᠭᠤᠶ ᠬᠦᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠤᠨ᠎ᠠ᠃      ︵ᠬᠤᠶᠠᠷ︶ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠦ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠃ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠣᠯᠠᠨ ᠡᠰᠢᠵᠢᠭᠰᠡᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃ ᠬᠠᠮᠢᠶᠠᠷᠤᠯᠲᠠ ᠪᠠ ᠦᠢᠯᠡᠴᠢᠯᠡᠭᠡᠨ ᠤ ᠵᠠᠭᠪᠤᠷ ᠢ ᠰᠢᠨ᠎ᠡ ᠪᠠᠷ ᠡᠭᠦᠳᠴᠦ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠦ᠂ ᠵᠠᠬ᠎ᠠ ᠳᠡᠯᠭᠡᠭᠦᠷᠴᠢᠯᠡᠨ ᠡᠵᠡᠩᠨᠡᠬᠦ᠂ ᠠᠵᠢᠯ ᠲᠥᠷᠥᠯ ᠤᠨ ᠵᠣᠬᠢᠶᠠᠨ ᠪᠠᠶᠢᠭᠤᠯᠬᠤ ᠵᠤᠬᠢᠴᠠᠭᠤᠯᠬᠤ ᠬᠠᠮᠢᠶᠠᠷᠠᠬᠤ ᠬᠠᠮᠵᠢᠯᠴᠠᠨ ᠵᠠᠰᠠᠬᠤ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃      ︵ᠭᠤᠷᠪᠠ︶ ᠬᠥᠮᠦᠨ ᠢᠶᠠᠷ ᠦᠨᠳᠦᠰᠦ ᠪᠣᠯᠭᠠᠵᠤ᠂ ᠵᠣᠬᠢᠴᠠᠩᠭᠤᠶ ᠪᠠᠷ ᠬᠥᠭᠵᠢᠭᠦᠯᠦᠨ᠎ᠡ᠃ ᠰᠣᠶᠣᠯ ᠢᠷᠭᠡᠨᠰᠢᠯ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠰᠡᠳᠬᠢᠯ ᠲᠠᠢ ᠭᠦᠢᠴᠡᠳ ᠣᠶᠢᠷᠠᠲᠤᠭᠤᠯᠵᠤ᠂ ᠠᠷᠠᠳ ᠤᠨ ᠪᠠᠶᠢᠳᠠᠯ ᠢ ᠢᠯᠡᠷᠡᠭᠦᠯᠦᠨ᠂ ᠠᠷᠠᠳ ᠤᠨ ᠬᠡᠷᠡᠭᠴᠡᠭᠡ ᠶᠢ ᠬᠠᠩᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠰᠠᠭᠤᠭᠠᠯᠢ ᠠᠷᠠᠳ᠂ ᠵᠢᠭᠤᠯᠴᠢᠯᠠᠭᠰᠠᠳ ᠪᠠ ᠬᠤᠳᠠᠯᠳᠤᠭᠠᠴᠢᠳ ᠲᠤ ᠠᠮᠤᠷ ᠲᠦᠪᠰᠢᠨ᠂ ᠲᠣᠬᠢᠯᠢᠭ᠂ ᠡᠶ᠎ᠡ ᠵᠣᠬᠢᠴᠠᠯ ᠲᠠᠢ᠂ ᠦᠨᠡᠨᠴᠢ ᠢᠲᠡᠭᠡᠮᠵᠢᠲᠡᠶ ᠡᠵᠡᠩᠨᠡᠯᠲᠡ ᠪᠠ ᠬᠡᠷᠡᠭᠯᠡᠭᠡᠨ ᠤ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃      ︵ᠳᠥᠷᠪᠡ︶ ᠰᠣᠶᠣᠯ ᠢ ᠢᠯᠡᠷᠡᠭᠦᠯᠵᠦ᠂ ᠣᠨᠴᠠᠯᠢᠭ ᠢ ᠳᠣᠪᠤᠶᠢᠯᠭᠠᠨ᠎ᠠ᠃ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠳᠤ ᠲᠦᠰᠢᠭᠯᠡᠨ᠂ ᠠᠵᠤ ᠦᠢᠯᠡᠰ ᠤᠨ ᠣᠨᠴᠠᠯᠢᠭ᠂ ᠣᠷᠣᠨ ᠪᠦᠰᠡ ᠶᠢᠨ ᠣᠨᠴᠠᠯᠢᠭ ᠪᠠ ᠰᠣᠶᠣᠯ ᠤᠨ ᠣᠨᠴᠠᠯᠢᠭ ᠢ ᠳᠣᠪᠤᠶᠢᠯᠭᠠᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠭᠤᠳᠤᠮᠵᠢ ᠶᠢᠨ ᠥᠪᠡᠷᠮᠢᠴᠡ ᠤᠨᠴᠠᠯᠢᠭ ᠪᠠ ᠵᠥᠷᠢᠶᠡᠲᠦ ᠴᠢᠨᠠᠷ ᠢ ᠴᠢᠩᠭᠠᠷᠠᠭᠤᠯᠵᠤ᠂ ᠢᠯᠡ ᠲᠣᠳᠣ ᠥᠪᠡᠷᠮᠢᠴᠡ ᠤᠨᠴᠠᠯᠢᠭ ᠲᠠᠢ᠂ ᠡᠵᠡᠩᠨᠡᠯᠲᠡ ᠶᠢᠨ ᠪᠠᠶᠢᠳᠠᠯ ᠪᠠᠶᠠᠯᠢᠭ᠂ ᠣᠷᠴᠢᠨ ᠲᠣᠭᠤᠷᠢᠨ ᠭᠤᠶᠤ ᠰᠠᠶᠢᠬᠠᠨ᠂ ᠬᠤᠳᠠᠯᠳᠤᠭ᠎ᠠ ᠴᠡᠴᠡᠭᠯᠡᠨ ᠬᠥᠭᠵᠢᠭᠰᠡᠨ ᠰᠣᠳᠣᠨ ᠵᠡᠭᠡᠯᠢ ᠲᠣᠭᠤᠷᠢᠭ ᠢ ᠪᠦᠲᠦᠭᠡᠨ ᠪᠠᠶᠢᠭᠤᠯᠤᠨ᠎ᠠ᠃ᠳᠥᠷᠪᠡ᠂ ᠭᠤᠤᠯᠳᠠᠯᠭ᠎ᠠ ᠲᠠᠢ ᠡᠭᠦᠷᠭᠡ      ︵ᠨᠢᠭᠡ︶ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ᠃ ᠨᠥᠬᠦᠴᠡᠯ ᠲᠠᠢ ᠭᠠᠵᠠᠷ ᠣᠷᠣᠨ ᠲᠣᠰ ᠭᠠᠵᠠᠷ ᠣᠷᠣᠨ ᠤ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠶᠡᠷᠤᠩᠬᠡᠢ ᠲᠥᠯᠥᠪᠵᠢᠭᠦᠯᠪᠡ ᠪᠠ ᠬᠡᠷᠡᠭᠵᠢᠭᠦᠯᠬᠦ ᠲᠥᠰᠦᠯ ᠢ ᠨᠢᠭᠡᠳᠦᠯᠲᠡᠶ ᠲᠥᠯᠥᠪᠯᠡᠨ ᠲᠣᠭᠲᠠᠭᠠᠬᠤ  ᠶᠢ ᠵᠤᠷᠢᠭᠵᠢᠭᠤᠯᠤᠨ᠎ᠠ᠃ ᠨᠢᠭᠡ ᠵᠡᠭᠡᠯᠢ ᠨᠢᠭᠡ ᠣᠨᠴᠠᠯᠢᠭ ᠪᠦᠬᠦᠢ ᠵᠠᠷᠴᠢᠮ ᠶᠣᠰᠣᠭᠠᠷ᠂ ᠣᠷᠣᠨ ᠵᠠᠶ ᠶᠢᠨ ᠪᠠᠶᠢᠷᠢᠰᠢᠯ᠂ ᠰᠣᠶᠣᠯ ᠤᠨ ᠠᠭᠤᠯᠤᠭᠳᠠᠬᠤᠨ᠂ ᠡᠵᠡᠩᠨᠡᠯᠲᠡ ᠶᠢᠨ ᠪᠠᠶᠢᠷᠢ ᠲᠣᠭᠲᠠᠭᠠᠯᠲᠠ᠂ ᠠᠮᠢ ᠠᠬᠤᠶ ᠶᠢᠨ ᠦᠵᠡᠮᠵᠢ ᠪᠠ ᠢᠵᠢ ᠪᠦᠷᠢᠳᠦᠭᠦᠯᠬᠦ ᠲᠥᠬᠦᠭᠡᠷᠦᠮᠵᠢ ᠳᠤ ᠰᠢᠨᠵᠢᠯᠡᠬᠦ ᠤᠬᠠᠭᠠᠨᠴᠢ ᠲᠥᠯᠥᠪᠵᠢᠭᠦᠯᠭᠡ ᠬᠢᠵᠦ᠂ ᠬᠥᠭᠵᠢᠯᠲᠡ ᠶᠢᠨ ᠬᠠᠷᠠᠯᠲᠠ ᠪᠠ ᠪᠦᠳᠦᠭᠡᠨ ᠪᠠᠶᠢᠭᠤᠯᠤᠯᠲᠠ ᠶᠢᠨ ᠠᠬᠢᠴᠠ ᠶᠢ  ᠲᠤᠳᠤᠷᠬᠠᠢ ᠲᠤᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶      ︵ᠬᠤᠶᠠᠷ︶ ᠵᠡᠭᠡᠯᠢ ᠲᠣᠭᠤᠷᠢᠭ ᠤᠨ ᠣᠨᠴᠠᠯᠢᠭ ᠢ ᠪᠣᠶ ᠪᠣᠯᠭᠠᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠥᠭᠡᠷᠡᠴᠢᠯᠡᠨ ᠳᠡᠭᠡᠭᠰᠢᠯᠡᠭᠦᠯᠬᠦ ᠶᠠᠪᠤᠴᠠ ᠳᠤ᠂ ᠲᠡᠤᠬᠡ ᠰᠣᠶᠣᠯ ᠤᠨ ᠠᠭᠤᠯᠬᠤᠨ ᠢ ᠭᠦᠨᠵᠡᠭᠡᠶ ᠠᠭᠤᠳᠠᠯᠵᠤ᠂ ᠠᠵᠤ ᠦᠢᠯᠡᠰ ᠤᠨ ᠬᠥᠭᠵᠢᠯᠲᠡ ᠶᠢᠨ ᠣᠨᠴᠠᠯᠢᠭ᠂ ᠲᠥᠷᠥᠯ ᠲᠡᠮᠳᠡᠭᠵᠢᠭᠦᠯᠬᠦ᠂ ᠬᠡᠪᠴᠢᠶᠡᠵᠢᠭᠦᠯᠬᠦ ᠪᠠᠷ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠨᠡᠶᠢᠳᠬᠡᠵᠦ᠂ ᠬᠠᠭᠤᠴᠢᠨ ᠲᠥᠷᠥᠯ ᠲᠡᠮᠳᠡᠭᠲᠦ᠂ ᠣᠨᠴᠠᠯᠢᠭᠲᠤ ᠢᠳᠡᠭᠡᠨ ᠤᠮᠳᠠᠭᠠᠨ ᠪᠠ ᠨᠡᠷᠡᠲᠦ ᠲᠥᠷᠥᠯ ᠲᠡᠮᠳᠡᠭᠲᠦ ᠢ ᠲᠦᠪᠯᠡᠷᠡᠭᠦᠯᠵᠦ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠷ ᠠᠴᠢᠶᠠᠯᠠᠪᠤᠷᠢ ᠪᠤᠯᠠᠭᠠᠨ᠂ ᠣᠯᠠᠨ ᠶᠠᠩᠵᠤ ᠶᠢᠨ ᠬᠡᠯᠪᠡᠷᠢ ᠮᠠᠶ᠋ᠢᠭ ᠢᠶᠠᠷ ᠲᠣᠰ ᠭᠠᠵᠠᠷ ᠣᠷᠣᠨ ᠤ ᠲᠥᠷᠥᠯ ᠲᠡᠮᠳᠡᠭᠲᠦ ᠶᠢᠨ ᠳᠡᠯᠭᠡᠨ ᠦᠵᠡᠭᠦᠯᠵᠦ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠵᠡᠭᠡᠯᠢ ᠲᠣᠭᠤᠷᠢᠭ ᠤᠨ ᠣᠨᠴᠠᠯᠢᠭᠲᠤ ᠲᠠᠲᠠᠬᠤ ᠬᠦᠴᠦᠨ ᠪᠠ ᠣᠷᠣᠨ ᠨᠤᠲᠤᠭ ᠤᠨ ᠲᠥᠷᠥᠯ ᠲᠡᠮᠳᠡᠭᠲᠦ ᠶᠢᠨ ᠥᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ︵ᠭᠤᠷᠪᠠ︶ ᠬᠡᠷᠡᠭᠯᠡᠭᠡᠨ ᠤ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠦᠨ᠎ᠡ᠃ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ᠂ ᠰᠡᠯᠡᠭᠦᠴᠡᠯ ᠵᠡᠷᠭᠡ ᠬᠦᠴᠦᠨ ᠵᠦᠢᠯ ᠢ ᠲᠥᠪᠯᠡᠷᠡᠭᠦᠯᠵᠦ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠲᠡᠭᠦᠯᠳᠡᠷᠵᠢᠭᠦᠯᠬᠦ᠂ ᠵᠡᠷᠭᠡ ᠳᠡᠰ ᠢ ᠳᠡᠭᠡᠭᠰᠢᠯᠡᠭᠦᠯᠬᠦ᠂ ᠬᠡᠯᠪᠡᠷᠢ ᠶᠢ ᠰᠢᠯᠢᠳᠡᠭᠵᠢᠭᠦᠯᠬᠦ᠂ ᠨᠡᠷᠡᠲᠦ ᠪᠦᠲᠦᠭᠡᠭᠳᠡᠭᠦᠨ ᠢ  ᠪᠤᠶᠢᠵᠢᠭᠤᠯᠬᠤ᠂ ᠨᠡᠷᠡᠲᠦ ᠳᠡᠯᠭᠡᠭᠦᠷ ᠢ ᠣᠷᠣᠭᠤᠯᠤᠨ ᠠᠪᠴᠢᠷᠠᠬᠤ᠂ ᠨᠡᠷᠡᠲᠦ ᠵᠡᠭᠡᠯᠢ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠳᠠᠯᠳᠤᠭᠠᠨ ᠤ ᠡᠷᠭᠢᠯᠲᠡ᠂ ᠬᠦᠮᠦᠨ ᠤ ᠤᠷᠤᠰᠬᠠᠯ᠂ ᠪᠠᠷᠠᠭ᠎ᠠ ᠶᠢᠨ ᠭᠦᠢᠯᠭᠡᠭᠡ᠂ ᠮᠡᠳᠡᠭᠡ ᠵᠠᠩᠭᠢ ᠶᠢᠨ ᠰᠤᠯᠢᠯᠴᠠᠭ᠎ᠠ ᠢ ᠳᠡᠭᠡᠭᠰᠢᠯᠡᠭᠦᠯᠦᠨ᠎ᠡ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠬᠡᠷᠡᠭᠯᠡᠭᠡᠨ ᠤ ᠨᠡᠮᠡᠭᠳᠡᠯ ᠤᠨ ᠣᠷᠣᠨ ᠵᠠᠶ ᠶᠢ ᠭᠦᠨᠵᠡᠭᠡᠢ ᠠᠭᠤᠳᠠᠯᠵᠤ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠣᠨᠴᠠᠯᠢᠭᠲᠤ ᠠᠮᠲᠠᠲᠤ ᠢᠳᠡᠭᠡᠨ ᠢ ᠠᠮᠲᠠᠯᠠᠬᠤ᠂ ᠦᠨᠳᠦᠰᠦᠲᠡᠨ ᠤ ᠰᠤᠶᠤᠯ ᠤᠨ ᠡᠭᠦᠳᠦᠯᠲᠡ ᠶᠢᠨ ᠰᠣᠳᠣᠨ ᠪᠦᠲᠦᠭᠡᠯ ᠤᠨ ᠦᠵᠡᠭᠦᠯᠦᠯᠭᠡ ᠵᠡᠷᠭᠡ ᠠᠵᠢᠯᠯᠠᠭ᠎ᠠ ᠶᠢ ᠨᠠᠷᠢᠯᠢᠭ ᠵᠣᠬᠢᠶᠠᠨ ᠪᠠᠶᠢᠭᠤᠯᠵᠤ᠂ ︽ᠥᠪᠥᠷ ᠮᠣᠩᠭᠤᠯ ᠤᠨ ᠦᠨᠦᠷ ᠠᠮᠲᠠ︾᠂ ︽ᠰᠠᠷᠠᠨ ᠤ ᠲᠤᠶᠠᠭᠠᠨ ᠳᠤᠤᠷᠠᠬᠢ ᠶᠡᠭᠡ ᠵᠣᠣ ᠬᠤᠲᠠ︾ ᠵᠡᠷᠭᠡ ᠭᠠᠵᠠᠷ ᠣᠷᠣᠨ ᠤ ᠲᠡᠮᠲᠡᠭᠲᠦ ᠴᠢᠨᠠᠷᠲᠠᠶ ᠬᠤᠳᠠᠯᠳᠤᠭ᠎ᠠ ᠵᠢᠭᠤᠯᠴᠢᠯᠠᠯ ᠤᠨ ᠬᠡᠷᠡᠭᠯᠡᠭᠡᠨ ᠤ ᠲᠥᠷᠥᠯ ᠲᠡᠮᠳᠡᠭᠲᠦ ᠶᠢ ᠪᠣᠶ ᠪᠤᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ  ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      ︵ᠲᠦᠷᠪᠡ︶ ᠦᠢᠯᠡᠴᠢᠯᠡᠭᠡᠨ ᠤ ᠴᠢᠳᠠᠮᠵᠢ ᠶᠢ ᠪᠦᠷᠢᠨᠰᠢᠭᠦᠯᠡᠨ᠎ᠡ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠰᠡᠯᠡᠭᠦᠴᠡᠯ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠲᠠᠯ᠎ᠠ ᠨᠤᠲᠤᠭ ᠤᠨ ᠬᠤᠲᠠ ᠶᠢᠨ ᠣᠨᠴᠠᠯᠢᠭ ᠢ ᠢᠯᠡᠷᠡᠭᠦᠯᠵᠦ᠂ ᠲᠡᠦᠬᠡ ᠰᠣᠶᠣᠯ ᠤᠨ ᠰᠤᠳᠠᠯ ᠢ ᠤᠯᠠᠮᠵᠢᠯᠠᠨ ᠵᠠᠯᠭᠠᠮᠵᠢᠯᠠᠵᠤ᠂ ᠪᠠᠶᠢᠭᠠᠯᠢ ᠶᠢᠨ ᠦᠵᠡᠮᠵᠢ ᠶᠢᠨ ᠡᠬᠢ ᠪᠠᠶᠠᠯᠢᠭ ᠢ ᠪᠠᠶᠠᠯᠢᠭᠵᠢᠭᠤᠯᠵᠤ᠂ ᠬᠤᠳᠠᠯᠳᠤᠭ᠎ᠠ᠂ ᠵᠢᠭᠤᠯᠴᠢᠯᠠᠯ᠂ ᠰᠣᠶᠣᠯ ᠤᠨ ᠠᠵᠤ ᠦᠢᠯᠡᠰ ᠤᠨ ᠠᠭᠤᠰᠤᠯᠴᠠᠯ ᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ  ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      ︵ᠲᠠᠪᠤ︶ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠤᠨ᠎ᠠ᠃ ᠴᠠᠭ ᠤᠨ ᠤᠷᠤᠰᠬᠠᠯ ᠢᠶᠠᠷ ᠤᠳᠤᠷᠢᠳᠤᠮᠵᠢ ᠪᠤᠯᠠᠭᠠᠨ᠂ ᠲᠦᠷᠦᠯ ᠲᠡᠮᠲᠡᠭᠵᠢᠭᠦᠯᠬᠦ ᠪᠠᠷ ᠬᠠᠷᠠᠯᠲᠠ ᠪᠣᠯᠭᠠᠵᠤ᠂ ᠴᠢᠭᠯᠡᠯᠲᠦ ᠴᠢᠨᠠᠷᠲᠠᠶ ᠪᠠᠷ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠠᠩᠬᠠᠳᠤᠭᠠᠷ ᠠᠵᠤ ᠠᠬᠤᠶ  ᠶᠢ ᠶᠡᠬᠡᠪᠡᠷ ᠬᠥᠭᠵᠢᠭᠦᠯᠵᠦ᠂ ᠠᠩᠬᠠᠳᠤᠭᠠᠷ ᠳᠡᠯᠭᠡᠭᠦᠷ ᠤᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠰᠢᠩ ᠪᠠ ᠺᠧ᠂ ᠮᠢ ᠴᠢ ᠯᠢᠨ ᠬᠤᠭᠤᠯᠠᠨ ᠭᠡᠷ ᠵᠡᠷᠭᠡ ᠣᠯᠠᠨ ᠤᠯᠤᠰ ᠤᠨ ᠨᠡᠷᠡᠲᠦ ᠲᠦᠷᠦᠯ ᠲᠡᠮᠳᠡᠭᠲᠦ ᠪᠣᠯᠤᠨ ᠤᠯᠤᠰ ᠤᠨ ᠳᠣᠲᠣᠭᠠᠳᠤ ᠶᠢᠨ ᠲᠦᠷᠦᠯ ᠲᠡᠮᠳᠡᠭᠲᠦ ᠶᠢᠨ ᠬᠡᠯᠬᠢᠶᠡᠵᠢᠭᠰᠡᠨ ᠠᠵᠤ ᠠᠬᠤᠶᠢᠯᠠᠯ ᠢ ᠤᠷᠢᠨ ᠰᠠᠭᠤᠯᠭᠠᠵᠤ᠂ ᠳᠡᠯᠡᠬᠡᠶ ᠳᠤ ᠠᠯᠳᠠᠷᠰᠢᠯ ᠲᠠᠢ ᠨᠡᠷᠡᠲᠦ ᠠᠵᠤ ᠠᠬᠤᠶᠢᠯᠠᠯ᠂ ᠨᠡᠷᠡᠲᠦ ᠳᠡᠯᠭᠡᠭᠦᠷ᠂ ᠨᠡᠷᠡᠲᠦ ᠪᠦᠲᠦᠭᠡᠭᠳᠡᠬᠦᠨ ᠢ ᠴᠤᠭᠯᠠᠭᠤᠯᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶      ︵ᠵᠢᠷᠭᠤᠭ᠎ᠠ︶ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠦᠵᠡᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠨᠡᠶᠢᠲᠡ ᠶᠢᠨ ᠲᠥᠬᠦᠭᠡᠷᠦᠮᠵᠢ ᠶᠢ ᠦᠭᠡᠷᠡᠴᠢᠯᠡᠬᠦ᠂ ᠪᠠᠷᠢᠯᠭ᠎ᠠ ᠶᠢᠨ ᠬᠡᠯᠪᠡᠷᠢ ᠪᠠᠶᠢᠳᠠᠯ ᠢ ᠲᠣᠬᠢᠷᠠᠭᠤᠯᠬᠤ᠂ ᠪᠠᠷᠢᠯᠭ᠎ᠠ ᠶᠢᠨ ᠵᠢᠵᠢᠭ ᠦᠢᠯᠡᠳᠬᠦᠨ ᠬᠢᠭᠡᠳ ᠬᠤᠲᠠ ᠶᠢᠨ ᠳᠦᠷᠢ ᠲᠥᠷᠬᠦ ᠶᠢ ᠵᠣᠬᠢᠴᠠᠭᠤᠯᠬᠤ᠂ ᠵᠢᠭᠤᠯᠴᠢᠯᠠᠯ ᠤᠨ ᠱᠤᠭᠤᠮ ᠢ ᠬᠤᠯᠪᠣᠯᠳᠤᠭᠤᠯᠤᠨ ᠵᠢᠷᠤᠵᠤ ᠲᠥᠯᠥᠪᠯᠡᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠬᠥᠲᠥᠯᠥᠨ ᠵᠢᠯᠣᠭᠤᠳᠬᠤ᠂ ᠡᠵᠡᠩᠨᠡᠨ ᠪᠤᠷᠤᠯᠠᠭᠤᠯᠬᠤ ᠤᠬᠠᠭᠤᠯᠭ᠎ᠠ ᠶᠢᠨ ᠠᠷᠭ᠎ᠠ ᠪᠣᠳᠣᠯᠭ᠎ᠠ ᠲᠣᠭᠲᠠᠭᠠᠬᠤ ᠵᠡᠷᠭᠡ ᠲᠠᠯ᠎ᠠ ᠠᠴᠠ ᠭᠠᠷᠳᠠᠵᠤ᠂ ᠤᠳᠤ ᠪᠠᠶᠢᠭ᠎ᠠ ᠣᠨᠴᠠᠯᠢᠭ ᠪᠦᠬᠦᠢ ᠬᠤᠳᠠᠯᠳᠤᠭᠠᠨ ᠤ ᠶᠠᠪᠠᠭᠠᠨ ᠵᠡᠭᠡᠯᠢ ᠶᠢᠨ ᠰᠠᠭᠤᠷᠢ ᠲᠥᠬᠦᠭᠡᠷᠦᠮᠵᠢ ᠶᠢ  ᠲᠡᠭᠦᠯᠳᠡᠷᠵᠢᠭᠦᠯᠦᠨ ᠥᠭᠡᠷᠡᠴᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶      ︵ᠳᠣᠯᠤᠭ᠎ᠠ︶ ᠵᠡᠭᠡᠯᠢ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠡᠪᠡᠷ ᠲᠡᠭᠰᠢ ᠭᠤᠶᠤ ᠰᠠᠶᠢᠬᠠᠨ ᠵᠡᠭᠡᠯᠢ ᠲᠣᠭᠤᠷᠢᠭ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠡᠷᠭᠡᠨ ᠵᠤᠭᠰᠤᠭᠠᠯ ᠢ  ᠨᠡᠮᠡᠭᠳᠡᠭᠦᠯᠵᠦ᠂ ᠲᠡᠷᠭᠡ ᠵᠣᠭᠰᠣᠭᠠᠬᠤ ᠳᠤ ᠬᠦᠴᠢᠷ ᠠᠰᠠᠭᠤᠳᠠᠯ ᠢ ᠨᠠᠮᠳᠠᠭᠤᠯᠤᠨ᠎ᠠ᠃ ᠤᠶᠤᠨᠲᠤ ᠵᠡᠭᠡᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠡᠭᠡᠯᠢ ᠲᠤᠭᠤᠷᠢᠭ ᠲᠤ WIFI ᠪᠦᠷᠬᠦᠴᠡ ᠶᠢ ᠲᠦᠭᠡᠮᠡᠯᠵᠢᠭᠦᠯᠦᠨ᠎ᠡ᠃ ᠲᠥᠬᠦᠭᠡᠷᠦᠮᠵᠢ ᠶᠢᠨ ᠲᠠᠯ᠎ᠠ ᠪᠠᠷ ᠰᠥᠨᠢ ᠶᠢᠨ ᠳ᠋ᠧᠩ ᠤᠨ ᠭᠤᠶᠤᠯᠠᠯ ᠶᠢ ᠴᠢᠬᠤᠯᠠᠴᠢᠯᠠᠵᠤ᠂ ᠰᠥᠨᠢ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠶᠢᠨ ᠴᠠᠭ ᠬᠤᠭᠤᠴᠠᠭᠠᠨ ᠤ ᠬᠡᠷᠡᠭᠴᠡᠭᠡ ᠶᠣᠰᠣᠭᠠᠷ ᠡᠯ᠎ᠡ ᠲᠥᠷᠥᠯ ᠤᠨ ᠦᠵᠡᠮᠵᠢ ᠶᠢᠨ ᠳ᠋ᠧᠩ ᠢ ᠨᠡᠭᠡᠭᠡᠵᠦ᠂ ᠰᠥᠨᠢ ᠶᠢᠨ ᠵᠤᠭᠠᠴᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠨᠠᠢᠮᠠ︶ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠵᠣᠬᠢᠴᠠᠭᠤᠯᠤᠨ ᠬᠠᠮᠢᠶᠠᠷᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠬᠤᠳᠠᠯᠳᠤᠭᠠᠴᠢᠨ ᠡᠷᠦᠬᠡ ᠶᠢᠨ ᠡᠵᠡᠩᠨᠡᠯᠲᠡ ᠳᠤ ᠳᠥᠭᠦᠮ ᠨᠥᠬᠦᠴᠡᠯ ᠬᠠᠩᠭᠠᠵᠤ᠂ ᠬᠤᠲᠠ  ᠶᠢᠨ ᠠᠷᠠᠳ ᠪᠠ ᠵᠢᠭᠤᠯᠴᠢᠯᠠᠭᠴᠢᠳ ᠤᠨ ᠬᠡᠷᠡᠭᠯᠡᠭᠡ ᠳᠤ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ ᠤᠯᠠᠨ ᠬᠤᠳᠠᠯᠳᠤᠭᠠᠴᠢᠨ ᠣᠷᠣᠯᠴᠠᠭᠰᠠᠨ ᠬᠤᠳᠠᠯᠳᠤᠭᠠᠴᠢᠳ ᠤᠨ ᠡᠪᠯᠡᠯ ᠢ ᠵᠣᠬᠢᠶᠠᠨ ᠪᠠᠶᠢᠭᠤᠯᠵᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠦᠲᠦᠴᠡ ᠶᠢ ᠨᠢᠭᠡᠳᠦᠯᠲᠡᠶ ᠲᠦᠯᠦᠪᠯᠡᠵᠦ᠂ ᠰᠢᠨ᠎ᠡ ᠬᠡᠯᠪᠡᠷᠢ ᠡᠭᠦᠳᠬᠦ ᠶᠢ ᠠᠬᠢᠭᠤᠯᠵᠤ᠂ ᠡᠵᠡᠩᠨᠡᠯᠲᠡ ᠶᠢᠨ ᠠᠵᠢᠯᠯᠠᠭ᠎ᠠ ᠶᠢ  ᠵᠢᠷᠤᠮᠵᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠶᠢᠰᠦ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ      1. ᠥᠨᠳᠥᠷ ᠴᠢᠨᠠᠷ ᠲᠡᠰ ᠪᠦᠬᠦᠢ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠶᠢᠭᠤᠯᠬᠤ ᠶᠢ ᠵᠣᠷᠢᠭᠵᠢᠭᠤᠯᠤᠨ᠎ᠠ᠃ ᠤᠯᠤᠰ ᠤᠨ ᠲᠠᠰ ᠤᠨ ᠲᠤᠷᠰᠢᠯᠲᠠ ᠶᠢᠨ ᠴᠢᠭ ᠤᠨ ᠶᠠᠪᠠᠭᠠᠨ ᠵᠡᠭᠡᠯᠢ ᠪᠠᠷ ᠦᠨᠡᠯᠡᠭᠳᠡᠭᠰᠡᠨ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠤᠨ ᠬᠠᠷᠢᠶᠠᠲᠤ ᠭᠠᠵᠠᠷ ᠤᠨ ᠵᠠᠰᠠᠭ  ᠤᠨ ᠣᠷᠳᠣᠨ ᠳᠤ ᠬᠤᠲᠠ ᠶᠢᠨ ᠵᠠᠰᠠᠭ ᠤᠨ ᠣᠷᠳᠣᠨ ᠠᠴᠠ 300 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠴᠢᠭ ᠤᠨ ᠶᠠᠪᠠᠭᠠᠨ ᠵᠡᠭᠡᠯᠢ ᠪᠠᠷ ᠦᠨᠡᠯᠡᠭᠳᠡᠭᠰᠡᠨ ᠤᠨᠴᠠᠯᠢᠬᠳᠤ ᠬᠤᠳᠠᠯᠳᠤᠭᠠᠨ ᠤ ᠵᠡᠭᠡᠯᠢ ᠲᠣᠭᠤᠷᠢᠭ ᠤᠨ ᠬᠠᠷᠢᠶᠠᠲᠤ ᠭᠠᠵᠠᠷ ᠤᠨ ᠵᠠᠰᠠᠭ  ᠤᠨ ᠣᠷᠳᠣᠨ ᠳᠤ ᠬᠤᠲᠠ ᠶᠢᠨ ᠵᠠᠰᠠᠭ ᠤᠨ ᠣᠷᠳᠣᠨ ᠠᠴᠠ100 ᠲᠦᠮᠡᠨ ᠲᠥᠭᠦᠷᠢᠭ ᠢᠶᠠᠷ ᠱᠠᠩᠨᠠᠨ᠎ᠠ︔ ᠨᠢᠭᠡᠨᠲᠡ ᠤᠯᠤᠰ ᠤᠨ ᠲᠡᠰ ᠤᠨ ᠲᠤᠷᠰᠢᠯᠲᠠ  ᠶᠢᠨ ᠴᠢᠭ ᠤᠨ ᠶᠠᠪᠠᠭᠠᠨ ᠵᠡᠭᠡᠯᠢ ᠪᠠᠷ ᠦᠨᠡᠯᠡᠭᠳᠡᠭᠰᠡᠨ ᠣᠨᠴᠠᠯᠢᠭᠲᠤ ᠬᠤᠳᠠᠯᠳᠤᠭᠠᠨ ᠤ ᠵᠡᠭᠡᠯᠢ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠷᠰᠢᠯᠲᠠ ᠶᠢᠨ ᠴᠢᠭ ᠢ ᠳᠠᠬᠢᠵᠤ ᠮᠡᠳᠡᠭᠦᠯᠬᠦ ᠪᠤᠯᠠᠬᠤ ᠦᠭᠡᠢ᠃ ᠱᠠᠩᠨᠠᠯ ᠤᠨ ᠪᠡᠯᠡ ᠮᠥᠩᠭᠦ ᠶᠢ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠢ ᠦᠷᠭᠦᠯᠵᠢᠯᠡᠨ ᠪᠦᠲᠦᠭᠡᠨ ᠪᠠᠶᠢᠭᠤᠯᠬᠤ ᠳᠤ ᠲᠤᠰᠬᠠᠶ ᠵᠦᠢᠯ ᠢᠶᠠᠷ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      2. ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠲᠥᠯᠥᠪᠵᠢᠭᠦᠯᠭᠡ ᠶᠢᠨ ᠠᠵᠢᠯ ᠢ ᠳᠠᠮᠵᠢᠨ᠎ᠠ᠃ ᠬᠤᠲᠠ ᠶᠢᠨ ᠵᠠᠰᠠᠭ ᠤᠨ ᠣᠷᠳᠣᠨ ᠠᠴᠠ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠴᠢᠭ ᠤᠨ ᠶᠠᠪᠠᠭᠠᠨ ᠵᠡᠭᠡᠯᠢ ᠶᠢᠨ ᠪᠠᠶᠢᠭ᠎ᠠ ᠭᠠᠵᠠᠷ ᠤᠨ ᠵᠠᠰᠠᠭ ᠤᠨ ᠣᠷᠳᠣᠨ ᠳᠤ ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠨᠥᠬᠦᠪᠥᠷᠢ ᠤᠯᠭᠤᠨ᠎ᠠ᠃ ᠨᠥᠬᠦᠪᠥᠷᠢ ᠶᠢᠨ ᠪᠠᠷᠢᠮᠵᠢᠶ᠎ᠠ ᠨᠢ ᠲᠥᠯᠥᠪᠵᠢᠭᠦᠯᠪᠡ ︵ᠲᠥᠰᠦᠯ︶ ᠶᠢ ᠨᠠᠶᠢᠷᠠᠭᠤᠯᠤᠨ ᠵᠣᠬᠢᠶᠠᠭᠰᠠᠨ ᠭᠡᠷ᠎ᠡ ᠶᠢᠨ ᠵᠣᠭᠤᠰ ᠤᠨ ᠭᠤᠷᠪᠠᠨ ᠤ ᠨᠢᠭᠡ ᠬᠤᠪᠢ ᠪᠠᠶᠢᠵᠤ᠂ ᠨᠥᠬᠦᠪᠥᠷᠢ ᠶᠢᠨ ᠬᠡᠮᠵᠢᠶ᠎ᠡ  ᠶᠢ 30 ᠲᠦᠮᠡᠨ ᠲᠥᠭᠦᠷᠢᠭ ᠢᠶᠠᠷ ᠬᠢᠵᠠᠭᠠᠷᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ  ᠶᠢᠨ ᠡᠳ᠋ ᠤᠨ ᠵᠠᠰᠠᠭ ᠤᠨ ᠲᠣᠪᠴᠢᠶ᠎ᠠ︶      3. ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠭᠤᠳᠤᠮᠵᠢ ᠶᠢᠨ ᠤᠬᠠᠭᠤᠯᠤᠨ ᠲᠠᠨᠢᠯᠴᠠᠭᠤᠯᠬᠤ᠂ ᠪᠤᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠳᠠᠮᠵᠢᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠦᠬᠦᠯᠢ ᠴᠣᠭᠴᠠ ᠶᠢᠨ ᠴᠢᠮᠡᠭᠡᠯᠡᠯ ᠪᠠ ᠤᠬᠠᠭᠤᠯᠭ᠋᠎ᠠ ᠲᠠᠨᠢᠯᠴᠠᠭᠤᠯᠭ᠎ᠠ  ᠶᠢ ᠴᠢᠩᠭᠠᠳᠬᠠᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠭᠤᠳᠤᠮᠵᠢ ᠳᠤ ᠰᠠᠭᠤᠷᠢᠯᠠᠭᠰᠠᠨ ᠲᠥᠷᠥᠯ ᠲᠡᠮᠳᠡᠭᠲᠦ ᠠᠵᠤ ᠠᠬᠤᠶᠢᠯᠠᠯ ᠢ ᠡᠩ ᠲᠡᠷᠢᠭᠦᠨ ᠳᠤ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠦᠵᠡᠭᠦᠯᠭᠡ ᠶᠢᠨ ᠳᠠᠪᠴᠠᠩ ᠤᠨ ᠵᠠᠷᠤᠳᠠᠯ ᠤᠨ ᠨᠥᠬᠦᠪᠥᠷᠢ ᠥᠭᠬᠦ ᠣᠯᠠᠨ ᠤᠯᠤᠰ ᠤᠨ ᠴᠢᠨᠠᠷᠲᠠᠶ᠂ ᠪᠦᠬᠦ ᠤᠯᠤᠰ ᠤᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠦᠵᠡᠭᠦᠯᠦᠯᠭᠡ ᠪᠠ ᠪᠠᠲᠤᠯᠠᠨ ᠲᠠᠨᠢᠯᠴᠠᠭᠤᠯᠬᠤ ᠬᠤᠷᠠᠯ  ᠳᠤ ᠲᠠᠨᠢᠯᠴᠠᠭᠤᠯᠤᠨ᠎ᠠ᠃ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠪᠠᠷ ᠠᠴᠢᠶᠠᠯᠠᠪᠤᠷᠢ ᠪᠣᠯᠭᠠᠨ ᠲᠠᠩᠰᠤᠭ ᠰᠠᠶᠢᠬᠠᠨ ᠢᠳᠡᠭᠡᠨ ᠤ ᠪᠠᠶᠠᠷ ᠳᠤᠷᠠᠰᠬᠠᠯ  ᠤᠨ ᠠᠵᠢᠯᠯᠠᠭ᠎ᠠ᠂ ᠣᠯᠠᠨ ᠲᠦᠮᠡᠨᠴᠢ ᠰᠣᠶᠣᠯ ᠤᠨ ᠠᠵᠢᠯᠯᠠᠭ᠎ᠠ ᠪᠣᠯᠤᠨ ᠣᠯᠠᠨ ᠤᠯᠤᠰ ᠤᠨ ᠰᠤᠯᠢᠯᠴᠠᠭᠠᠨ ᠤ ᠠᠵᠢᠯᠯᠠᠭ᠎ᠠ ᠥᠷᠨᠢᠭᠦᠯᠬᠦ ᠶᠢ ᠵᠤᠷᠢᠭᠵᠢᠭᠤᠯᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢ ᠬᠤᠲᠠ ᠬᠥᠳᠡᠭᠡ ᠶᠢᠨ ᠰᠠᠭᠤᠭᠠᠯᠢ ᠠᠷᠠᠳ ᠪᠣᠯᠤᠨ ᠳᠤᠲᠤᠭᠠᠳᠦ ᠭᠠᠳᠠᠭᠠᠳᠤ ᠶᠢᠨ ᠵᠢᠭᠤᠯᠴᠢᠯᠠᠭᠴᠢᠳ  ᠤᠨ ᠦᠵᠡᠵᠦ ᠰᠣᠨᠣᠰᠬᠤ ᠳᠤᠷᠠᠲᠠᠶ ᠰᠡᠯᠡᠭᠦᠴᠡᠨ ᠵᠤᠭᠠᠴᠠᠬᠤ ᠬᠡᠷᠡᠭᠯᠡᠭᠡᠨ ᠤ ᠭᠠᠵᠠᠷ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠲᠡᠭᠦᠯᠳᠡᠷᠵᠢᠭᠦᠯᠦᠨ᠎ᠡ᠃ ᠬᠦᠬᠡᠬᠤᠲᠡ ᠵᠢᠨ‌ᠥᠨᠳᠥᠷ ᠴᠢᠨᠠᠷ ᠲᠡᠰ ᠪᠦᠬᠦᠢ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠲᠥᠯᠥᠪᠵᠢᠭᠦᠯᠪᠡ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ᠂ ᠵᠣᠬᠢᠴᠠᠭᠤᠯᠬᠤ ᠵᠢᠴᠢ ᠡᠳᠦᠷ ᠲᠤᠲᠤᠮ ᠤᠨ ᠬᠠᠷᠢᠯᠴᠠᠬᠤ ᠠᠵᠢᠯ ᠢ ᠬᠠᠷᠢᠭᠤᠴᠠᠨ᠎ᠠ᠃ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ ᠡᠭᠦᠷᠭᠡᠯᠡᠵᠦ᠂ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ ᠪᠠ ᠬᠤᠲᠠ  ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠡᠭᠦᠷᠭᠡᠯᠡᠵᠦ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ  ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠤᠷᠰᠢᠯᠴᠠᠭᠠᠨ ᠤ ᠲᠣᠪᠴᠢᠶ᠎ᠠ᠂ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠪᠠ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠢᠶᠠᠷ ᠪᠦᠷᠢᠯᠳᠦᠬᠦᠨ ᠨᠢᠭᠡᠴᠢ ᠪᠣᠯᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠬᠤᠳᠠᠯᠳᠤᠭᠠᠨ  ᠤ ᠶᠠᠪᠤᠳᠠᠯ ᠤᠨ ᠲᠣᠪᠴᠢᠶ᠎ᠠ ᠳᠤ ᠲᠤᠬᠢᠷᠠᠭᠤᠯᠤᠨ᠎ᠠ᠃      ︵ᠬᠤᠶᠠᠷ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ ᠣᠷᠣᠨ ᠤ ᠵᠠᠰᠠᠭ ᠤᠨ ᠣᠷᠳᠣᠨ ᠢᠶᠠᠷ ᠭᠤᠣᠯ ᠴᠣᠭᠴᠠ ᠪᠣᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ ᠵᠢᠴᠢ ᠡᠵᠡᠩᠨᠡᠯᠲᠡ ᠶᠢᠨ ᠭᠤᠤᠯ ᠴᠣᠭᠴᠠ ᠶᠢ ᠪᠦᠲᠦᠮᠵᠢᠲᠡᠶ ᠵᠣᠯᠭᠠᠭᠤᠯᠬᠤ᠂ ᠬᠦᠴᠦ ᠨᠢᠭᠡᠳᠦᠨ ᠬᠠᠮᠵᠢᠯᠴᠠᠵᠤ᠂ ᠥᠨᠳᠥᠷ ᠪᠦᠲᠦᠮᠵᠢᠲᠡᠶ ᠠᠵᠢᠯᠯᠠᠭᠠᠨ ᠤ ᠤᠷᠲᠤ ᠬᠤᠭᠤᠴᠠᠭᠠᠨ ᠤ ᠠᠬᠢᠭᠤᠯᠬᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ ᠢ ᠪᠠᠶᠢᠭᠤᠯᠵᠤ᠂ ᠡᠯ᠎ᠡ ᠭᠠᠵᠠᠷ ᠣᠷᠣᠨ ᠪᠣᠯᠤᠨ ᠡᠯ᠎ᠡ ᠰᠠᠯᠠᠭ᠎ᠠ ᠮᠥᠴᠢᠷ  ᠤᠨ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠴᠤᠭᠯᠠᠭᠤᠯᠤᠨ ᠡᠮᠬᠢᠳᠬᠡᠵᠦ᠂ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠦᠲᠦᠭᠡᠨ ᠪᠠᠶᠢᠭᠤᠯᠤᠯᠲᠠ ᠳᠠᠬᠢ ᠲᠥᠯᠥᠪᠵᠢᠭᠦᠯᠭᠡ ᠤᠬᠠᠭᠠᠯᠠᠭ᠎ᠠ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠵᠡᠭᠡᠯᠢ ᠲᠣᠭᠤᠷᠢᠭ ᠤᠨ ᠬᠠᠮᠢᠶᠠᠷᠤᠯᠲᠠ ᠵᠡᠷᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠢ ᠨᠦᠭᠦᠳ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ ᠢ ᠲᠣᠭᠲᠠᠭᠠᠵᠤ᠂ ᠬᠠᠷᠠᠯᠲᠠ  ᠪᠠᠨ ᠲᠣᠳᠣᠷᠬᠠᠶᠢᠯᠠᠵᠤ᠂ ᠡᠭᠦᠷᠭᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ᠃ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠣᠨᠴᠠᠯᠢᠭᠲᠤ ᠬᠤᠳᠠᠯᠳᠤᠭᠠᠨ ᠤ ᠶᠠᠪᠠᠭᠠᠨ ᠵᠡᠭᠡᠯᠢ ᠶᠢᠨ ᠪᠦᠬᠦᠯᠢ ᠴᠣᠭᠴᠠ ᠶᠢᠨ ᠡᠵᠡᠩᠨᠡᠨ ᠪᠣᠷᠣᠯᠠᠭᠤᠯᠬᠤ ᠲᠥᠰᠦᠪᠯᠡᠯ ᠢᠶᠠᠨ ᠴᠢᠩᠭᠠᠳᠬᠠᠵᠤ᠂ ᠵᠠᠭᠤᠴᠢᠯᠠᠭᠤᠷ ᠤᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠤᠬᠠᠭᠤᠯᠤᠨ ᠲᠠᠨᠢᠯᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠣᠰ ᠭᠠᠵᠠᠷ ᠤᠨ ᠬᠡᠷᠡᠭᠯᠡᠭᠡ ᠶᠢ ᠬᠥᠭᠵᠢᠭᠡᠨᠲᠡᠶ ᠪᠣᠯᠭᠠᠬᠤ ᠶᠢᠨ ᠬᠠᠮᠲᠤ ᠭᠠᠳᠠᠭᠠᠳᠤ ᠬᠡᠷᠡᠭᠯᠡᠭᠡ ᠶᠢ ᠲᠠᠲᠠᠨ ᠴᠤᠭᠯᠠᠷᠠᠭᠤᠯᠵᠤ᠂ ᠣᠨᠴᠠᠯᠢᠭᠲᠤ ᠬᠤᠳᠠᠯᠳᠤᠭᠠᠨ  ᠤ ᠶᠠᠪᠠᠭᠠᠨ ᠵᠡᠭᠡᠯᠢ ᠶᠢᠨ ᠦᠷᠭᠦᠯᠵᠢᠯᠡᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃     ᠬᠥᠬᠡᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ     ᠬᠥᠭᠵᠢᠯᠲᠡ ᠶᠢ ᠠᠬᠢᠭᠤᠯᠬᠤ ᠵᠢᠯᠤᠭᠤᠳᠬᠤ ᠰᠠᠨᠠᠯ     ︽ᠬᠡᠷᠡᠭᠯᠡᠭᠡ ᠶᠢ ᠠᠬᠢᠭᠤᠯᠬᠤ ᠪᠠᠶᠢᠭᠤᠯᠤᠯ ᠤᠨ ᠲᠤᠭᠲᠠᠴᠠ ᠶᠢ ᠲᠡᠭᠦᠯᠳᠡᠷᠵᠢᠭᠦᠯᠵᠦ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠦᠪ ᠲᠠᠷᠬᠠᠭᠠᠭᠰᠠᠨ ﹇2018﹈ 32 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ︽ᠭᠦᠢᠯᠭᠡᠭᠡ ᠶᠢᠨ ᠬᠥᠭᠵᠢᠯᠲᠡ ᠶᠢ ᠲᠦᠷᠭᠡᠳᠬᠡᠵᠦ ᠬᠤᠳᠠᠯᠳᠤᠭᠠᠨ  ᠤ ᠬᠡᠷᠡᠭᠯᠡᠭᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 42 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠷᠡᠭᠯᠡᠭᠡᠨ ᠤ ᠳᠡᠰ ᠳᠡᠪᠰᠢᠬᠦ ᠰᠢᠨ᠎ᠡ ᠬᠠᠨᠳᠤᠰᠢ ᠳᠤ ᠵᠣᠬᠢᠴᠠᠭᠤᠯᠤᠨ᠂ ᠮᠠᠨ ᠤ ᠬᠤᠲᠠ ᠶᠢᠨ ᠠᠷᠠᠳ ᠲᠤ ᠳᠥᠭᠦᠮ ᠦᠵᠡᠭᠦᠯᠬᠦ ᠬᠤᠳᠠᠯᠳᠤᠭᠠᠨ ᠤ ᠦᠢᠯᠡᠴᠢᠯᠡᠭᠡᠨ ᠤ ᠲᠥᠬᠦᠭᠡᠷᠦᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠠᠭᠤᠭᠠᠯᠢ ᠠᠷᠠᠳ  ᠤᠨ ᠬᠡᠷᠡᠭᠯᠡᠭᠡᠨ ᠤ ᠳᠥᠭᠦᠮ ᠳᠥᠲᠡ ᠴᠢᠨᠠᠷ ᠪᠠ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠣᠨᠴᠠᠭᠠᠶᠢᠯᠠᠨ ᠲᠣᠰ ᠵᠢᠯᠣᠭᠤᠳᠬᠤ ᠰᠠᠨᠠᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︽ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠦ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠠᠷᠠᠳ ᠤᠨ ᠠᠮᠢᠳᠤᠷᠠᠯ ᠳᠤ ᠲᠥᠪᠯᠡᠷᠡᠭᠦᠯᠬᠦ᠂ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠬᠦ᠂ ᠬᠥᠭᠵᠢᠯᠲᠡ ᠶᠢᠨ ᠰᠢᠨ᠋᠎ᠡ ᠶᠢ ᠡᠭᠦᠳᠬᠦ᠂ ᠴᠢᠳᠠᠮᠵᠢ ᠪᠠᠨ ᠲᠡᠭᠦᠯᠳᠡᠷᠵᠢᠭᠦᠯᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ︽ᠵᠢᠷᠭᠤᠭ᠎ᠠ ᠶᠢ ᠨᠢᠭᠡᠳᠬᠡᠬᠦ︾ ︵ᠨᠢᠭᠡᠳᠦᠯᠲᠡᠶ ᠳᠦᠷᠢ ᠲᠥᠷᠬᠦ᠂ ᠨᠢᠭᠡᠳᠦᠯᠲᠡᠶ ᠬᠠᠮᠢᠶᠠᠷᠤᠨ ᠡᠵᠡᠮᠳᠡᠬᠦ᠂ ᠨᠢᠭᠡᠳᠦᠯᠲᠡᠶ ᠪᠡᠯᠡᠳᠬᠡᠮᠵᠢ ᠳᠣᠭᠢᠷᠠᠭᠤᠯᠬᠤ᠂ ᠨᠢᠭᠡᠳᠦᠯᠲᠡᠶ ᠦᠢᠯᠡᠴᠢᠯᠡᠬᠦ ᠪᠠᠷᠢᠮᠵᠢᠶ᠎ᠠ᠂ ᠨᠢᠭᠡᠳᠦᠯᠲᠡᠶ ᠬᠤᠳᠠᠯᠳᠤᠨ ᠠᠪᠬᠤ᠂ ᠨᠢᠭᠡᠳᠦᠯᠲᠡᠶ ᠳᠣᠭᠢᠷᠠᠭᠤᠯᠤᠨ ᠬᠦᠷᠭᠡᠬᠦ︶ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠣᠳᠣ ᠪᠠᠶᠢᠭ᠎ᠠ ᠳᠦᠲᠡ ᠳᠡᠯᠭᠡᠭᠦᠷ ᠤᠨ ᠳᠡᠰ ᠳᠡᠪᠰᠢᠭᠦᠯᠦᠨ ᠥᠭᠡᠷᠡᠴᠢᠯᠡᠬᠦ ᠪᠠ ᠨᠡᠷᠡᠲᠦ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠮᠡᠷᠭᠡᠵᠢᠯ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠳᠦᠲᠡ ᠳᠡᠯᠭᠡᠭᠦᠷ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠶᠠᠰᠤ ᠴᠢᠨᠠᠷ ᠪᠠ ᠰᠠᠭᠤᠭᠠᠯᠢ ᠠᠷᠠᠳ ᠤᠨ ᠬᠡᠷᠡᠭᠯᠡᠭᠡ ᠶᠢ ᠳᠥᠭᠦᠮᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃      ᠬᠤᠶᠠᠷ᠂ ᠭᠤᠤᠯ ᠬᠠᠷᠠᠯᠲᠠ      2022 ᠤᠨ ᠰᠡᠭᠦᠯᠴᠢ ᠪᠣᠯᠬᠤ ᠳᠤ᠂ ᠪᠦᠬᠦ ᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ 2000 ᠶᠢ ᠳᠠᠪᠠᠵᠤ᠂ ᠳᠡᠯᠭᠡᠭᠦᠷ ᠤᠨ ᠲᠤᠭ᠎ᠠ ᠨᠢ 200 ᠠᠴᠠ ᠳᠡᠭᠡᠭᠰᠢ ᠲᠥᠷᠦᠯ ᠲᠡᠮᠳᠡᠭᠲᠦ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠦ ᠠᠬᠤᠶᠢᠯᠠᠯ ᠢ 3 — 5 ᠬᠥᠮᠥᠵᠢᠭᠦᠯᠦᠨ ᠬᠥᠭᠵᠢᠭᠦᠯᠵᠦ᠂ ᠤᠯᠤᠰ ᠤᠨ ᠳᠣᠲᠣᠭᠠᠳᠤ ᠶᠢᠨ ᠨᠡᠷᠡᠲᠦ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ  ᠢ 1 — 2 ᠢ ᠣᠷᠣᠭᠤᠯᠤᠨ ᠠᠪᠴᠢᠷᠠᠵᠤ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠭᠡᠨ ᠬᠦᠭᠵᠢᠭᠦᠯᠵᠦ᠂ ᠲᠡᠭᠡᠳᠦ ᠴᠢᠨᠠᠷᠲᠠᠢ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠢ ᠬᠤᠲᠠ ᠶᠢᠨ ᠲᠣᠭᠤᠷᠢᠭ ᠤᠨ ᠬᠡᠪᠴᠢᠶᠡᠨ ᠤ ᠪᠦᠬᠦ ᠨᠡᠶᠢᠭᠡᠮ ᠲᠣᠭᠤᠷᠢᠭ ᠪᠣᠯᠤᠨ ᠬᠤᠰᠢᠭᠤ ᠰᠢᠶᠠᠨ ᠰᠢᠶᠠᠩ ᠪᠠᠯᠭᠠᠰᠤ ᠳᠤ ᠪᠦᠷᠬᠦᠭᠡᠨ᠎ᠡ᠃      ᠭᠤᠷᠪᠠ᠂ ᠭᠤᠤᠯᠳᠠᠯᠭ᠎ᠠ ᠲᠠᠢ ᠡᠭᠦᠷᠭᠡ      ︵ᠨᠢᠭᠡ︶ ᠲᠣᠤᠷ ᠴᠢᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ      ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠡᠯᠡᠳᠬᠡᠮᠵᠢ ᠶᠢ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠯᠤᠭ᠎ᠠ ᠵᠡᠷᠭᠡᠪᠡᠷ ᠲᠥᠯᠥᠪᠵᠢᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠪᠡᠯᠡᠳᠬᠡᠮᠵᠢ ᠶᠢᠨ ᠲᠠᠯᠠᠪᠠᠶ ᠪᠠ ᠬᠡᠷ ᠤᠨ ᠬᠡᠯᠪᠡᠷᠢ ᠨᠢ ᠳᠥᠲᠡ ᠳᠡᠯᠭᠡᠭᠦᠷ ᠤᠨ ᠡᠵᠡᠩᠨᠡᠯᠲᠡ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠶ︔ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠠᠢ ᠤᠶᠠᠯᠳᠤᠭᠤᠯᠤᠨ᠂ ᠣᠷᠣᠨ ᠵᠠᠶ ᠶᠢ ᠨᠢᠭᠡᠳᠦᠯᠲᠡᠶ ᠲᠥᠯᠥᠪᠯᠡᠨ ᠠᠰᠢᠭᠯᠠᠵᠤ᠂ ᠬᠤᠳᠠᠯᠳᠤᠭᠠᠨ ᠤ ᠲᠣᠤᠷ ᠴᠢᠭ ᠢᠶᠠᠷ ᠨᠡᠯᠢᠶᠡᠳ ᠴᠥᠭᠡᠨ ᠣᠷᠣᠨ ᠪᠦᠰᠡ ᠳᠤ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠢ ᠤᠷᠢᠳᠠᠪᠠᠷ ᠪᠠᠶᠢᠷᠢᠯᠠᠭᠤᠯᠤᠨ᠎ᠠ︔ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠶ ᠶᠢ ᠵᠣᠬᠢᠴᠠᠭᠤᠯᠤᠨ ᠴᠢᠯᠥᠭᠡᠲᠡᠶ ᠪᠣᠯᠭᠠᠵᠤ᠂ ᠡᠮᠨᠡᠯᠭᠡ ᠶᠢᠨ ᠬᠤᠷᠢᠶ᠎ᠠ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠰᠤᠷᠭᠠᠭᠤᠯᠢ᠂ ᠴᠡᠴᠡᠷᠯᠢᠭ᠂ ᠦᠵᠡᠮᠵᠢ ᠶᠢᠨ ᠣᠷᠣᠨ᠂ ᠵᠠᠮ ᠬᠠᠷᠢᠯᠴᠠᠭᠠᠨ ᠤ ᠥᠷᠲᠡᠭᠡ ᠭᠠᠵᠠᠷ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠭᠠᠵᠠᠷ ᠲᠠᠯᠠᠪᠤᠷ ᠲᠤ ᠬᠡᠯᠬᠢᠶᠡᠵᠢᠭᠰᠡᠨ ᠳᠥᠲᠡ ᠳᠡᠯᠭᠡᠭᠦᠷ᠂ ᠬᠥᠮᠦᠨ ᠦᠢᠯᠡᠴᠢᠯᠡᠬᠦ ᠦᠭᠡᠶ ᠳᠥᠲᠡ ᠳᠡᠯᠭᠡᠭᠦᠷ᠂ ᠤᠶᠤᠨᠲᠤ ᠵᠢᠵᠢᠭᠯᠡᠨ ᠬᠤᠳᠠᠯᠳᠤᠬᠤ ᠯᠠᠩᠭᠦᠶ ᠶᠢ ᠣᠷᠣᠭᠤᠯᠬᠤ ᠶᠢ ᠲᠦᠯᠬᠢᠨ ᠠᠬᠢᠭᠤᠯᠵᠤ᠂ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠬᠢᠭᠡᠳ ᠰᠤᠭᠤᠯᠤᠭ᠎ᠠ ᠶᠢᠨ ᠥᠷᠲᠡᠭᠡ ᠴᠢᠭ᠂ ᠬᠤᠲᠠ ᠬᠥᠳᠡᠭᠡ ᠶᠢᠨ ᠲᠡᠭᠦᠰᠬᠡᠯ ᠦᠵᠦᠭᠦᠷ ᠤᠨ ᠰᠢᠤᠳᠠᠨ  ᠤ ᠲᠣᠤᠷ ᠴᠢᠭ ᠵᠡᠷᠭᠡ ᠶᠢᠨ ᠬᠤᠷᠰᠢᠨ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠨᠦᠬᠦᠴᠡᠯ ᠶᠢᠨ ᠬᠤᠪᠢᠶᠠᠯᠴᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠶᠢᠭᠠᠯᠢ  ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠨᠢᠰᠬᠡᠯ ᠤᠨ ᠪᠠᠭᠤᠳᠠᠯ ᠬᠢᠭᠡᠳ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠠᠯᠪᠠᠨ ᠭᠡᠷ᠂ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶      ︵ᠬᠤᠶᠠᠷ︶ ᠵᠢᠵᠢᠭᠯᠡᠨ ᠬᠤᠳᠠᠯᠳᠤᠬᠤ ᠲᠦᠬᠦᠮ ᠦᠵᠡᠭᠦᠯᠬᠦ ᠰᠢᠨ᠎ᠡ ᠡᠭᠦᠳᠦᠯᠲᠡ ᠶᠢ ᠠᠬᠢᠭᠤᠯᠤᠨ᠎ᠠ      ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠰᠢᠨ᠎ᠡ ᠮᠡᠷᠭᠡᠵᠢᠯ ᠢ ᠠᠰᠢᠭᠯᠠᠨ ᠵᠢᠵᠢᠭᠯᠡᠨ ᠬᠤᠳᠠᠯᠳᠤᠬᠤ ᠳᠤ ᠲᠦᠬᠦᠮ ᠦᠵᠡᠭᠦᠯᠬᠦ ᠶᠢ ᠵᠣᠷᠢᠭᠵᠢᠭᠤᠯᠤᠨ᠎ᠠ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠬᠡᠷᠡᠭᠯᠡᠭᠡᠨ ᠤ ᠪᠣᠳᠠᠰ ᠤᠨ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠬᠦ ᠶᠢ ᠬᠥᠲᠥᠯᠥᠨ ᠵᠢᠯᠤᠭᠤᠳᠴᠦ᠂ ᠦᠪᠡᠷᠲᠡᠭᠡᠨ ᠳ᠋ᠦᠩᠨᠡᠨ ᠪᠣᠳᠣᠬᠤ᠂ ᠺᠣᠳ᠋ ᠰᠢᠷᠪᠢᠵᠦ ᠲᠣᠭᠠᠴᠠᠭ᠎ᠠ ᠬᠢᠬᠦ᠂ ᠬᠥᠮᠦᠨ ᠤ ᠵᠢᠰᠦ ᠶᠢ ᠢᠯᠭᠠᠨ ᠲᠠᠨᠢᠬᠤ ᠵᠡᠷᠭᠡ ᠰᠢᠯᠵᠢᠮᠡᠯ ᠲᠣᠭᠠᠴᠠᠭ᠎ᠠ ᠬᠢᠬᠦ ᠮᠡᠷᠭᠡᠵᠢᠯ ᠪᠠ ᠲᠣᠮᠣ ᠳ᠋ᠠᠶᠢᠲ᠋ᠠ ᠶᠢᠨ ᠵᠠᠳᠠᠯᠤᠯᠲᠠ  ᠶᠢᠨ ᠰᠢᠰᠲ᠋ᠧᠮ ᠢ ᠳᠡᠯᠭᠡᠷᠡᠭᠦᠯᠵᠦ᠂ ᠨᠢᠭᠤᠭᠳᠠᠮᠠᠯ ᠬᠡᠷᠡᠭᠯᠡᠭᠴᠢᠳ ᠤᠨ ᠤᠷᠤᠰᠬᠠᠯ ᠢ ᠲᠠᠲᠠᠵᠤ᠂ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ O2O ᠳᠥᠲᠡ ᠳᠡᠯᠭᠡᠭᠦᠷ᠂ 24 ᠴᠠᠭ ᠤᠨ ᠳᠥᠲᠡ ᠳᠡᠯᠭᠡᠭᠦᠷ᠂ ᠬᠥᠮᠦᠨ ᠦᠢᠯᠡᠴᠢᠯᠡᠬᠦ ᠦᠭᠡᠢ ᠳᠥᠲᠡ ᠳᠡᠯᠭᠡᠭᠦᠷ᠂ ᠤᠶᠤᠨᠲᠤ ᠵᠢᠵᠢᠭᠯᠡᠨ ᠬᠤᠳᠠᠯᠳᠤᠬᠤ ᠯᠠᠩᠭᠦᠶ᠂ ᠰᠢᠯᠵᠢᠮᠡᠯ ᠳᠥᠲᠡ ᠳᠡᠯᠭᠡᠭᠦᠷ ᠵᠡᠷᠭᠡ ᠰᠢᠨ᠎ᠡ ᠡᠵᠡᠩᠨᠡᠯᠲᠡ ᠶᠢᠨ ᠪᠠᠶᠢᠳᠠᠯ ᠢ ᠢᠳᠡᠪᠬᠢᠲᠠᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠲᠠᠪᠴᠠᠩ ᠭᠠᠷᠭᠠᠬᠤ ᠶᠢ ᠵᠣᠷᠢᠭᠵᠢᠭᠤᠯᠵᠤ᠂ ᠲᠡᠷᠡᠴᠢᠯᠡᠨ ᠰᠦᠯᠵᠢᠶᠡᠨ ᠭᠠᠳᠠᠨᠠᠬᠢ ᠳᠥᠲᠡ ᠳᠡᠯᠭᠡᠭᠦᠷ ᠲᠤ ᠲᠦᠰᠢᠭᠯᠡᠨ᠂ ᠨᠡᠶᠢᠭᠡᠮ ᠲᠣᠭᠤᠷᠢᠭ  ᠤᠨ ᠰᠠᠭᠤᠭᠠᠯᠢ ᠠᠷᠠᠳ ᠲᠤ ᠰᠦᠯᠵᠢᠶᠡᠨ ᠳᠡᠭᠡᠷ᠎ᠡ ᠵᠠᠬᠢᠶᠠᠯᠠᠨ ᠰᠦᠯᠵᠢᠶᠡᠨ ᠭᠠᠳᠠᠨ᠎ᠠ ᠪᠡᠶᠡᠴᠢᠯᠡᠨ ᠣᠶᠢᠯᠠᠭᠠᠬᠤ᠂ ᠭᠡᠷ ᠲᠤ ᠬᠦᠷᠭᠡᠬᠦ ᠵᠢᠴᠢ ᠨᠡᠶᠢᠭᠡᠮ ᠲᠣᠭᠤᠷᠢᠭ ᠤᠨ ᠬᠠᠮᠲᠤ ᠪᠠᠷ ᠬᠤᠳᠠᠯᠳᠤᠨ ᠠᠪᠬᠤ ᠵᠡᠷᠭᠡ ᠦᠢᠯᠡᠴᠢᠯᠡᠭᠡ ᠬᠠᠩᠭᠠᠨ᠎ᠠ︔ ᠳᠥᠲᠡ ᠳᠡᠯᠭᠡᠭᠦᠷ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠭᠤᠯᠭ᠎ᠠ ᠶᠢ ᠥᠷᠭᠡᠳᠬᠡᠨ ᠤᠷᠲᠤᠳᠬᠠᠬᠤ ᠶᠢ ᠳᠠᠮᠵᠢᠵᠤ᠂ ᠲᠦᠷᠭᠡᠨ ᠢᠯᠡᠭᠡᠯᠲᠡ ᠶᠢᠨ ᠬᠤᠷᠢᠶᠠᠬᠤ ᠲᠠᠷᠬᠠᠭᠠᠬᠤ᠂ ᠰᠦᠢᠳᠭᠡᠯ ᠲᠤᠰᠢᠶᠠᠬᠤ ᠂ ᠬᠤᠪᠴᠠᠰᠤ ᠤᠬᠢᠶᠠᠬᠤ ᠦᠢᠯᠡᠴᠢᠯᠡᠭᠡ ᠵᠡᠷᠭᠡ ᠡᠩ ᠤᠨ ᠬᠡᠷᠡᠭᠯᠡᠭᠡᠨ ᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠨᠡᠮᠡᠭᠳᠡᠭᠦᠯᠦᠨ᠎ᠡ᠃ ᠨᠥᠬᠦᠴᠡᠯ ᠲᠠᠢ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠥᠪᠡᠷ ᠤᠨ ᠲᠥᠷᠦᠯ ᠲᠡᠮᠳᠡᠭᠲᠦ ᠲᠠᠸᠠᠷ ᠢᠶᠠᠨ ᠬᠥᠭᠵᠢᠭᠦᠯᠬᠦ ᠶᠢ ᠵᠣᠷᠢᠭᠵᠢᠭᠤᠯᠵᠤ᠂ ᠣᠨᠴᠠᠯᠢᠭᠲᠤ ᠲᠠᠸᠠᠷ ᠪᠠ ᠢᠳᠡᠭᠡᠨ ᠢ ᠨᠡᠭᠡᠭᠡᠨ ᠬᠥᠭᠵᠢᠭᠦᠯᠵᠦ᠂ ᠰᠢᠨ᠎ᠡ ᠰᠣᠷᠭᠤᠭ ᠢᠳᠡᠭᠡᠨ ᠤ ᠦᠢᠯᠡᠳᠬᠦᠨ ᠤ ᠪᠤᠷᠤᠯᠭᠤᠯᠤᠲᠠ ᠶᠢ ᠥᠷᠭᠡᠳᠬᠡᠨ᠂ ᠥᠪᠡᠷ ᠤᠨ ᠲᠥᠷᠦᠯ ᠲᠡᠮᠳᠡᠭᠲᠦ ᠲᠠᠸᠠᠷ ᠪᠠ ᠰᠢᠨ᠎ᠡ ᠰᠣᠷᠭᠤᠭ ᠢᠳᠡᠭᠡᠨ ᠤ ᠪᠦᠲᠦᠭᠡᠭᠳᠡᠬᠦᠨ ᠤ ᠡᠵᠡᠩᠨᠡᠯᠲᠡ ᠶᠢᠨ ᠬᠤᠪᠢ  ᠶᠢᠨ ᠵᠢᠩ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ︶      ︵ᠭᠤᠷᠪᠠ︶ ᠦᠨᠡᠮᠯᠡᠯ ᠭᠦᠢᠴᠡᠳᠭᠡᠬᠦ ᠬᠢᠨᠠᠨ ᠵᠥᠪᠰᠢᠶᠡᠷᠡᠬᠦ ᠴᠤᠪᠤᠷᠠᠯ ᠢ ᠳᠥᠭᠦᠮᠴᠢᠯᠡᠨ᠎ᠡ      1. ᠳᠠᠩᠰᠠᠯᠠᠬᠤ ᠴᠤᠪᠤᠷᠠᠯ ᠢ ᠳᠥᠭᠦᠮᠴᠢᠯᠡᠨ᠎ᠡ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠳᠤ ︽ᠨᠢᠭᠡ ᠦᠨᠡᠮᠯᠡᠯ ᠢ ᠣᠯᠠᠨ ᠳᠡᠯᠭᠡᠭᠦᠷ ᠲᠤ ᠬᠡᠷᠡᠭᠵᠢᠭᠦᠯᠬᠦ︾ ᠤᠨ ᠳᠠᠩᠰᠠᠯᠠᠯ ᠢ ᠬᠡᠷᠡᠭᠵᠢᠭᠦᠯᠵᠦ᠂ ᠠᠳᠠᠯᠢ ᠨᠢᠭᠡᠨ ᠬᠤᠰᠢᠭᠤ ᠰᠢᠶᠠᠨ ᠤ ᠱᠠᠲᠤᠨ ᠤ ᠳᠠᠩᠰᠠᠯᠠᠬᠤ ᠪᠠᠶᠢᠭᠤᠯᠤᠯᠭ᠎ᠠ ᠶᠢᠨ ᠬᠠᠮᠢᠶᠠᠷᠬᠤ ᠬᠡᠪᠴᠢᠶᠡᠨ ᠳᠤᠲᠤᠷ᠎ᠠ᠂ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠠᠴᠠ ᠳᠠᠩᠰᠠᠯᠠᠭᠤᠯᠤᠨ ᠲᠡᠮᠳᠡᠭᠯᠡᠭᠦᠯᠬᠦ ᠶᠢ ᠬᠠᠷᠢᠭᠤᠴᠠᠬᠤ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠳᠤ ᠨᠢᠭᠡᠳᠦᠯᠲᠡᠶ ᠭᠤᠶᠤᠴᠢᠯᠠᠨ ᠭᠦᠢᠴᠡᠳᠭᠡᠯᠭᠡᠨ᠎ᠡ᠃ ᠭᠠᠨᠴᠠ ᠤᠳᠠᠭ᠎ᠠ ᠳᠤ ᠤᠯᠠᠨ ᠬᠡᠯᠬᠢᠶᠡᠵᠢᠭᠰᠡᠨ ᠳᠥᠲᠡ ᠳᠡᠯᠭᠡᠭᠦᠷ  ᠢ ᠳᠡᠩᠰᠡᠯᠡᠨ ᠳᠠᠩᠰᠠᠯᠠᠭᠤᠯᠬᠤ ᠪᠠᠷ ᠭᠤᠶᠤᠴᠢᠯᠠᠵᠤ ᠪᠣᠯᠤᠨ᠎ᠠ︔ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠠᠴᠢᠶᠠᠯᠠᠭᠰᠠᠨ ︽ᠨᠢᠭᠡ ᠦᠨᠡᠮᠯᠡᠯ ᠢ ᠣᠯᠠᠨ ᠳᠡᠯᠭᠡᠭᠦᠷ ᠲᠤ ᠬᠡᠷᠡᠭᠵᠢᠭᠦᠯᠬᠦ︾ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ︵ᠤᠷᠢᠳᠴᠢᠯᠠᠭᠰᠠᠨ ᠵᠥᠪᠰᠢᠶᠡᠷᠡᠯ ᠤᠨ ᠡᠵᠡᠩᠨᠡᠯᠲᠡ ᠶᠢᠨ ᠲᠥᠷᠥᠯ ᠵᠦᠢᠯ ᠪᠠᠭᠲᠠᠬᠤ ᠦᠭᠡᠢ︶ ᠶᠡᠷᠦᠩᠬᠡᠶ ᠬᠡᠯᠲᠡᠰ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠡᠵᠡᠩᠨᠡᠯᠲᠡ ᠶᠢᠨ ᠬᠡᠪᠴᠢᠶ᠎ᠡ ᠶᠢᠨ ᠲᠥᠷᠥᠯ ᠵᠦᠢᠯ ᠤᠨ ᠨᠡᠮᠡᠭᠳᠡᠯ ᠪᠤᠶᠤ ᠳᠠᠩᠰᠠᠯᠠᠯ ᠢ ᠨᠢᠭᠡᠳᠦᠯᠲᠡᠶ ᠭᠦᠢᠴᠡᠳᠭᠡᠵᠦ ᠪᠣᠯᠤᠨ᠎ᠠ᠃ ᠡᠯ᠎ᠡ ᠬᠡᠯᠬᠢᠶᠡᠵᠢᠭᠰᠡᠨ ᠳᠡᠯᠭᠡᠭᠦᠷ ᠤᠳ ᠢ ᠠᠰ ᠲᠤᠨᠢ ᠭᠦᠢᠴᠡᠳᠭᠡᠬᠦ ᠴᠢᠬᠤᠯᠠ ᠦᠭᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      2. ᠰᠢᠨ᠎ᠡ ᠬᠢᠨᠠᠯᠲᠠ ᠬᠠᠮᠢᠶᠠᠷᠤᠯᠲᠠ ᠶᠢᠨ ᠵᠠᠭᠪᠤᠷ ᠶᠢ ᠡᠭᠦᠳᠦᠨ᠎ᠡ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠳᠥᠭᠦᠮ ᠬᠤᠭᠤᠯᠠ ᠬᠢᠵᠦ ᠪᠣᠷᠣᠯᠠᠭᠤᠯᠬᠤ ᠶᠢ ᠳᠠᠮᠵᠢᠵᠤ᠂ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠳᠤ ᠤᠷᠢᠳᠴᠢᠯᠠᠨ ᠪᠣᠭᠤᠳᠠᠯᠯᠠᠭᠰᠠᠨ ᠢᠳᠡᠭᠡᠨ ᠢ ᠲᠥᠬᠦᠮ ᠬᠠᠯᠠᠭᠤᠯᠬᠤ ᠦᠢᠯᠡᠴᠢᠯᠡᠭᠡᠨ ᠤ ᠲᠥᠷᠥᠯ ᠵᠦᠢᠯ ᠢ ᠭᠤᠶᠤᠴᠢᠯᠠᠨ ᠡᠷᠭᠢᠯᠡᠪᠡᠯ᠂ ᠡᠵᠡᠩᠨᠡᠯᠲᠡ ᠶᠢᠨ ᠬᠡᠪᠴᠢᠶᠡᠨ ᠳᠤ ︽ᠢᠳᠡᠭᠡᠨ ᠪᠣᠷᠣᠯᠠᠭᠤᠯᠬᠤ︾ ᠭᠡᠵᠦ ᠲᠣᠳᠣᠷᠬᠠᠶᠢᠯᠠᠵᠤ ᠪᠣᠯᠤᠨ᠎ᠠ︔ ︽ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ︾ ᠢ ᠨᠢᠭᠡᠨᠲᠡ ᠣᠯᠤᠭᠰᠠᠨ ᠢᠳᠡᠭᠡᠨ ᠢᠶᠠᠷ ᠲᠦᠭᠦᠬᠡᠶ ᠮᠠᠲ᠋ᠧᠷᠢᠶᠠᠯ ᠪᠣᠯᠭᠠᠭᠰᠠᠨ᠂ ᠪᠢᠲᠡᠭᠦᠦ ᠮᠠᠶ᠋ᠢᠭ ᠤᠨ ᠠᠦ᠋ᠲ᠋ᠣᠴᠢᠯᠠᠭᠰᠠᠨ ᠲᠥᠬᠦᠭᠡᠷᠦᠮᠵᠢ ᠪᠠᠷ ᠦᠢᠯᠡᠳᠬᠦ᠂ ᠪᠤᠷᠤᠯᠠᠭᠤᠯᠬᠤ ᠵᠡᠷᠭᠡ ᠵᠠᠯᠭᠠᠮᠵᠢ ᠠᠵᠢᠯ ᠤᠨ ᠳᠡᠰ ᠳᠠᠷᠠᠭ᠎ᠠ ᠶᠢ ᠪᠡᠶᠡᠯᠡᠭᠦᠯᠦᠭᠰᠡᠨ ᠤᠮᠳᠠᠭᠠᠨ ᠤ ᠲᠥᠷᠥᠯ ᠵᠦᠢᠯ ᠳᠤ᠂ ᠰᠤᠯᠠ ᠰᠠᠪᠠᠯᠠᠭᠰᠠᠨ ᠢᠳᠡᠭᠡᠨ ᠪᠣᠷᠣᠯᠠᠭᠤᠯᠬᠤ ᠡᠵᠡᠩᠨᠡᠯᠲᠡ ᠶᠢᠨ ᠲᠥᠷᠥᠯ ᠵᠦᠢᠯ ᠢᠶᠠᠷ ᠵᠦᠪᠰᠢᠶᠡᠷᠡᠭᠦᠯᠦᠨ᠎ᠡ᠂ ᠦᠪᠡᠷ ᠢᠶᠠᠨ ᠦᠢᠯᠡᠳᠦᠭᠰᠡᠨ ᠤᠮᠳᠠᠭᠠᠨ ᠤ ᠲᠥᠷᠥᠯ ᠵᠦᠢᠯ ᠭᠡᠵᠦ ᠲᠣᠳᠣᠷᠬᠠᠶᠢᠯᠠᠬᠤ ᠴᠢᠬᠤᠯᠠ ᠥᠬᠡᠶ︔ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠤᠷᠢᠳᠴᠢᠯᠠᠨ ᠪᠣᠭᠤᠳᠠᠯᠯᠠᠭᠰᠠᠨ ᠢᠳᠡᠭᠡᠨ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠲᠥᠷᠥᠯ ᠵᠦᠢᠯ ᠢ ᠭᠤᠶᠤᠴᠢᠯᠠᠬᠤ᠂ ᠢᠳᠡᠭᠡᠨ ᠡᠵᠡᠩᠨᠡᠬᠦ ᠵᠥᠪᠰᠢᠶᠡᠷᠡᠯ ᠢᠶᠠᠨ ᠬᠤᠪᠢᠷᠠᠭᠤᠯᠬᠤ᠂ ᠦᠷᠭᠦᠯᠵᠢᠯᠡᠭᠦᠯᠬᠦ᠂ ᠨᠥᠬᠦᠵᠦ ᠭᠦᠢᠴᠡᠳᠭᠡᠬᠦ ᠳᠤ ᠡᠵᠡᠩᠨᠡᠯᠲᠡ ᠶᠢᠨ ᠲᠠᠯᠠᠪᠤᠷ ᠭᠠᠵᠠᠷ ᠤᠨ ᠪᠠᠶᠢᠷᠢᠰᠢᠭᠤᠯᠤᠯ ᠪᠠ ᠪᠡᠯᠡᠳᠬᠡᠮᠵᠢ ᠪᠠᠨ ᠬᠤᠪᠢᠷᠠᠭᠤᠯᠤᠭᠰᠠᠨ ᠦᠭᠡᠶ ᠪᠣᠯ ᠲᠤᠬᠠᠶ ᠶᠢᠨ ᠲᠠᠯᠠᠪᠠᠶ ᠶᠢᠨ ᠬᠢᠨᠠᠨ ᠪᠠᠶᠢᠴᠠᠭᠠᠬᠤ ᠠᠴᠠ ᠬᠡᠯᠲᠦᠷᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      3. ᠬᠡᠰᠡᠭ ᠡᠮ ᠤᠨ ᠵᠦᠢᠯ ᠤᠨ ᠡᠵᠡᠩᠨᠡᠯᠲᠡ ᠶᠢᠨ ᠬᠢᠵᠠᠭᠠᠷᠯᠠᠯ ᠢ ᠪᠠᠭᠠᠰᠬᠠᠨ᠎ᠠ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠳᠦᠲᠡ ᠳᠡᠯᠭᠡᠭᠦᠷ ᠲᠤ ᠲᠤᠰᠬᠠᠶ ᠯᠠᠩᠭᠦᠶ ᠭᠠᠷᠭᠠᠵᠤ ᠬᠥᠬᠡᠭᠴᠢᠨ ᠲᠥᠷᠥᠯ ᠤᠨ ᠵᠣᠷ ᠤᠨ ᠪᠤᠰᠤ ᠡᠮ ᠬᠤᠳᠠᠯᠳᠤᠬᠤ ᠪᠠᠷ ᠭᠤᠶᠤᠴᠢᠯᠠᠬᠤ ᠶᠢ ᠳᠠᠮᠵᠢᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠣᠨᠴᠠᠯᠢᠭ ᠲᠤ ᠴᠢᠭᠯᠡᠭᠦᠯᠦᠨ ᠨᠢᠭᠡᠳᠦᠯᠲᠡᠶ ᠪᠠᠷᠢᠮᠵᠢᠶ᠎ᠠ ᠲᠣᠭᠲᠠᠭᠠᠵᠤ᠂ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠶᠡᠷᠦᠩᠬᠡᠶ ᠵᠠᠬᠢᠷᠭ᠎ᠠ ᠠᠴᠠ ᠪᠠᠷᠢᠮᠵᠢᠶ᠎ᠠ ᠶᠣᠰᠣᠭᠠᠷ ᠡᠵᠡᠩᠨᠡᠯᠲᠡ ᠶᠢᠨ ᠬᠢᠨᠠᠨ ᠵᠥᠪᠰᠢᠶᠡᠷᠡᠯ ᠢ ᠤᠯᠤᠭᠰᠠᠨ ᠤ ᠳᠠᠷᠠᠭ᠎ᠠ᠂ ᠡᠯ᠎ᠡ ᠬᠡᠯᠬᠢᠶᠡᠵᠢᠭᠰᠡᠨ ᠳᠥᠲᠡ ᠳᠡᠯᠭᠡᠭᠦᠷ ᠬᠠᠷᠢᠶ᠎ᠠ ᠣᠷᠣᠨ ᠳᠤ ᠳᠠᠩᠰᠠᠯᠠᠭᠤᠯᠬᠤ ᠭᠠᠷᠳᠠᠮ ᠭᠦᠢᠴᠡᠳᠭᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      4. ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠤ ᠡᠵᠡᠩᠨᠡᠯᠲᠡ ᠶᠢ ᠳᠡᠮᠵᠢᠨ᠎ᠡ᠃ ᠬᠡᠯᠬᠢᠶᠡᠵᠢᠭᠰᠡᠨ ᠳᠥᠲᠡ ᠳᠡᠯᠭᠡᠭᠦᠷ  ᠤᠨ ᠵᠢᠵᠢᠭᠯᠡᠨ ᠬᠤᠳᠠᠯᠳᠤᠬᠤ ᠨᠣᠮ ᠪᠢᠴᠢᠭ᠂ ᠳᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠵᠢᠴᠢ ᠰᠣᠨᠢᠨ ᠰᠡᠳᠬᠦᠯ ᠵᠡᠷᠭᠡ ᠲᠤᠬᠠᠶᠢᠯᠠᠭᠰᠠᠨ ᠠᠵᠢᠯ ᠢ ᠠᠴᠢᠶᠠᠯᠠᠬᠤ ᠨᠥᠬᠦᠴᠡᠯ ᠪᠦᠷᠢᠯᠳᠦᠭᠦᠯᠦᠭᠰᠡᠨ ᠠᠵᠤ ᠠᠬᠤᠶᠢᠯᠠᠯ ᠤᠨ ᠨᠣᠮ ᠰᠡᠳᠬᠦᠯ ᠲᠠᠷᠬᠠᠭᠠᠬᠤ ᠲᠤᠬᠠᠶᠢᠯᠠᠭᠰᠠᠨ ᠠᠵᠢᠯ ᠡᠷᠬᠢᠯᠡᠬᠦ ᠳᠤ ︽ᠶᠡᠷᠦᠩᠬᠡᠶ ᠬᠡᠯᠲᠡᠰ  ᠢ ᠬᠢᠨᠠᠨ ᠵᠦᠪᠰᠢᠶᠡᠷᠡᠪᠡᠯ᠂ ᠳᠠᠩ ᠳᠡᠯᠭᠡᠭᠦᠷ ᠳᠠᠩᠰᠠᠯᠠᠭᠤᠯᠬᠤ︾ ᠶᠢ ᠬᠡᠷᠡᠭᠵᠢᠭᠦᠯᠦᠨ᠎ᠡ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠬᠢᠭᠡᠳ ᠬᠡᠪᠯᠡᠭᠳᠡᠬᠦᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠲᠠᠢ ᠠᠵᠤ ᠠᠬᠤᠶᠢᠯᠠᠯ ᠬᠠᠮᠲᠤᠷᠠᠨ ᠡᠵᠡᠩᠨᠡᠬᠦ ᠳᠤ ᠳᠥᠭᠦᠮ ᠦᠵᠡᠭᠦᠯᠬᠦ ᠶᠢ ᠳᠡᠮᠵᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠤᠨᠢᠨ ᠮᠡᠳᠡᠭᠡ ᠬᠡᠪᠯᠡᠯ ᠤᠨ ᠬᠡᠪᠯᠡᠯ ᠤᠨ ᠡᠷᠬᠡ ᠶᠢᠨ ᠲᠣᠪᠴᠢᠶ᠎ᠠ︶      5. ᠨᠢᠭᠡᠳᠦᠯᠲᠡᠶ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠪᠠᠶᠢᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠢ ᠵᠢᠯᠣᠭᠤᠳᠤᠨ ᠫᠠᠶᠢᠰᠠ ᠲᠡᠮᠳᠡᠭ ᠢ ᠵᠢᠷᠤᠮᠵᠢᠭᠤᠯᠤᠨ ᠲᠣᠬᠢᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠨᠴᠠᠯᠢᠭ ᠢ ᠳᠣᠪᠤᠶᠢᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠨᠡᠮᠡᠭᠳᠡᠭᠦᠯᠵᠦ᠂ ᠬᠡᠷᠡᠭᠯᠡᠭᠴᠢᠳ ᠤᠨ ᠲᠠᠨᠢᠨ ᠮᠡᠳᠡᠴᠡ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ  ᠤᠨ ᠦᠢᠯᠡᠴᠢᠯᠡᠭᠡᠨ ᠤ ᠲᠣᠪᠴᠢᠶ᠎ᠠ︶      6. ᠠᠷᠠᠳ ᠲᠤ ᠳᠥᠭᠦᠮ ᠦᠵᠡᠭᠦᠯᠵᠦ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠷᠢᠭᠵᠢᠭᠤᠯᠤᠨ᠎ᠠ᠃ ᠲᠠᠯᠠᠪᠤᠷ ᠭᠠᠵᠠᠷ ᠤᠨ ᠨᠥᠬᠦᠴᠡᠯ ᠪᠦᠬᠦᠢ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠳᠤ ᠤᠬᠠᠭᠤᠯᠭ᠎ᠠ ᠬᠢᠵᠦ ᠪᠣᠷᠣᠯᠠᠭᠤᠯᠭ᠎ᠠ ᠠᠬᠢᠭᠤᠯᠬᠤ ᠠᠵᠢᠯᠯᠠᠭ᠎ᠠ ᠥᠷᠨᠢᠭᠦᠯᠬᠦ ᠪᠠᠷ ᠭᠤᠶᠤᠴᠢᠯᠠᠪᠠᠯ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠲᠠ ᠶᠢᠨ ᠦᠵᠡᠮᠵᠢ ᠶᠢ ᠨᠥᠯᠥᠭᠡᠯᠡᠬᠦ ᠦᠭᠡᠢ ᠤᠷᠢᠲᠠᠯ ᠳᠤᠤᠷ᠎ᠠ ᠬᠢᠨᠠᠨ ᠵᠥᠪᠰᠢᠶᠡᠷᠡᠵᠦ ᠳᠠᠩᠰᠠᠯᠠᠭᠤᠯᠬᠤ ᠶᠢᠨ ᠬᠠᠮᠲᠤ ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠢᠶᠠᠷᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶      7. ᠪᠣᠬᠢᠷᠲᠤᠯ ᠥᠬᠡᠶ ᠪᠠᠷᠠᠭ᠎ᠠ ᠶᠢᠨ ᠭᠦᠢᠯᠭᠡᠭᠡ ᠶᠢ ᠬᠥᠭᠵᠢᠭᠦᠯᠬᠦ ᠶᠢ ᠳᠡᠮᠵᠢᠨ᠎ᠡ᠃ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠤᠨ ᠥᠪᠡᠷ ᠤᠨ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠶᠢᠨ ᠬᠤᠲᠠ ᠶᠢᠨ ᠲᠣᠭᠤᠷᠢᠭ ᠲᠤ ᠣᠷᠣᠵᠤ ᠨᠡᠪᠲᠡᠷᠡᠬᠦ ᠪᠠ ᠵᠣᠭᠰᠣᠬᠤ ᠳᠤ ᠠᠮᠤᠷ ᠲᠦᠪᠰᠢᠨ ᠳᠥᠭᠦᠮ ᠦᠵᠡᠭᠦᠯᠬᠦ ᠪᠠᠲᠤᠯᠠᠭ᠎ᠠ ᠬᠠᠩᠭᠠᠨ᠎ᠠ᠃ ᠠᠷᠠᠳ ᠤᠨ ᠠᠮᠢᠳᠤᠷᠠᠯ ᠳᠤ ᠬᠤᠯᠪᠣᠭᠳᠠᠬᠤ ᠡᠳᠦᠷ ᠲᠤᠲᠤᠮ ᠤᠨ ᠲᠠᠸᠠᠷ ᠢ ᠴᠠᠭ ᠲᠤᠬᠠᠶ ᠳᠤᠨᠢ ᠲᠤᠬᠢᠷᠠᠭᠤᠯᠤᠨ ᠬᠦᠷᠭᠡᠬᠦ ᠶᠢ ᠠᠯᠢ ᠴᠢᠳᠠᠬᠤ ᠪᠠᠷ ᠪᠠᠲᠤᠯᠠᠬᠤ ᠬᠡᠷᠡᠭᠲᠡᠶ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠰᠢᠨ᠎ᠡ ᠡᠨᠧᠷᠭᠢ ᠶᠢᠨ ᠲᠡᠷᠭᠡ ᠬᠥᠰᠬᠡ ᠬᠡᠷᠡᠭᠯᠡᠬᠦ ᠶᠢ ᠵᠣ‌‍ᠷᠢᠭᠵᠢᠭᠤᠯᠤᠨ᠎ᠠ᠃ ᠡᠯ᠎ᠡ ᠭᠠᠵᠠᠷ ᠣᠷᠣᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠪᠣᠬᠢᠷᠲᠤᠯ ᠦᠭᠡᠢ ᠬᠡᠷᠡᠭᠯᠡᠭᠡᠨ ᠤ ᠤᠶᠢᠯᠠᠭᠠᠭᠳᠠᠭᠤᠨ ᠢ ᠪᠤᠢ ᠪᠣᠯᠭᠠᠵᠤ᠂ ᠪᠣᠬᠢᠷᠲᠤᠯ ᠦᠭᠡᠢ ᠦᠢᠯᠡᠳᠬᠦᠨ ᠢ ᠬᠤᠳᠠᠯᠳᠤᠨ ᠠᠪᠬᠤ ᠪᠠ ᠪᠣᠷᠣᠯᠠᠭᠤᠯᠬᠤ ᠶᠢ ᠥᠷᠭᠡᠳᠬᠡᠵᠦ᠂ ᠬᠡᠲᠦᠷᠬᠡᠶ ᠪᠤᠭᠤᠳᠠᠯᠯᠠᠬᠤ ᠶᠢ ᠪᠠᠭᠠᠰᠬᠠᠨ᠎ᠠ︔ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠲᠥᠬᠦᠭᠡᠷᠦᠮᠵᠢ ᠶᠢᠨ ᠥᠭᠡᠷᠡᠴᠢᠯᠡᠯᠲᠡ ᠬᠢᠬᠦ ᠶᠢ ᠳᠠᠮᠵᠢᠵᠤ᠂ ᠬᠤᠭ ᠨᠣᠪᠰᠢ ᠶᠢ ᠲᠥᠷᠥᠯ ᠬᠤᠪᠢᠶᠠᠬᠤ ᠶᠢ ᠥᠷᠨᠢᠭᠦᠯᠵᠦ᠂ ᠪᠣᠬᠢᠷᠲᠤᠯ ᠦᠭᠡᠢ ᠡᠷᠭᠢᠯᠳᠡᠲᠦ ᠬᠡᠷᠡᠭᠯᠡᠭᠡ ᠶᠢ ᠲᠦᠯᠬᠢᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ  ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶      ︵ᠳᠥᠷᠪᠡ︶ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠨᠡᠮᠡᠭᠳᠡᠭᠦᠯᠦᠨ᠎ᠡ᠃      1. ᠳᠡᠯᠭᠡᠭᠦᠷ ᠤᠨ ᠲᠤᠭ᠎ᠠ ᠬᠡᠮᠵᠢᠶ᠎ᠡ ᠶᠢ ᠥᠷᠭᠡᠳᠬᠡᠬᠦ ᠶᠢ ᠳᠠᠮᠵᠢᠨ᠎ᠠ᠃ ᠮᠠᠨ ᠤ ᠬᠤᠲᠠ ᠳᠤ ᠰᠢᠭᠤᠳ ᠡᠵᠡᠩᠨᠡᠬᠦ ᠪᠤᠶᠤ ᠬᠤᠯᠪᠣᠭᠠᠨ ᠳᠤ ᠣᠷᠣᠯᠴᠠᠭᠰᠠᠨ ᠳᠡᠯᠭᠡᠭᠦᠷ ᠤᠨ ᠲᠤᠭ᠎ᠠ 30 ᠶᠢ ᠳᠠᠪᠠᠭᠰᠠᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠳᠤ᠂ ︽ᠵᠢᠷᠭᠤᠭ᠎ᠠ ᠶᠢ ᠨᠢᠭᠡᠳᠬᠡᠬᠦ︾ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠷ ᠨᠡᠭᠡᠭᠡᠭᠰᠡᠨ ᠲᠠᠯᠠᠪᠠᠢ ᠨᠢ 50 ᠺᠦᠸᠠᠳ᠋ ᠮᠧᠲᠷ ᠠᠴᠠ ᠶᠡᠭᠡ ᠮᠥᠷᠲᠡᠭᠡᠨ ᠡᠵᠡᠩᠨᠡᠯᠲᠡ ᠶᠢᠨ ᠬᠤᠭᠤᠴᠠᠭ᠎ᠠ ᠨᠢ ᠨᠢᠭᠡ ᠵᠢᠯ ᠳᠡᠭᠡᠭᠰᠢ ᠰᠢᠭᠤᠳ ᠡᠵᠡᠩᠨᠡᠬᠦ ᠳᠡᠯᠭᠡᠭᠦᠷ ᠲᠤ ᠨᠢᠭᠡ ᠤᠳᠠᠭ᠎ᠠ ᠶᠢᠨ ᠴᠢᠨᠠᠷᠲᠠᠢ 2 ᠲᠦᠮᠡᠨ ᠲᠥᠭᠦᠷᠢᠭ ᠤᠨ ᠨᠥᠬᠦᠪᠥᠷᠢ ᠥᠭᠭᠦᠨ᠎ᠡ᠃ ᠰᠢᠨ᠎ᠡ ᠪᠠᠷ ᠨᠡᠭᠡᠭᠡᠭᠰᠡᠨ ᠲᠠᠯᠠᠪᠠᠢ ᠨᠢ 50 ᠺᠦᠸᠠᠳ᠋ ᠮᠧᠲᠷ ᠠᠴᠠ ᠶᠡᠭᠡ᠂ ᠲᠡᠷᠡ ᠮᠥᠷᠲᠡᠭᠡᠨ ᠡᠵᠡᠩᠨᠡᠬᠦ ᠬᠤᠭᠤᠴᠠᠭ᠎ᠠ ᠨᠢ ᠨᠢᠭᠡ ᠵᠢᠯ  ᠠᠴᠠ ᠶᠡᠭᠡ ᠬᠤᠯᠪᠣᠭᠠᠲᠤ ᠳᠡᠯᠭᠡᠭᠦᠷ ᠲᠤ ᠨᠢᠭᠡ ᠤᠳᠠᠭ᠎ᠠ ᠶᠢᠨ ᠴᠢᠨᠠᠷᠲᠠᠶ 1 ᠲᠦᠮᠡᠨ ᠲᠥᠭᠦᠷᠢᠭ ᠤᠨ ᠲᠤᠰᠠᠯᠠᠮᠵᠢ ᠤᠯᠭᠤᠨ᠎ᠠ᠂ ᠳᠡᠭᠡᠷ᠎ᠡ ᠳᠤᠷᠠᠳᠤᠭᠰᠠᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠳᠤ ᠵᠢᠯ ᠪᠦᠷᠢ ᠲᠣᠰ ᠵᠦᠢᠯ ᠤᠨ ᠲᠤᠰᠠᠯᠠᠮᠵᠢ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ  ᠶᠢᠨ ᠡᠳ᠋ ᠤᠨ ᠵᠠᠰᠠᠭ ᠤᠨ ᠲᠣᠪᠴᠢᠶ᠎ᠠ︶      2. ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠠᠶᠢᠭᠤᠯᠬᠤ ᠶᠢ ᠳᠠᠮᠵᠢᠨ᠎ᠠ᠃ ᠮᠠᠨ ᠤ ᠬᠤᠲᠠ ᠳᠤ ᠳᠡᠯᠭᠡᠭᠦᠷ ᠤᠨ ᠲᠤᠭ᠎ᠠ ᠨᠢ 30 ᠶᠢ ᠳᠠᠪᠠᠭᠰᠠᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ  ᠳᠤ᠂ 5000 ᠺᠦᠸᠠᠳ᠋ ᠮᠧᠲᠷ ᠠᠴᠠ ᠳᠡᠭᠡᠭᠰᠢᠬᠢ ᠲᠤᠬᠢᠷᠠᠭᠤᠯᠤᠨ ᠬᠦᠷᠭᠡᠬᠦ ᠲᠥᠪ ᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠰᠠᠶᠢᠵᠢᠷᠠᠭᠤᠯᠵᠤ᠂ ᠵᠠᠰᠠᠵᠤ ᠴᠢᠮᠡᠭᠯᠡᠬᠦ ᠪᠠ ᠬᠠᠲᠠᠭᠤ ᠲᠣᠨᠤᠭ ᠲᠥᠬᠦᠭᠡᠷᠦᠮᠵᠢ ᠬᠤᠳᠠᠯᠳᠤᠨ ᠠᠪᠬᠤ ᠶᠢ ᠳᠠᠮᠵᠢᠵᠤ᠂ ᠤᠨ ᠤ ᠬᠢᠨᠠᠨ ᠲᠣᠭᠲᠠᠭᠠᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠥᠬᠦᠪᠥᠷᠢ ᠥᠭᠴᠦ᠂ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠵᠢᠯ ᠪᠦᠷᠢ ᠶᠢᠨ ᠲᠤᠰ ᠵᠦᠢᠯ ᠤᠨ ᠨᠥᠬᠦᠪᠥᠷᠢ ᠶᠢ 30 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︶      ︵ᠲᠠᠪᠤ︶ ᠠᠵᠢᠯ ᠲᠥᠷᠥᠯ ᠤᠨ ᠬᠥᠭᠵᠢᠯᠲᠡ ᠶᠢ ᠵᠢᠷᠤᠮᠵᠢᠭᠤᠯᠤᠨ᠎ᠠ      ᠭᠤᠣᠯᠯᠠᠭᠴᠢ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠢᠯ ᠲᠥᠷᠥᠯ ᠤᠨ ᠨᠡᠶᠢᠭᠡᠮᠯᠢᠭ ᠪᠠᠶᠢᠭᠤᠯᠬᠤ ᠶᠢ ᠠᠬᠢᠭᠤᠯᠵᠤ᠂ ᠨᠡᠶᠢᠭᠡᠮᠯᠢᠭ ᠤᠨ ᠠᠵᠢᠯ ᠲᠥᠷᠥᠯ ᠤᠨ ᠬᠥᠭᠦᠷᠭᠡ ᠬᠤᠯᠪᠣᠭᠠᠰᠤ ᠵᠢᠨ‌ᠦᠢᠯᠡᠳᠦᠯ ᠢ ᠪᠠᠳᠠᠷᠠᠭᠤᠯᠵᠤ᠂ ᠠᠵᠢᠯ ᠲᠥᠷᠥᠯ  ᠤᠨ ᠬᠦᠴᠦᠨ ᠢ ᠨᠢᠭᠲᠠᠷᠠᠭᠤᠯᠵᠤ᠂ ᠠᠵᠢᠯ ᠲᠥᠷᠥᠯ ᠤᠨ ᠡᠬᠢ ᠪᠠᠶᠠᠯᠢᠭ ᠢ ᠨᠡᠶᠢᠳᠬᠡᠬᠦ᠂ ᠠᠵᠢᠯ ᠲᠥᠷᠥᠯ ᠤᠨ ᠰᠤᠯᠢᠯᠴᠠᠭ᠎ᠠ ᠥᠷᠨᠢᠭᠦᠯᠵᠦ᠂ ᠠᠵᠢᠯ ᠲᠥᠷᠥᠯ  ᠤᠨ ᠪᠠᠷᠢᠮᠵᠢᠶ᠎ᠠ ᠶᠢ ᠲᠡᠭᠦᠯᠳᠡᠷᠵᠢᠭᠦᠯᠦᠨ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠠᠵᠢᠯ ᠲᠥᠷᠥᠯ ᠤᠨ ᠪᠡᠶ᠎ᠡ ᠪᠠᠨ ᠪᠠᠷᠢᠬᠤ ᠶᠢ ᠴᠢᠩᠬᠠᠳᠬᠠᠨ᠎ᠠ᠃ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠢᠯ ᠲᠥᠷᠥᠯ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ᠳᠥᠷᠪᠡᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠳᠡᠳ᠋ ᠳᠠᠷᠤᠭ᠎ᠠ  ᠪᠠᠷ ᠳᠤᠭᠤᠶᠢᠯᠠᠩ ᠤᠨ ᠳᠠᠷᠤᠭ᠎ᠠ ᠪᠣᠯᠤᠭᠰᠠᠨ ᠬᠥᠬᠡᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠳᠥᠭᠦᠮ ᠦᠵᠡᠭᠦᠯᠬᠦ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠶᠢᠨ ᠨᠢᠰᠬᠡᠯ ᠤᠨ ᠪᠠᠭᠤᠳᠠᠯ ᠬᠢᠭᠡᠳ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠠᠯᠪᠠᠨ ᠭᠡᠷ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠦᠬᠡᠬᠤᠲᠡ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠢᠶᠠᠷ ᠪᠦᠷᠢᠯᠳᠦᠬᠦᠨ ᠨᠢᠭᠡᠴᠢ ᠪᠣᠯᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠠᠶᠢᠭᠤᠯᠵᠤ᠂ ᠪᠦᠬᠦ ᠬᠤᠲᠠ ᠶᠢᠨ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠬᠥᠭᠵᠢᠯᠲᠡ ᠶᠢᠨ ᠠᠵᠢᠯ ᠢ ᠲᠦᠷᠦᠭᠦᠯᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠪᠦᠷᠢᠯᠳᠦᠬᠦᠨ ᠨᠢᠭᠡᠴᠢ ᠶᠢ ᠵᠣᠬᠢᠶᠠᠨ ᠪᠠᠶᠢᠭᠤᠯᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ ᠢ ᠪᠠᠶᠢᠭᠤᠯᠵᠤ᠂ ᠡᠯ᠎ᠡ ᠭᠠᠵᠠᠷ ᠣᠷᠣᠨ ᠪᠣᠯᠤᠨ ᠡᠯ᠎ᠡ ᠰᠠᠯᠠᠭ᠎ᠠ ᠮᠥᠴᠢᠷ ᠤᠨ ᠠᠵᠢᠯ ᠢ ᠲᠦᠯᠬᠢᠨ ᠠᠬᠢᠭᠤᠯᠤᠭᠰᠠᠨ ᠪᠠᠶᠢᠳᠠᠯ ᠢ ᠴᠤᠭᠯᠠᠭᠤᠯᠤᠨ ᠡᠮᠬᠢᠳᠬᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ᠃      ︵ᠬᠤᠶᠠᠷ︶ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠡᠭᠦᠷᠭᠡ ᠴᠢᠳᠠᠪᠬᠢ ᠶᠢᠨ ᠠᠵᠢᠯ ᠤᠨ ᠬᠤᠪᠢᠶᠠᠷᠢᠯᠠᠯ ᠲᠠᠢ ᠤᠶᠠᠯᠳᠤᠭᠤᠯᠤᠨ᠂ ᠵᠣᠬᠢᠴᠠᠭᠤᠯᠤᠨ ᠬᠠᠮᠵᠢᠯᠴᠠᠬᠤ  ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠪᠣᠭᠤᠮᠢ ᠶᠢ ᠡᠪᠳᠡᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ ᠡᠷᠴᠢᠮ ᠢᠶᠠᠨ ᠨᠡᠮᠡᠭᠳᠡᠭᠦᠯᠵᠦ᠂ ᠲᠥᠷᠦᠯ ᠲᠡᠮᠳᠡᠭᠲᠦ ᠶᠢᠨ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ ᠢ ᠳᠠᠷᠦ᠋ᠢᠬᠠᠨ ᠲᠣᠭᠲᠠᠭᠠᠵᠤ ᠨᠠᠶᠢᠳᠠᠪᠦᠷᠢᠵᠢᠭᠤᠯᠬᠤ ᠬᠡᠷᠡᠭᠲᠡᠶ᠃ ᠬᠠᠷᠠᠯᠲᠠ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠡᠭᠦᠷᠭᠡ ᠶᠢᠨ ᠬᠤᠪᠢᠶᠠᠷᠢᠯᠠᠯ ᠢ ᠨᠠᠷᠢᠯᠢᠭᠵᠢᠭᠤᠯᠤᠨ᠂ ᠰᠢᠨ᠎ᠡ ᠬᠢᠨᠠᠨ ᠬᠠᠮᠢᠶᠠᠷᠬᠤ ᠠᠷᠭ᠎ᠠ ᠮᠠᠶ᠋ᠢᠭ ᠶᠢ ᠡᠭᠦᠳᠴᠦ᠂ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠢᠯ ᠲᠥᠷᠥᠯ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃      ︵ᠭᠤᠷᠪᠠ︶ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠬᠡᠯᠬᠢᠶᠡᠵᠢᠭᠰᠡᠨ ᠳᠥᠲᠡ ᠳᠡᠯᠭᠡᠭᠦᠷ ᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠬᠤ  ᠪᠠᠷ ᠳᠠᠮᠵᠢᠨ ᠳᠡᠮᠵᠢᠯᠭᠡ ᠶᠢᠨ ᠲᠤᠭ᠎ᠠ ᠬᠡᠮᠵᠢᠶ᠎ᠡ ᠶᠢ ᠲᠣᠭᠲᠠᠭᠠᠵᠤ᠂ ᠤᠳᠤᠷᠢᠳᠬᠤ ᠳᠤᠭᠤᠶᠢᠯᠠᠩ ᠠᠴᠠ ᠰᠤᠳᠤᠯᠤᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠭᠦᠯᠦᠨ ᠳᠠᠷᠠᠭ᠎ᠠ ᠨᠢᠭᠡ ᠵᠢᠯ ᠤᠨ ᠬᠤᠲᠠ ᠶᠢᠨ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ ᠳᠡᠮᠵᠢᠯᠭᠡ ᠦᠵᠡᠭᠦᠯᠦᠨ᠎ᠡ᠃     ᠬᠥᠬᠡᠬᠤᠲᠠ ᠶᠢᠨ ᠰᠥᠨᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ     ︽ᠬᠡᠷᠡᠭᠯᠡᠭᠡ ᠶᠢ ᠠᠬᠢᠭᠤᠯᠬᠤ ᠪᠠᠶᠢᠭᠤᠯᠤᠯ ᠤᠨ ᠲᠤᠭᠲᠠᠴᠠ ᠶᠢ ᠲᠡᠭᠦᠯᠳᠡᠷᠵᠢᠭᠦᠯᠵᠦ ᠰᠠᠭᠤᠭᠠᠯᠢ ᠠᠷᠠᠳ ᠤᠨ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠤᠳ︾ ︵ᠲᠦᠪ ᠲᠠᠷᠬᠠᠭᠠᠭᠰᠠᠨ ﹇2018﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ︽ᠭᠦᠢᠯᠭᠡᠭᠡ ᠶᠢᠨ ᠬᠥᠭᠵᠢᠯᠲᠡ ᠶᠢ ᠲᠦᠷᠭᠡᠳᠬᠡᠵᠦ ᠬᠤᠳᠠᠯᠳᠤᠭᠠᠨ  ᠤ ᠬᠡᠷᠡᠭᠯᠡᠭᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 42 ᠳ᠋ᠤᠭᠠᠷ ᠲᠣᠭᠠᠲᠤ︶ ᠤᠨ ᠬᠤᠯᠪᠣᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠰᠥᠨᠢ ᠶᠢᠨ ᠠᠵᠤ ᠠᠬᠤᠢ ᠶᠢ ᠤᠯᠠᠮ ᠨᠢᠭᠡ ᠠᠯᠬᠤᠮ ᠬᠥᠭᠵᠢᠭᠦᠯᠵᠦ᠂ ᠬᠡᠷᠡᠭᠯᠡᠭᠡ ᠶᠢᠨ ᠳᠠᠯᠳᠠ ᠬᠦᠴᠦᠨ ᠢ ᠠᠭᠤᠳᠠᠯᠤᠨ᠂ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠷᠠᠳ ᠣᠯᠠᠨ ᠲᠦᠮᠡᠨ ᠤ ᠴᠢᠨᠠᠷᠵᠢᠭᠰᠠᠨ᠂ ᠣᠯᠠᠨ ᠡᠰᠢᠵᠢᠭᠰᠡᠨ᠂ ᠳᠥᠲᠡᠴᠢᠯᠡᠭᠰᠡᠨ ᠬᠡᠷᠡᠭᠯᠡᠭᠡ ᠶᠢᠨ ᠱᠠᠭᠠᠷᠳᠠᠯᠭ᠎ᠠ  ᠶᠢ ᠨᠡᠩ ᠰᠠᠶᠢᠨ ᠬᠠᠩᠭᠠᠬᠤ ᠶᠢᠨ ᠲᠤᠰᠠᠳᠠ᠂ ᠮᠠᠨ ᠤ ᠬᠤᠲᠠ ᠲᠤᠰ ︽ᠵᠢᠯᠣᠭᠤᠳᠬᠤ ᠰᠠᠨᠠᠯ︾ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠠᠭᠤᠳᠠᠯᠬᠤ᠂ ᠬᠡᠷᠡᠭᠯᠡᠭᠡ ᠶᠢ ᠲᠡᠰ ᠳᠡᠪᠰᠢᠭᠦᠯᠬᠦ᠂ ᠲᠥᠪ ᠬᠤᠲᠠ ᠶᠢᠨ ᠠᠵᠤ ᠠᠬᠤᠢ ᠶᠢ ᠬᠥᠭᠵᠢᠭᠦᠯᠬᠦ ᠶᠡᠷᠦᠩᠬᠡᠢ ᠱᠠᠭᠠᠷᠳᠠᠯᠭ᠎ᠠ ᠳᠤ ᠰᠠᠭᠤᠷᠢᠯᠠᠨ᠂ ᠵᠠᠬ᠎ᠠ ᠳᠡᠯᠭᠡᠭᠦᠷ ᠢᠶᠠᠷ ᠤᠳᠤᠷᠢᠳᠤᠭᠤᠯᠵᠤ᠂ ᠵᠠᠰᠠᠭ ᠤᠨ ᠣᠷᠳᠣᠨ ᠠᠴᠠ ᠬᠥᠲᠥᠯᠬᠦ ᠵᠠᠷᠴᠢᠮ ᠶᠣᠰᠣᠭᠠᠷ᠂ ᠴᠠᠭ ᠤᠨ ᠤᠷᠤᠰᠬᠠᠯ ᠢ ᠳᠠᠭᠠᠭᠰᠠᠨ ᠠᠮᠢᠵᠢᠷᠠᠯ ᠤᠨ ᠬᠦᠴᠦᠨ ᠪᠦᠬᠦᠢ ᠬᠡᠯᠪᠡᠷᠢ ᠶᠢᠨ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ ᠬᠡᠯᠪᠡᠷᠢ ᠶᠢᠨ᠂ ᠠᠷᠠᠳ ᠲᠤ ᠳᠥᠭᠦᠮ ᠦᠢᠯᠡᠴᠢᠯᠡᠭᠡᠨ ᠤ ᠬᠡᠯᠪᠡᠷᠢ  ᠶᠢᠨ ᠵᠡᠷᠭᠡ ᠰᠥᠨᠢ ᠶᠢᠨ ᠠᠵᠤ ᠠᠬᠤᠢ ᠶᠢᠨ ᠪᠠᠶᠢᠳᠠᠯ ᠢ ᠴᠢᠷᠮᠠᠶᠢᠨ ᠬᠥᠮᠥᠵᠢᠭᠦᠯᠦᠨ ᠬᠥᠭᠵᠢᠭᠦᠯᠵᠦ᠂ ᠰᠥᠨᠢ ᠶᠢᠨ ᠬᠡᠷᠡᠭᠯᠡᠭᠡ ᠶᠢᠨ ᠬᠠᠩᠭᠠᠯᠭ᠎ᠠ ᠶᠢ ᠳᠡᠭᠡᠭᠰᠢᠯᠡᠭᠦᠯᠦᠨ᠂ ᠨᠡᠭᠡᠭᠡᠯᠲᠡ ᠲᠠᠢ᠂ ᠡᠮᠬᠢ ᠵᠢᠷᠤᠮ ᠲᠠᠢ᠂ ᠬᠥᠭᠵᠢᠶᠡᠨ ᠲᠠᠢ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠤᠯᠤᠰ ᠤᠨ ᠳᠣᠲᠣᠭᠠᠳᠤ ᠳᠠᠭᠠᠨ ᠨᠡᠯᠢᠶᠡᠳ ᠨᠡᠷ᠎ᠡ ᠠᠯᠳᠠᠷ ᠲᠠᠢ ︽ᠰᠥᠨᠢ ᠶᠢᠨ ᠬᠥᠬᠡ ᠬᠤᠲᠠ︾ ᠶᠢᠨ ᠬᠡᠷᠡᠭᠯᠡᠭᠡ ᠶᠢᠨ ᠲᠥᠷᠥᠯ ᠲᠡᠮᠳᠡᠭᠲᠦ ᠶᠢ ᠴᠣᠭᠴᠠᠯᠠᠨ᠎ᠠ᠃      ᠬᠤᠶᠠᠷ᠂ ᠭᠤᠤᠯ ᠬᠠᠷᠠᠯᠲᠠ      ᠭᠤᠷᠪᠠᠨ ᠵᠢᠯ ᠣᠷᠴᠢᠮ ᠤᠨ ᠴᠠᠭ ᠬᠡᠷᠡᠭᠯᠡᠵᠦ ᠪᠠᠶᠢᠭᠠᠳ᠂ ᠡᠯ᠎ᠡ ᠭᠠᠵᠠᠷ ᠣᠷᠣᠨ ᠢᠶᠠᠷ ᠭᠤᠣᠯ ᠴᠣᠭᠴᠠ ᠪᠣᠯᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠵᠤ᠂ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠢᠵᠢ ᠪᠦᠷᠢᠳᠦᠬᠦᠯᠬᠦ ᠦᠢᠯᠡᠴᠢᠯᠡᠭᠡ ᠶᠢ ᠪᠦᠷᠢᠨᠰᠢᠬᠦᠯᠵᠦ᠂ ᠬᠡᠷᠡᠭᠯᠡᠭᠡ ᠶᠢᠨ ᠲᠥᠷᠥᠯ ᠲᠡᠮᠳᠡᠭᠲᠦ ᠶᠢ ᠲᠥᠪᠯᠡᠷᠡᠭᠦᠯᠵᠦ᠂ ᠬᠡᠷᠡᠭᠯᠡᠭᠡ ᠶᠢᠨ ᠡᠵᠡᠩᠨᠡᠯᠲᠡ ᠶᠢᠨ ᠪᠠᠶᠢᠳᠠᠯ ᠢ ᠬᠥᠮᠥᠵᠢᠭᠦᠯᠵᠦ᠂ ᠬᠡᠷᠡᠭᠯᠡᠭᠡ ᠶᠢᠨ ᠦᠵᠡᠮᠵᠢ ᠪᠠᠶᠢᠳᠠᠯ ᠢ ᠪᠣᠢ ᠪᠣᠯᠭᠠᠬᠤ ᠪᠠᠷ ᠲᠠᠮᠵᠢᠭᠤᠯᠤᠨ᠂ ᠬᠤᠳᠠᠯᠳᠤᠭ᠎ᠠ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠢᠳᠡᠭᠡᠨ ᠤᠮᠳᠠᠭᠠᠨ᠂ ᠡᠷᠡᠭᠦᠯ ᠮᠡᠨᠳᠦ ᠵᠡᠷᠭᠡ ᠪᠠᠷ ᠲᠥᠯᠥᠭᠡᠯᠡᠭᠦᠯᠦᠭᠰᠡᠨ ᠦᠢᠯᠡᠴᠢᠯᠡᠭᠡ ᠶᠢᠨ ᠬᠡᠯᠪᠡᠷᠢ ᠶᠢᠨ ᠬᠡᠷᠡᠭᠯᠡᠭᠡ ᠶᠢᠨ ᠠᠵᠤ ᠦᠢᠯᠡᠰ ᠢ ᠭᠤᠣᠯᠳᠠᠯᠭ᠎ᠠ ᠲᠠᠢ ᠬᠥᠮᠥᠵᠢᠭᠦᠯᠵᠦ᠂ ᠬᠤᠳᠠᠯᠳᠤᠭᠠᠨ ᠤ ᠭᠤᠣᠯ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠡᠦᠬᠡ ᠰᠣᠶᠣᠯ ᠤᠨ ᠵᠡᠭᠡᠯᠢ ᠭᠤᠳᠤᠮᠵᠢ ᠪᠠ ᠰᠣᠶᠣᠯ ᠪᠡᠶ᠎ᠡ ᠶᠢᠨ ᠲᠠᠮᠢᠷ ᠤᠨ ᠴᠢᠳᠠᠮᠵᠢᠲᠤ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠨᠢᠭᠡ ᠪᠦᠯᠦᠭ ᠪᠠᠶᠢᠷᠢᠰᠢᠯ ᠢᠶᠠᠷ ᠵᠣᠬᠢᠰᠲᠠᠢ᠂ ᠬᠠᠮᠢᠶᠠᠷᠤᠯᠲᠠ ᠨᠢ ᠵᠢᠷᠤᠮᠵᠢᠯ ᠲᠠᠢ᠂ ᠥᠪᠡᠷ ᠤᠨ ᠣᠨᠴᠠᠯᠢᠭ  ᠲᠠᠢ᠂ ᠴᠢᠳᠠᠮᠵᠢ ᠪᠠᠷ ᠲᠡᠭᠦᠯᠳᠡᠷ ︽ᠰᠥᠨᠢ ᠶᠢᠨ ᠬᠥᠬᠡ ᠬᠤᠲᠠ︾ ᠶᠢᠨ ᠬᠡᠷᠡᠭᠯᠡᠭᠡ ᠶᠢᠨ ᠴᠢᠳᠠᠮᠵᠢ ᠶᠢᠨ ᠣᠷᠣᠨ ᠢ ᠪᠠᠶᠢᠭᠤᠯᠤᠨ᠂ ᠲᠥᠪ ᠬᠤᠲᠠ ᠶᠢᠨ ᠰᠥᠨᠢ  ᠶᠢᠨ ᠠᠵᠤ ᠠᠬᠤᠢ ᠶᠢᠨ ᠬᠡᠷᠡᠭᠯᠡᠭᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃      ᠭᠤᠷᠪᠠ᠂ ᠭᠤᠤᠯᠳᠠᠯᠭ᠎ᠠ ᠲᠠᠢ ᠡᠭᠦᠷᠭᠡ      ︵ᠨᠢᠭᠡ︶ ᠰᠥᠨᠢ ᠶᠢᠨ ᠠᠵᠤ ᠠᠬᠤᠢ ᠶᠢᠨ ᠭᠠᠵᠠᠷ ᠤᠨ ᠲᠡᠮᠳᠡᠭ ᠪᠣᠯᠣᠭᠰᠠᠨ ᠴᠢᠳᠠᠮᠵᠢ ᠶᠢᠨ ᠣᠷᠣᠨ ᠢ ᠪᠠᠶᠢᠭᠤᠯᠤᠨ᠎ᠠ᠃ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠨᠳᠤᠰᠢ ᠳᠤᠨᠢ ᠲᠣᠬᠢᠷᠠᠭᠤᠯᠤᠨ ᠵᠢᠯᠣᠭᠤᠳᠴᠤ᠂ ᠭᠠᠵᠠᠷ ᠣᠷᠣᠨ ᠳᠤᠨᠢ ᠲᠣᠬᠢᠷᠠᠭᠤᠯᠤᠨ ᠰᠥᠨᠢ ᠶᠢᠨ ᠠᠵᠤ ᠠᠬᠤᠢ ᠶᠢᠨ ᠴᠢᠳᠠᠮᠵᠢ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠵᠡᠩᠨᠡᠯᠲᠡ ᠶᠢᠨ ᠪᠠᠶᠢᠳᠠᠯ ᠤᠨ ᠬᠥᠭᠵᠢᠯᠲᠡ ᠶᠢ ᠬᠥᠲᠥᠯᠬᠦ ᠠᠵᠢᠯ ᠢ ᠰᠠᠶᠢᠲᠤᠷ ᠬᠢᠵᠦ᠂ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠣᠨᠴᠠᠯᠢᠭᠲᠤ ᠶᠠᠪᠠᠭᠠᠨ ᠵᠡᠭᠡᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠣᠶᠣᠯ ᠪᠡᠶ᠎ᠡ ᠶᠢᠨ ᠲᠠᠮᠢᠷ ᠨᠠᠶᠢᠷ ᠨᠠᠭᠠᠳᠤᠮ ᠤᠨ ᠭᠠᠵᠠᠷ ᠲᠤ ᠲᠦᠰᠢᠭᠯᠡᠨ ᠨᠢᠭᠡ ᠪᠦᠯᠦᠭ ︽ᠰᠥᠨᠢ ᠶᠢᠨ ᠬᠥᠬᠡ ᠬᠤᠲᠠ︾ ᠬᠡᠷᠡᠭᠯᠡᠭᠡ ᠶᠢᠨ ᠴᠢᠳᠠᠮᠵᠢ ᠶᠢᠨ ᠣᠷᠣᠨ ᠢ ᠪᠠᠶᠢᠭᠤᠯᠤᠨ᠎ᠠ᠃ ᠬᠤᠲᠠ ᠶᠢᠨ ᠳᠥᠷᠪᠡᠨ ᠲᠣᠭᠤᠷᠢᠭ᠂ ᠬᠥᠬᠡᠬᠤᠲᠠ  ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠢᠨ ᠲᠤᠰ ᠪᠦᠷᠢ 1 -2 ᠡᠵᠡᠩᠨᠡᠯᠲᠡ ᠶᠢᠨ ᠪᠠᠶᠢᠳᠠᠯ ᠢᠶᠠᠷ ᠪᠠᠶᠠᠯᠢᠭ᠂ ᠲᠥᠬᠦᠭᠡᠷᠦᠮᠵᠢ ᠪᠦᠷᠢᠨ ᠲᠡᠭᠦᠯᠳᠡᠷ᠂ ᠬᠡᠷᠡᠭᠯᠡᠭᠡ ᠲᠥᠪᠯᠡᠷᠡᠭᠰᠡᠨ ᠣᠷᠣᠨ ᠪᠦᠰᠡ ᠶᠢ ᠰᠣᠩᠭᠤᠨ᠂ ᠦᠷᠭᠦᠯᠵᠢ ᠵᠢᠨ‌‍ᠴᠢᠨᠠᠷ ᠲᠠᠢ ᠪᠠᠷ ᠨᠠᠷᠢᠨ ᠨᠢᠮᠪᠠᠢ ᠬᠥᠮᠥᠵᠢᠭᠦᠯᠦᠨ᠂ ᠨᠢᠭᠡ ᠵᠢᠯ  ᠳᠤ ᠦᠷ᠎ᠡ ᠪᠦᠲᠦᠮᠵᠢ ᠣᠯᠵᠤ᠂ ᠬᠤᠶᠠᠷ ᠵᠢᠯ ᠳᠤ ᠬᠡᠪᠴᠢᠶᠡᠵᠢᠭᠦᠯᠵᠦ᠂ ᠭᠤᠷᠪᠠᠨ ᠵᠢᠯ ᠳᠤ ᠲᠥᠷᠥᠯ ᠲᠡᠮᠳᠡᠭᠲᠦ ᠶᠢ ᠪᠣᠢ ᠪᠣᠯᠭᠠᠨ᠎ᠠ᠃ ᠰᠥᠨᠢ ᠶᠢᠨ ᠠᠵᠤ ᠠᠬᠤᠢ ᠶᠢᠨ ᠬᠡᠷᠡᠭᠯᠡᠭᠡ ᠶᠢᠨ ᠴᠢᠳᠠᠮᠵᠢ ᠶᠢᠨ ᠣᠷᠣᠨ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠥᠬᠡ ᠬᠤᠲᠠ ᠶᠢᠨ ᠬᠠᠮᠤᠭ ᠤᠨ ᠭᠤᠶᠣ ᠤᠨᠴᠠᠯᠢᠭᠳᠤ ᠬᠤᠳᠠᠯᠳᠤᠭᠠᠨ ᠤ ᠶᠠᠪᠠᠭᠠᠨ ᠵᠡᠭᠡᠯᠢ᠂ ᠬᠠᠮᠤᠭ ᠤᠨ ᠬᠥᠭᠵᠢᠶᠡᠨ ᠲᠠᠢ ᠰᠥᠨᠢ ᠶᠢᠨ ᠬᠤᠭᠤᠯᠠᠨ ᠰᠢᠷᠡᠭᠡ᠂ ᠬᠠᠮᠤᠭ ᠤᠨ ᠵᠢᠪᠬᠤᠭᠠᠲᠤ ᠦᠨᠳᠦᠰᠦᠲᠡᠨ ᠤ ᠳᠠᠭᠤᠤ ᠪᠥᠵᠢᠭ ᠵᠡᠷᠭᠡ ᠠᠮᠲᠠᠲᠤ ᠢᠳᠡᠭᠡᠨ ᠰᠡᠯᠡᠭᠦᠴᠡᠯ ᠤᠨ ᠵᠠᠪᠠᠯ ᠬᠦᠷᠬᠦ ᠣᠷᠣᠨ ᠪᠣᠯᠭᠠᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ  ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶      ︵ᠬᠤᠶᠠᠷ︶ ᠳᠡᠭᠡᠳᠦ ᠲᠡᠰ ᠤᠨ ᠬᠡᠷᠡᠭᠯᠡᠭᠡᠨ ᠤ ᠲᠥᠷᠥᠯ ᠲᠡᠮᠳᠡᠭᠲᠦ ᠶᠢ ᠲᠥᠪᠯᠡᠷᠡᠭᠦᠯᠦᠨ᠎ᠡ᠃ ᠬᠠᠭᠤᠴᠢᠨ ᠨᠡᠷᠡᠲᠦ᠂ ᠣᠷᠣᠨ ᠨᠤᠲᠤᠭ ᠤᠨ ᠣᠨᠴᠠᠯᠢᠭᠲᠤ ᠢᠳᠡᠭᠡᠨ ᠤᠮᠳᠠᠭᠠᠨ ᠤ ᠠᠵᠤ ᠠᠬᠤᠶᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠰᠥᠨᠢ ᠶᠢᠨ ᠬᠡᠷᠡᠭᠯᠡᠭᠡᠨ ᠤ ᠴᠢᠳᠠᠮᠵᠢ  ᠶᠢᠨ ᠣᠷᠣᠨ ᠳᠤ ᠴᠡᠭ ᠭᠠᠷᠭᠠᠨ ᠳᠡᠯᠭᠡᠭᠦᠷ ᠨᠡᠭᠡᠭᠡᠬᠦ ᠶᠢ ᠳᠡᠮᠵᠢᠵᠤ᠂ ᠤᠯᠠᠮᠵᠢᠯᠠᠯᠲᠤ ᠤᠷ᠎ᠠ ᠮᠡᠷᠭᠡᠵᠢᠯ ᠢ ᠭᠠᠶᠢᠬᠠᠭᠤᠯᠬᠤ᠂ ᠰᠢᠨ᠎ᠡ ᠶᠢ ᠡᠭᠦᠳᠦᠭᠰᠡᠨ ᠡᠵᠡᠩᠨᠡᠯᠲᠡ ᠶᠢᠨ ᠬᠡᠯᠪᠡᠷᠢ ᠪᠠᠷ ᠳᠠᠮᠵᠢᠨ ᠪᠦᠲᠦᠭᠡᠭᠳᠡᠬᠦᠨ ᠤ ᠣᠯᠠᠨ ᠳᠤ ᠮᠡᠳᠡᠷᠡᠭᠳᠡᠬᠦ ᠬᠡᠮᠵᠢᠶ᠎ᠡ ᠶᠢ ᠥᠷᠭᠡᠳᠬᠡᠨ᠂ ᠲᠥᠷᠥᠯ ᠲᠡᠮᠳᠡᠭᠲᠦ ᠶᠢᠨ ᠦᠨ᠎ᠡ ᠥᠷᠲᠡᠭ ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠣᠯᠠᠨ ᠤᠯᠤᠰ ᠤᠨ ᠴᠢᠨᠠᠷᠲᠠᠢ᠂ ᠪᠦᠬᠦ ᠤᠯᠤᠰ ᠤᠨ ᠴᠢᠨᠠᠷᠲᠠᠢ ᠪᠠ ᠣᠷᠣᠨ ᠪᠦᠰᠡ ᠶᠢᠨ ᠴᠢᠨᠠᠷᠲᠠᠢ ᠲᠥᠷᠥᠯ ᠲᠡᠮᠳᠡᠭᠲᠦ ᠶᠢᠨ ᠠᠩᠬᠠᠨ ᠤ ᠳᠡᠯᠭᠡᠭᠦᠷ᠂ ᠬᠤᠰᠢᠭᠤᠴᠢ ᠳᠡᠯᠭᠡᠭᠦᠷ᠂ ᠪᠡᠶᠡᠴᠢᠯᠡᠨ ᠣᠶᠢᠯᠠᠭᠠᠬᠤ ᠳᠡᠯᠭᠡᠭᠦᠷ ᠢ ᠰᠥᠨᠢ ᠶᠢᠨ ᠬᠡᠷᠡᠭᠯᠡᠭᠡ ᠶᠢᠨ ᠴᠢᠳᠠᠮᠵᠢ  ᠶᠢᠨ ᠣᠷᠣᠨ ᠳᠤ ᠢᠳᠡᠪᠬᠢᠲᠡᠢ ᠲᠠᠲᠠᠨ ᠣᠷᠣᠭᠤᠯᠵᠤ ᠰᠢᠭᠤᠳ ᠪᠣᠷᠣᠯᠠᠭᠤᠯᠭ᠎ᠠ ᠶᠢᠨ ᠳᠡᠯᠭᠡᠭᠦᠷ ᠨᠡᠭᠡᠭᠡᠯᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︶      ︵ᠭᠤᠷᠪᠠ︶ ︽ᠰᠥᠨᠢ ᠶᠢᠨ ᠬᠥᠬᠡ ᠬᠤᠲᠠ︾ ᠶᠢᠨ ᠬᠡᠷᠡᠭᠯᠡᠭᠡ ᠶᠢ ᠠᠬᠢᠭᠤᠯᠬᠤ ᠬᠦᠳᠡᠯᠭᠡᠭᠡᠨ ᠢ ᠲᠥᠰᠥᠪᠯᠡᠨ᠎ᠡ᠃ ᠶᠡᠭᠡ ᠵᠣᠣ ᠶᠢᠨ ᠬᠤᠳᠠᠯᠳᠤᠭᠠᠨ ᠤ ᠣᠨᠴᠠᠯᠢᠭᠲᠤ ᠶᠠᠪᠠᠭᠠᠨ ᠵᠡᠭᠡᠯᠢ᠂ ᠳ᠋ᠠ ᠱᠧᠩ ᠺᠦᠢ ᠰᠣᠶᠣᠯ ᠤᠨ ᠪᠦᠳᠦᠭᠡᠯᠲᠡ ᠶᠢᠨ ᠠᠵᠤ ᠦᠢᠯᠡᠰ ᠤᠨ ᠬᠦᠷᠢᠶᠡᠯᠡᠩ᠂ ᠱᠣᠣᠮᠠᠢ ᠠᠮᠲᠠᠲᠤ ᠢᠳᠡᠭᠡᠨ ᠤ ᠵᠡᠭᠡᠯᠢ ᠂ ᠸᠠᠨ ᠳ᠋ᠠ ᠶᠠᠪᠠᠭᠠᠨ ᠵᠡᠭᠡᠯᠢ ᠵᠡᠷᠭᠡ ᠣᠷᠣᠨ ᠪᠦᠰᠡ ᠳᠤ ᠰᠥᠨᠢ ᠳᠤᠮᠳᠠ ᠶᠢᠨ ᠠᠮᠲᠠᠲᠤ ᠢᠳᠡᠭᠡᠨ ᠤ ᠨᠠᠶᠢᠷ᠂ ᠳ᠋ᠧᠩ ᠤᠨ ᠨᠠᠶᠢᠷ᠂ ᠰᠣᠶᠣᠯ ᠵᠢᠭᠤᠯᠴᠢᠯᠠᠯ ᠤᠨ ᠲᠣᠭᠯᠠᠯᠲᠠ ᠵᠡᠷᠭᠡ ᠰᠥᠨᠢ ᠪᠠᠷ ᠰᠡᠳᠦᠪᠯᠡᠭᠰᠡᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠥᠭᠵᠢᠯᠲᠡ ᠶᠢᠨ ᠰᠠᠭᠤᠷᠢ ᠪᠠᠷ ᠰᠠᠶᠢᠨ᠂ ᠬᠠᠮᠢᠶᠠᠷᠤᠯᠲᠠ ᠶᠢᠨ ᠬᠢᠷᠢ ᠲᠦᠪᠰᠢᠨ ᠢᠶᠠᠷ ᠥᠨᠳᠥᠷ ᠰᠥᠨᠢ ᠶᠢᠨ ᠠᠮᠢᠳᠤᠷᠠᠯ ᠤᠨ ᠲᠥᠪᠯᠡᠷᠡᠭᠰᠡᠨ ᠣᠷᠣᠨ ᠢ ᠰᠣᠩᠭᠤᠨ ᠰᠥᠨᠢ ᠶᠢᠨ ᠲᠣᠭᠲᠠᠭᠰᠠᠨ ᠴᠠᠭ ᠤᠨ ᠬᠤᠭᠤᠴᠠᠭᠠᠨ ᠳᠤ ᠳᠡᠯᠭᠡᠭᠦᠷ ᠤᠨ ᠭᠠᠳᠠᠨ᠎ᠠ ᠡᠵᠡᠩᠨᠡᠯᠲᠡ ᠬᠢᠯᠭᠡᠨ᠎ᠡ᠃      ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ  ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠳᠥᠷᠪᠡ︶ ᠰᠥᠨᠢ ᠶᠢᠨ ᠴᠠᠭ ᠲᠠᠬᠢ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠢᠨ᠎ᠡ ᠤᠷᠤᠰᠬᠠᠯ ᠢ ᠬᠥᠲᠥᠯᠥᠨ᠎ᠡ᠃ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠢ ᠡᠵᠡᠩᠨᠡᠵᠦ ᠪᠠᠶᠢᠭ᠎ᠠ ᠨᠢᠭᠡᠴᠡ ᠶᠢᠨ ᠴᠠᠭ ᠤᠷᠳᠤᠳᠬᠠᠨ ᠡᠵᠡᠩᠨᠡᠬᠦ ᠶᠢ ᠠᠬᠢᠭᠤᠯᠵᠤ᠂ ᠴᠡᠴᠡᠷᠯᠢᠭ ᠤᠨ ᠪᠡᠶ᠎ᠡ ᠶᠢᠨ ᠲᠠᠮᠢᠷ  ᠤᠨ ᠪᠡᠶ᠎ᠡ ᠴᠢᠭᠢᠷᠠᠭᠵᠢᠭᠤᠯᠬᠤ ᠲᠣᠨᠤᠭ ᠲᠥᠬᠦᠭᠡᠷᠦᠮᠵᠢ ᠪᠠ ᠬᠥᠳᠡᠯᠭᠡᠭᠡᠨ ᠬᠢᠬᠦ ᠲᠠᠯᠠᠪᠤᠷ ᠢ ᠲᠡᠭᠦᠯᠳᠡᠷᠵᠢᠭᠦᠯᠦᠨ᠂ ᠬᠤᠲᠠ ᠶᠢᠨ ᠠᠷᠠᠳ ᠤᠨ ᠪᠡᠶ᠎ᠡ ᠪᠠᠨ ᠴᠢᠭᠢᠷᠠᠭᠵᠢᠭᠤᠯᠬᠤ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠬᠤ ᠪᠠ ᠣᠷᠣᠭᠤᠯᠤᠨ ᠢᠷᠡᠭᠦᠯᠬᠦ ᠪᠠᠨ ᠴᠢᠩᠭᠠᠳᠬᠠᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠶᠢᠨ ᠲᠠᠮᠢᠷ ᠤᠨ ᠤᠷᠤᠯᠳᠤᠭᠠᠨ ᠲᠣᠭᠯᠠᠯᠲᠠ ᠶᠢᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ︶       ︵ᠲᠠᠪᠤ︶ ᠰᠥᠨᠢ ᠶᠢᠨ ᠬᠡᠷᠡᠭᠯᠡᠭᠡ ᠶᠢᠨ ᠰᠢᠨ᠎ᠡ ᠠᠮᠢ ᠠᠬᠤᠢ ᠶᠢ ᠪᠦᠷᠢᠯᠳᠦᠭᠦᠯᠦᠨ᠎ᠡ᠃ ᠰᠥᠨᠢ ᠶᠢᠨ ᠬᠡᠷᠡᠭᠯᠡᠭᠡ ᠶᠢᠨ ᠲᠠᠯᠠᠪᠤᠷ ᠭᠠᠵᠠᠷ ᠢ ᠬᠥᠲᠥᠯᠥᠨ ᠵᠢᠯᠣᠭᠤᠳᠴᠤ ᠣᠶᠣᠨᠴᠢᠯᠠᠭᠰᠠᠨ᠂ ᠰᠦᠯᠵᠢᠶᠡᠵᠢᠭᠰᠡᠨ ᠪᠦᠬᠦ ᠠᠷᠭ᠎ᠠ ᠵᠠᠮ ᠤᠨ ᠪᠠᠶᠢᠷᠢᠰᠢᠯ ᠢ ᠥᠷᠭᠡᠳᠬᠡᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ AR᠂ VR ᠵᠡᠷᠭᠡ ᠣᠳᠣᠬᠢᠴᠢᠯᠠᠭᠰᠠᠨ ᠮᠡᠷᠭᠡᠵᠢᠯ ᠤᠨ ᠬᠡᠷᠡᠭᠯᠡᠯᠲᠡ ᠶᠢ ᠳᠡᠭᠡᠭᠰᠢᠯᠡᠭᠦᠯᠦᠨ᠂ ᠨᠢᠭᠡ ᠪᠦᠯᠦᠭ ᠣᠶᠣᠨᠲᠤ ᠬᠤᠳᠠᠯᠳᠤᠭᠠᠨ ᠤ ᠲᠣᠭᠤᠷᠢᠭ᠂ ᠣᠶᠣᠨᠲᠤ ᠦᠵᠡᠮᠵᠢ ᠶᠢᠨ ᠣᠷᠣᠨ ᠢ ᠪᠠᠶᠢᠭᠤᠯᠵᠤ᠂ ᠠᠬᠤᠢ ᠦᠵᠡᠭᠳᠡᠯ ᠤᠨ᠂ ᠪᠡᠶᠡᠲᠦ ᠴᠣᠭᠴᠠ ᠶᠢᠨ᠂ ᠣᠶᠣᠨᠴᠢᠯᠠᠭᠰᠠᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶      ︵ᠵᠢᠷᠭᠤᠭ᠎ᠠ︶ ᠰᠥᠨᠢ ᠶᠢᠨ ᠬᠡᠷᠡᠭᠯᠡᠭᠡ ᠶᠢᠨ ᠦᠵᠡᠮᠵᠢ ᠪᠠᠶᠢᠳᠠᠯ ᠢ ᠭᠡᠶᠢᠭᠦᠯᠦᠨ᠎ᠡ᠃ ︽ᠰᠥᠨᠢ ᠶᠢᠨ ᠬᠥᠬᠡ ᠬᠤᠲᠠ︾ ᠬᠡᠷᠡᠭᠯᠡᠭᠡ ᠶᠢᠨ ᠴᠢᠳᠠᠮᠵᠢ ᠶᠢᠨ ᠣᠷᠣᠨ ᠤ ᠰᠥᠨᠢ ᠶᠢᠨ ᠦᠵᠡᠮᠵᠢ ᠶᠢ ᠭᠡᠷᠡᠯᠲᠦᠭᠦᠯᠬᠦ᠂ ᠴᠢᠮᠡᠭᠯᠡᠬᠦ ᠪᠠᠷᠢᠯᠭ᠎ᠠ ᠶᠢ ᠵᠣᠬᠢᠶᠠᠨ ᠪᠠᠶᠢᠭᠤᠯᠤᠨ ᠥᠭᠡᠷᠡᠴᠢᠯᠡᠨ ᠰᠠᠶᠢᠵᠢᠷᠠᠭᠤᠯᠵᠤ᠂ ᠰᠥᠨᠢ ᠶᠢᠨ ᠲᠡᠮᠳᠡᠭ  ᠤᠨ ᠰᠢᠰᠲ᠋ᠧᠮᠵᠢ᠂ ᠦᠵᠡᠮᠵᠢ ᠶᠢᠨ ᠵᠢᠮᠰᠡᠭ᠂ ᠰᠡᠯᠡᠭᠦᠴᠡᠯ ᠤᠨ ᠪᠡᠯᠡᠳᠭᠡᠮᠵᠢ᠂ ᠳ᠋ᠧᠩ ᠬᠡᠷᠡᠯᠳᠦᠭᠦᠯᠭᠡ ᠶᠢᠨ ᠪᠡᠯᠡᠳᠭᠡᠮᠵᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠡᠯᠡᠳᠬᠡᠮᠵᠢ᠂ ᠨᠡᠶᠢᠲᠡ ᠶᠢᠨ WIFI ᠵᠡᠷᠭᠡ ᠢᠵᠢ ᠪᠦᠷᠢᠳᠦᠬᠦᠯᠬᠦ ᠪᠡᠯᠡᠳᠭᠡᠮᠵᠢ ᠶᠢ ᠲᠡᠭᠦᠯᠳᠡᠷᠵᠢᠭᠦᠯᠦᠨ᠎ᠡ᠃ ᠣᠷᠣᠨ ᠪᠦᠰᠡ ᠶᠢᠨ ᠡᠬᠢ ᠪᠠᠶᠠᠯᠢᠭ  ᠤᠨ ᠳᠠᠪᠠᠭᠤᠯᠢᠭ ᠪᠠ ᠤᠨᠴᠠᠯᠢᠭᠳᠤ ᠰᠤᠶᠤᠯ ᠲᠠᠢ ᠤᠶᠠᠯᠳᠤᠭᠤᠯᠤᠨ ᠭᠠᠵᠠᠷ ᠣᠷᠣᠨ ᠤ ᠰᠢᠨᠵᠢ ᠲᠡᠮᠳᠡᠭ ᠢᠯᠡᠷᠭᠡᠢ᠂ ᠣᠯᠠᠨ ᠵᠦᠢᠯ ᠤᠨ ᠡᠵᠡᠩᠨᠡᠯᠲᠡ ᠶᠢᠨ ᠪᠠᠶᠢᠳᠠᠯ ᠠᠭᠤᠰᠤᠯᠴᠠᠨ ᠬᠥᠭᠵᠢᠭᠰᠡᠨ ᠬᠡᠷᠡᠭᠯᠡᠭᠡᠨ ᠤ ᠦᠵᠡᠮᠵᠢ ᠪᠠᠶᠢᠳᠠᠯ ᠢ ᠪᠣᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ  ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠳᠣᠯᠤᠭ᠎ᠠ︶ ᠰᠥᠨᠢ ᠶᠢᠨ ᠬᠡᠷᠡᠭᠯᠡᠭᠡ ᠶᠢᠨ ᠠᠴᠢᠶᠠᠯᠠᠪᠤᠷᠢ ᠶᠢ ᠴᠤᠭᠴᠠᠯᠠᠨ᠎ᠠ᠃ ᠰᠥᠨᠢ ᠶᠢᠨ ᠬᠡᠷᠡᠭᠯᠡᠭᠡ ᠶᠢᠨ ᠭᠤᠣᠯ ᠦᠵᠡᠮᠵᠢ ᠶᠢ ᠨᠠᠷᠢᠨ ᠨᠢᠮᠪᠠᠢ ᠬᠥᠮᠥᠵᠢᠭᠦᠯᠦᠨ᠂ ᠬᠤᠳᠠᠯᠳᠤᠭᠠᠨ ᠤ ᠣᠨᠴᠠᠯᠢᠭᠲᠤ ᠶᠠᠪᠠᠭᠠᠨ ᠵᠡᠭᠡᠯᠢ᠂ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢ ᠬᠥᠲᠥᠯᠥᠨ ᠡᠵᠡᠩᠨᠡᠯᠲᠡ ᠶᠢᠨ ᠴᠠᠭ ᠢ ᠤᠷᠲᠤᠳᠬᠠᠵᠤ᠂ ᠰᠥᠨᠢ ᠶᠢᠨ ᠬᠡᠷᠡᠭᠯᠡᠭᠡᠨ ᠳᠤ ᠲᠣᠬᠢᠷᠠᠬᠤ ᠡᠵᠡᠩᠨᠡᠯᠲᠡ ᠶᠢᠨ ᠲᠥᠷᠥᠯ ᠵᠦᠢᠯ ᠢ ᠨᠡᠮᠡᠭᠳᠡᠭᠦᠯᠦᠨ᠎ᠡ᠃ 24 ᠴᠠᠭ ᠤᠨ ᠳᠥᠲᠡ ᠳᠡᠯᠭᠡᠭᠦᠷ ᠤᠨ ᠬᠥᠭᠵᠢᠯᠲᠡ ᠶᠢ ᠲᠡᠳᠬᠦᠵᠦ ᠲᠡᠭᠦᠨ ᠤ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠪᠠᠨ ᠥᠷᠭᠡᠳᠬᠡᠬᠦ ᠶᠢ ᠳᠡᠮᠵᠢᠨ᠂ ᠰᠥᠨᠢ ᠶᠢᠨ ᠬᠡᠷᠡᠭᠯᠡᠭᠡᠨ ᠳᠤ ᠨᠡᠶᠢᠴᠡᠬᠦ ᠦᠢᠯᠡᠴᠢᠯᠡᠭᠡ ᠪᠠ ᠪᠦᠲᠦᠭᠡᠭᠳᠡᠬᠦᠨ ᠢ ᠭᠠᠷᠭᠠᠨ᠎ᠠ᠃ ᠨᠥᠬᠦᠴᠡᠯ ᠲᠠᠢ ᠮᠦᠽᠧᠢ᠂ ᠤᠷᠠᠨ ᠵᠢᠷᠤᠭ ᠤᠨ ᠣᠷᠳᠣᠨ ᠤ ᠴᠠᠭ ᠢᠶᠠᠨ ᠤᠷᠲᠤᠳᠬᠠᠨ ᠨᠡᠭᠡᠭᠡᠯᠲᠡ ᠬᠢᠵᠦ᠂ ᠴᠢᠬᠤᠯᠠ ᠴᠠᠭ ᠤᠨ ᠵᠠᠩᠭᠢᠯᠠᠭ᠎ᠠ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠲᠤ ᠰᠥᠨᠢ ᠶᠢᠨ ᠲᠠᠯᠠᠪᠠᠢ ᠭᠠᠷᠭᠠᠬᠤ ᠶᠢ ᠵᠣᠷᠢᠭᠵᠢᠭᠤᠯᠤᠨ᠎ᠠ᠃ ᠬᠤᠲᠠ ᠶᠢᠨ ᠲᠣᠭᠤᠷᠢᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠰᠥᠨᠢ ᠶᠢᠨ ᠵᠢᠭᠤᠯᠴᠢᠯᠠᠯ ᠡᠷᠬᠢᠯᠡᠬᠦ ᠪᠣᠶᠣ ᠵᠢᠭᠤᠯᠴᠢᠯᠠᠯ ᠤᠨ ᠴᠠᠭ ᠢ ᠤᠷᠲᠤᠳᠬᠠᠬᠤ ᠶᠢ ᠵᠣᠷᠢᠭᠵᠢᠭᠤᠯᠤᠨ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠰᠥᠨᠢ ᠶᠢᠨ ᠵᠢᠭᠤᠯᠴᠢᠯᠠᠯ ᠤᠨ ᠲᠥᠷᠥᠯ ᠵᠦᠢᠯ ᠢ ᠪᠦᠲᠦᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      ︵ᠨᠠᠢᠮᠠ︶ ᠰᠥᠨᠢ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢ  ᠶᠢᠨ ᠣᠷᠣᠨ ᠤ ᠡᠷᠭᠢᠨ ᠲᠣᠭᠤᠷᠢᠨ ᠳᠠᠬᠢ ᠮᠧᠳ᠋ᠷᠤ᠋᠂ ᠨᠡᠶᠢᠲᠡ ᠶᠢᠨ ᠮᠠᠰᠢᠨ ᠤ ᠲᠡᠭᠡᠭᠡᠪᠦᠷᠢ ᠶᠢᠨ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ᠃ ᠠᠶᠠᠯᠠᠬᠤ ᠡᠭᠡᠯᠵᠢ ᠳᠠᠷᠠᠭ᠎ᠠ ᠶᠢ ᠨᠢᠭᠲᠠᠷᠠᠭᠤᠯᠵᠤ᠂ ᠡᠵᠡᠩᠨᠡᠯᠲᠡ ᠶᠢᠨ ᠴᠠᠭ ᠢ ᠤᠷᠲᠤᠳᠬᠠᠨ᠂ ᠵᠡᠭᠡᠯᠢ ᠶᠢᠨ ᠬᠠᠵᠠᠭᠤ ᠪᠠᠷ ᠬᠢ ᠴᠠᠭ ᠤᠨ ᠬᠢᠵᠠᠭᠠᠷ  ᠲᠠᠢ ᠲᠡᠷᠭᠡ ᠵᠣᠭᠰᠣᠬᠤ ᠣᠷᠣ ᠪᠠ ᠲᠦᠷᠢᠶᠡᠰᠦᠨ ᠮᠠᠰᠢᠨ ᠤ ᠠᠶᠠᠨᠴᠢᠨ ᠬᠦᠯᠢᠶᠡᠬᠦ ᠴᠡᠭ ᠢ ᠵᠣᠬᠢᠰᠲᠠᠢ ᠨᠡᠮᠡᠨ᠎ᠡ᠃ ᠰᠥᠨᠢ ᠶᠢᠨ ᠠᠵᠤ ᠠᠬᠤᠢ ᠶᠢᠨ ᠬᠡᠷᠡᠭᠯᠡᠭᠡᠨ  ᠤ ᠴᠢᠳᠠᠮᠵᠢ ᠶᠢᠨ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠥᠭᠡᠭᠡᠪᠦᠷᠢᠯᠡᠬᠦ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠥᠨᠢ ᠶᠢᠨ ᠠᠵᠤ ᠠᠬᠤᠢ  ᠶᠢᠨ ᠬᠥᠭᠵᠢᠯᠲᠡ ᠳᠤ ᠬᠤᠲᠠ ᠶᠢᠨ ᠳᠦᠷᠢ ᠲᠥᠷᠬᠦ ᠶᠢᠨ ᠡᠮᠬᠢ ᠵᠢᠷᠤᠮ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡ ᠶᠢᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠶᠢᠰᠦ︶ ᠰᠥᠨᠢ ᠶᠢᠨ ᠠᠵᠤ ᠠᠬᠤᠢ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠎ᠠ᠃ ᠰᠥᠨᠢ ᠶᠢᠨ ᠠᠵᠤ ᠠᠬᠤᠢ ᠶᠢᠨ ᠠᠮᠤᠷ ᠲᠦᠪᠰᠢᠨ ᠨᠡᠶᠢᠭᠡᠮ ᠤᠨ ᠠᠮᠤᠷ ᠲᠣᠭᠲᠠᠭᠤᠨ ᠤ ᠵᠡᠷᠭᠡ ᠲᠡᠰ ᠤᠨ ᠰᠡᠷᠭᠡᠶᠢᠯᠡᠨ ᠡᠵᠡᠮᠳᠡᠬᠦ ᠲᠥᠰᠥᠯ ᠢ ᠲᠣᠭᠲᠠᠭᠠᠵᠤ᠂ ᠰᠥᠨᠢ ᠶᠢᠨ ᠴᠠᠭᠳᠠᠨ ᠡᠵᠡᠮᠳᠡᠬᠦ ᠴᠠᠭᠳᠠᠭᠠᠨ ᠤ ᠬᠦᠴᠦᠨ ᠢ ᠬᠠᠨᠳᠤᠯᠭᠠᠲᠤ ᠴᠢᠨᠠᠷ ᠲᠠᠢ ᠲᠤᠬᠢᠷᠠᠭᠤᠯᠬᠤ ᠪᠠ ᠴᠢᠩᠭᠠᠳᠬᠠᠵᠤ᠂ ᠠᠮᠤᠷ ᠲᠦᠪᠰᠢᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠣᠮᠣ ᠬᠡᠯᠪᠡᠷᠢ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠵᠥᠪᠰᠢᠶᠡᠷᠡᠯ ᠤᠨ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠠᠵᠢᠯᠯᠠᠭ᠎ᠠ  ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠮᠵᠢ ᠠᠮᠤᠷ ᠢ ᠬᠠᠮᠠᠭᠠᠯᠠᠬᠤ ᠭᠠᠷ ᠭᠦᠢᠴᠡᠳᠬᠡᠯ ᠢ ᠳᠥᠭᠦᠮᠴᠢᠯᠡᠵᠦ᠂ ᠥᠨᠳᠥᠷ ᠪᠦᠲᠦᠮᠵᠢᠲᠡᠢ ᠠᠮᠤᠷ ᠲᠦᠪᠰᠢᠨ  ᠤ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠨ᠎ᠠ᠃ ᠡᠯ᠎ᠡ ᠭᠠᠵᠠᠷ ᠣᠷᠣᠨ ᠰᠥᠨᠢ ᠶᠢᠨ ᠠᠵᠤ ᠠᠬᠤᠢ ᠶᠢᠨ ᠠᠵᠢᠯᠯᠠᠭ᠎ᠠ ᠶᠢᠨ ᠲᠦᠭᠰᠢᠭᠦᠷᠢ ᠶᠢ ᠦᠨᠡᠯᠡᠬᠦ ᠲᠣᠭᠲᠠᠴᠠ ᠶᠢ ᠪᠠᠶᠢᠭᠤᠯᠤᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠰᠣᠷᠢᠯᠳᠠ ᠪᠣᠯᠪᠠᠰᠤᠷᠠᠯ ᠬᠢᠵᠦ᠂ ᠠᠮᠤᠷ ᠲᠦᠪᠰᠢᠨ ᠡᠮᠬᠢ ᠵᠢᠷᠤᠮ ᠲᠠᠢ ᠰᠥᠨᠢ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ  ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶      ︵ᠠᠷᠪᠠ︶ ᠰᠥᠨᠢ ᠶᠢᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠢ ᠬᠠᠮᠠᠭᠠᠯᠠᠨ᠎ᠠ᠃ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠤᠨ᠂ ᠬᠡᠷᠡᠭᠯᠡᠭᠴᠢᠳ ᠤᠨ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠬᠤᠳᠠᠯᠳᠤᠬᠤ ᠦᠢᠯᠡ ᠠᠵᠢᠯᠯᠠᠭ᠎ᠠ ᠳᠤ ᠬᠠᠤᠯᠢ ᠶᠤᠰᠤᠭᠠᠷ ᠴᠣᠬᠢᠯᠲᠠ ᠥᠭᠴᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠰᠥᠨᠢ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠬᠠᠤᠯᠢ ᠳᠦᠷᠢᠮ ᠤᠨ ᠪᠠᠲᠤᠯᠠᠭ᠎ᠠ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠠᠷᠪᠠᠨ ᠨᠢᠭᠡ︶ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠠᠴᠠ ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢᠲᠤ ᠣᠷᠣᠨ ᠤ ᠪᠡᠯᠡᠳᠭᠡᠮᠵᠢ ᠶᠢ ᠥᠭᠡᠷᠡᠴᠢᠯᠡᠨ ᠰᠠᠶᠢᠵᠢᠷᠠᠭᠤᠯᠬᠤ᠂ ᠦᠢᠯᠡᠴᠢᠯᠡᠭᠡ ᠶᠢᠨ ᠴᠢᠳᠠᠪᠤᠷᠢ ᠶᠢ ᠲᠡᠭᠦᠯᠳᠡᠷᠵᠢᠭᠦᠯᠬᠦ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠬᠤᠲᠠ ᠶᠢᠨ ᠬᠤᠯᠪᠣᠭᠳᠠᠯ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ ᠡᠯ᠎ᠡ ᠲᠥᠷᠥᠯ ᠤᠨ ᠠᠵᠤ ᠦᠢᠯᠡᠰ ᠢ ᠬᠦᠭᠵᠢᠬᠦᠯᠬᠦ ᠪᠡᠯᠡ ᠮᠥᠩᠭᠦ ᠪᠠ ᠳᠡᠭᠡᠳᠦ ᠱᠠᠲᠤᠨ ᠤ ᠲᠤᠰᠬᠠᠢ ᠲᠥᠷᠥᠯ ᠤᠨ ᠪᠡᠯᠡ ᠮᠥᠩᠭᠦ ᠶᠢ ᠰᠠᠶᠢᠬᠠᠨ ᠬᠡᠷᠡᠭᠯᠡᠵᠦ᠂ ᠰᠥᠨᠢ ᠶᠢᠨ ᠬᠡᠷᠡᠭᠯᠡᠭᠡᠨ ᠤ ᠴᠢᠨᠠᠷᠲᠠᠢ ᠦᠢᠯᠡᠴᠢᠯᠡᠭᠡ  ᠶᠢᠨ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠴᠢᠬᠤᠯᠠ ᠶᠡᠭᠡ ᠲᠥᠷᠥᠯ ᠵᠦᠢᠯ ᠪᠠ ᠴᠢᠬᠤᠯᠠ ᠶᠡᠭᠡ ᠠᠵᠢᠯᠯᠠᠭ᠎ᠠ ᠶᠢ ᠳᠡᠮᠵᠢᠬᠦ ᠡᠷᠴᠢᠮ ᠢᠶᠠᠨ ᠴᠢᠩᠭᠠᠳᠬᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ︶      ︵ᠠᠷᠪᠠᠨ ᠬᠤᠶᠠᠷ︶ ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ ᠶᠢ ᠴᠢᠩᠭᠠᠳᠬᠠᠨ᠎ᠠ᠃ ᠡᠯ᠎ᠡ ᠵᠦᠢᠯ ᠤᠨ ᠰᠥᠨᠢ ᠶᠢᠨ ᠠᠵᠤ ᠠᠬᠤᠢ ᠶᠢᠨ ᠬᠡᠷᠡᠭᠯᠡᠭᠡᠨ ᠤ ᠴᠢᠳᠠᠮᠵᠢᠲᠤ ᠣᠷᠣᠨ ᠳᠤ ᠨᠤᠲᠤᠭᠰᠢᠭᠰᠠᠨ ᠠᠵᠤ ᠠᠬᠤᠶᠢᠯᠠᠯ ᠬᠤᠳᠠᠯᠳᠤᠭᠠᠨ ᠤ ᠡᠪᠯᠡᠯ ︵ᠨᠡᠶᠢᠭᠡᠮᠯᠢᠭ︶ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠬᠥᠲᠥᠯᠦᠨ ᠵᠢᠯᠣᠭᠤᠳᠴᠤ ᠵᠣᠷᠢᠭᠵᠢᠭᠤᠯᠤᠨ᠂ ᠡᠵᠡᠩᠨᠡᠯᠲᠡ ᠶᠢᠨ ᠪᠠᠶᠢᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠠᠵᠢᠯ ᠲᠦᠷᠦᠯ ᠤᠨ ᠪᠡᠶ᠎ᠡ ᠪᠠᠨ ᠱᠠᠭᠠᠷᠳᠠᠬᠤ ᠳᠤ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠨᠢᠭᠡᠳᠦᠯᠲᠡᠢ ᠲᠥᠯᠥᠪᠵᠢᠭᠦᠯᠬᠦ ᠪᠠ ᠵᠢᠯᠣᠭᠤᠳᠬᠤ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠲᠤᠰ ᠣᠷᠣᠨ ᠪᠦᠰᠡ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ  ᠶᠢ ᠵᠣᠬᠢᠴᠠᠭᠤᠯᠤᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ  ᠶᠢᠨ ᠠᠷᠠᠳ ᠤᠨ ᠶᠠᠪᠤᠳᠠᠯ ᠤᠨ ᠲᠣᠪᠴᠢᠶ᠎ᠠ︶      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠰᠥᠨᠢ ᠶᠢᠨ ᠠᠵᠤ ᠠᠬᠤᠶ ᠶᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ᠬᠤᠲᠠ ᠶᠢᠨ ᠰᠥᠨᠢ ᠶᠢᠨ ᠠᠵᠤ ᠠᠬᠤᠶ ᠶᠢ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠡᠳ᠋ ᠳᠠᠷᠤᠭ᠎ᠠ ᠳᠤᠭᠤᠶᠢᠯᠠᠩ ᠤᠨ ᠳᠠᠷᠤᠭ᠎ᠠ  ᠪᠤᠯᠭᠠᠵᠤ᠂ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠣᠷᠳᠣᠨ᠂ ᠬᠦᠬᠡᠬᠤᠲᠡ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠪᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ  ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ  ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠳ ᠢᠶᠠᠷ ᠪᠦᠷᠢᠯᠳᠦᠬᠦᠨ ᠨᠢᠭᠡᠴᠢ ᠪᠤᠯᠠᠭᠠᠨ᠂ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠪᠠᠶᠢᠭᠤᠯᠵᠤ᠂ ᠪᠦᠷᠢᠯᠳᠦᠬᠦᠨ ᠨᠢᠭᠡᠴᠡ ᠵᠢᠴᠢ ᠠᠵᠤ ᠠᠬᠤᠶᠢᠯᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠤᠨ ᠠᠵᠢᠯ ᠠᠬᠢᠭᠤᠯᠬᠤ ᠬᠤᠷᠠᠯ ᠬᠤᠷᠠᠯᠳᠤᠭᠤᠯᠬᠤ ᠶᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡ ᠵᠠᠩᠭᠢ ᠮᠡᠳᠡᠭᠦᠯᠦᠨ ᠬᠦᠷᠭᠡᠬᠦ ᠳᠦᠷᠢᠮ ᠢ ᠪᠠᠶᠢᠭᠤᠯᠵᠤ᠂ ᠡᠯ᠎ᠡ ᠭᠠᠵᠠᠷ ᠣᠷᠣᠨ ᠪᠣᠯᠤᠨ ᠡᠯ᠎ᠡ ᠰᠠᠯᠠᠭ᠎ᠠ ᠮᠥᠴᠢᠷ ᠤᠨ ᠠᠵᠢᠯ ᠢ ᠠᠬᠢᠭᠤᠯᠤᠭᠰᠠᠨ ᠪᠠᠶᠢᠳᠠᠯ ᠢ ᠴᠤᠭᠯᠠᠭᠤᠯᠤᠨ ᠡᠮᠬᠢᠯᠡᠨ᠎ᠡ᠃ ᠡᠯ᠎ᠡ ᠬᠠᠮᠢᠶ᠎ᠠ ᠪᠦᠬᠦᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠰᠥᠨᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠪᠠ ᠳᠡᠮᠵᠢᠬᠦ ᠠᠵᠢᠯ ᠤᠨ ᠲᠥᠰᠦᠯ ᠲᠣᠭᠲᠠᠭᠠᠵᠤ᠂ ᠬᠠᠷᠠᠯᠲᠠ  ᠪᠠᠨ ᠲᠣᠳᠣᠷᠬᠠᠶᠢᠯᠠᠨ᠂ ᠡᠭᠦᠷᠭᠡ ᠪᠠᠨ ᠨᠠᠷᠢᠯᠢᠭᠵᠢᠭᠤᠯᠵᠤ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠴᠢᠳᠠᠪᠤᠷᠢᠲᠠᠨ ᠤ ᠣᠶᠤᠨ ᠤ ᠬᠥᠮᠥᠷᠭᠡ ᠶᠢᠨ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠲᠤᠰᠬᠠᠶ ᠮᠡᠷᠭᠡᠵᠢᠯᠲᠡᠨ ᠤ ᠣᠶᠤᠨ ᠤ ᠬᠥᠮᠥᠷᠭᠡ  ᠶᠢᠨ ᠠᠰᠠᠭᠤᠨ ᠯᠠᠪᠯᠠᠬᠤ ᠲᠣᠭᠲᠠᠴᠠ ᠶᠢ ᠪᠠᠶᠢᠭᠤᠯᠵᠤ᠂ ᠨᠢᠭᠡ ᠪᠦᠯᠦᠭ ᠠᠵᠤ ᠠᠬᠤᠶᠢᠯᠠᠯᠲᠠᠨ᠂ ᠬᠠᠮᠢᠶᠠᠷᠤᠯᠲᠠ ᠶᠢᠨ ᠲᠤᠰᠬᠠᠶ ᠮᠡᠷᠭᠡᠵᠢᠯᠲᠡᠨ᠂ ᠰᠣᠶᠣᠯ ᠤᠷᠠᠯᠢᠭ ᠤᠨ ᠶᠡᠭᠡ ᠪᠠᠭᠰᠢ ᠵᠡᠷᠭᠡ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠵᠣᠬᠢᠶᠠᠨ ᠪᠠᠶᠢᠭᠤᠯᠵᠤ᠂ ᠣᠷᠣᠨ ᠤ ᠲᠥᠪ ᠬᠤᠲᠠ ᠶᠢᠨ ᠰᠥᠨᠢ ᠶᠢᠨ ᠠᠵᠤ ᠠᠬᠤᠶ ᠶᠢᠨ ᠬᠥᠭᠵᠢᠯᠲᠡ ᠶᠢᠨ ᠴᠢᠭᠯᠡᠯ᠂ ᠳᠤᠲᠠᠭᠤᠳᠠᠯ ᠪᠠᠭᠤᠷᠠᠶ ᠲᠠᠯ᠎ᠠ᠂ ᠰᠢᠨ᠎ᠡ ᠶᠢ ᠡᠭᠦᠳᠬᠦ ᠭᠢᠯᠠᠰ ᠴᠡᠭ᠂ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠵᠡᠷᠭᠡ ᠳᠤ ᠴᠢᠭᠯᠡᠭᠦᠯᠦᠨ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃      ︵ᠭᠤᠷᠪᠠ︶ ᠬᠥᠭᠵᠢᠯᠲᠡ ᠶᠢᠨ ᠠᠭᠤᠷ ᠠᠮᠢᠰᠬᠤᠯ ᠢ ᠪᠣᠶ ᠪᠣᠯᠭᠠᠨ᠎ᠠ᠃ ︽ᠰᠥᠨᠢ ᠶᠢᠨ ᠬᠦᠬᠡ ᠬᠤᠲᠠ︾ ᠶᠢᠨ ᠬᠡᠷᠡᠭᠯᠡᠭᠡᠨ ᠤ ᠲᠥᠷᠥᠯ ᠲᠡᠮᠳᠡᠭᠲᠦ  ᠶᠢᠨ ᠪᠠᠶᠢᠭᠤᠯᠤᠯᠲᠠ ᠶᠢᠨ ᠤᠶᠢᠯᠠᠭᠠᠭᠳᠠᠭᠤᠨ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ᠂ ᠠᠬᠢᠭᠤᠯᠬᠤ ᠠᠷᠭ᠎ᠠ ᠬᠡᠮᠵᠢᠶ᠎ᠡ ᠶᠢᠨ ᠤᠬᠠᠭᠤᠯᠭ᠋᠎ᠠ ᠶᠢᠨ ᠡᠷᠴᠢᠮ ᠢ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠤᠨ ᠬᠦᠴᠦᠨ᠂ ᠠᠷᠠᠳ ᠤᠨ ᠣᠶᠤᠨ ᠤᠬᠠᠭᠠᠨ ᠢ ᠬᠥᠲᠥᠯᠥᠨ ᠵᠢᠯᠣᠭᠤᠳᠴᠤ ᠪᠠᠶᠢᠭᠠᠳ ᠲᠥᠪ ᠬᠤᠲᠠ ᠶᠢᠨ ᠰᠥᠨᠢ ᠶᠢᠨ ᠠᠵᠤ ᠠᠬᠤᠢ ᠶᠢᠨ ᠬᠥᠭᠵᠢᠯᠲᠡ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠶ᠃
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ