ᠲᠤᠭᠲᠠᠮᠠᠯ ᠬᠥᠷᠥᠩᠭᠡ ᠶᠢᠨ ᠳᠠᠩᠰᠠᠯᠠᠯ ᠢ ᠭᠦᠢᠴᠡᠳᠭᠡᠬᠦ ᠴᠠᠭ ᠢ ᠤᠯᠠᠮ ᠨᠢᠭᠡ ᠠᠯᠬᠤᠮ ᠪᠠᠭᠠᠰᠬᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/11/12
           ᠬᠥᠬᠡᠬᠤᠲᠠ ᠵᠠᠰᠠᠭ ᠠᠯᠪᠠᠨ ᠦᠰᠦᠭ ﹇2020﹈ 28 ᠳ᠋ᠤᠭᠠᠷ ᠲᠣᠭᠠᠲᠤ              2020 ᠣᠨ ᠤ 5 ᠳ᠋ᠤᠭᠠᠷ ᠰᠠᠷ᠎ᠠ ᠶᠢᠨ 12 ᠤᠨ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄      ︽ᠲᠤᠭᠲᠠᠮᠠᠯ ᠬᠥᠷᠥᠩᠭᠡ ᠶᠢᠨ ᠳᠠᠩᠰᠠᠯᠠᠯ ᠢ ᠭᠦᠢᠴᠡᠳᠭᠡᠬᠦ ᠴᠠᠭ ᠢ ᠪᠠᠭᠠᠰᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ︹ 2019 ︺ 8 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠵᠤ᠂ ᠨᠠᠩ ᠰᠢᠯᠢᠳᠡᠭ ᠰᠠᠶᠢᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠣᠯᠭᠠᠬᠤ ᠶᠢᠨ ᠲᠦᠯᠦᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ᠂ ᠡᠳᠦᠭᠡ ᠬᠠᠮᠢᠶ᠎ᠠ ᠪᠦᠬᠦᠢ ᠣᠴᠢᠷ ᠢ ᠳᠤᠤᠷᠠᠬᠢ ᠮᠡᠲᠦ ᠮᠡᠳᠡᠭᠳᠡᠶ᠎ᠡ᠄      ᠨᠢᠭᠡ᠂ ᠠᠵᠢᠯ ᠤᠨ ᠬᠠᠷᠠᠯᠲᠠ      ᠤᠯᠤᠰ᠂ ᠥᠪᠡᠷᠲᠡᠭᠡᠨ ᠵᠠᠰᠠᠬᠤ ᠣᠷᠣᠨ ᠤ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠱᠠᠭᠠᠷᠳᠠᠯᠭ᠎ᠠ ᠶᠣᠰᠣᠭᠠᠷ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠨᠢᠭᠡᠲᠦᠭᠦᠯᠬᠦ᠂ ᠴᠤᠪᠤᠷᠠᠯ ᠢ ᠨᠢᠭᠡᠲᠦᠭᠦᠯᠬᠦ ᠪᠤᠶᠤ ᠠᠵᠢᠯᠲᠠᠨ ᠢ ᠨᠢᠭᠡᠲᠦᠭᠦᠯᠬᠦ ᠶᠢ ᠠᠬᠢᠭᠤᠯᠵᠤ᠂ ᠲᠤᠭᠲᠠᠮᠠᠯ ᠬᠥᠷᠥᠩᠭᠡ ᠶᠢᠨ ᠳᠠᠩᠰᠠᠯᠠᠯ᠂ ᠬᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ᠪᠥᠬᠦ ᠶᠠᠪᠤᠴᠠ ᠶᠢᠨ ︽ᠨᠢᠭᠡ ᠶᠠᠪᠤᠳᠠᠯ︾ ᠢ ᠪᠥᠬᠦ ᠶᠠᠪᠤᠴᠠ ᠪᠠᠷ ᠰᠢᠯᠢᠳᠡᠭᠵᠢᠭᠦᠯᠵᠦ᠂ ᠠᠷᠠᠳ ᠲᠤ ᠲᠦᠬᠦᠮ ᠥᠨᠳᠥᠷ ᠪᠦᠲᠦᠮᠵᠢᠲᠡᠶ ᠲᠤᠭᠲᠠᠮᠠᠯ ᠬᠦᠷᠦᠩᠭᠡ ᠶᠢ ᠳᠠᠩᠰᠠᠯᠠᠬᠤ ᠠᠵᠢᠯ ᠤᠨ ᠰᠢᠰᠲ᠋ᠧᠮ ᠢ ᠪᠠᠶᠢᠭᠤᠯᠤᠨ᠎ᠠ᠃ 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠦᠬᠦ ᠬᠤᠲᠠ ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠳᠤ ᠱᠠᠭᠠᠷᠳᠠᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠪᠦᠬᠦᠨ ᠢ ᠬᠠᠮᠲᠤ ᠪᠠᠷ ᠡᠳ᠋ᠯᠡᠬᠦ ᠶᠢ ᠪᠠᠲᠤᠯᠠᠵᠤ᠂ ︽ᠢᠨᠲ᠋ᠧᠷ ᠰᠦᠯᠵᠢᠶ᠎ᠡ + ᠲᠤᠭᠲᠠᠮᠠᠯ ᠬᠥᠷᠥᠩᠭᠡ ᠶᠢᠨ ᠳᠠᠩᠰᠠᠯᠠᠯ︾ ᠢ ᠪᠦᠬᠦ ᠲᠠᠯ᠎ᠠ ᠪᠠᠷ ᠪᠡᠶᠡᠯᠡᠬᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠲᠤᠭ᠎ᠠ ᠪᠠᠷᠢᠮᠲᠠ ᠶᠢᠨ ᠪᠦᠷᠢᠨ ᠪᠦᠲᠦᠨ ᠢ ᠪᠠᠲᠤᠯᠠᠨ᠎ᠠ᠃ ᠬᠤᠲᠠ᠂ ᠬᠤᠰᠢᠭᠤ ︵ᠰᠢᠶᠠᠨ︶ ᠶᠢᠨ ᠡᠩ ᠤᠨ ᠲᠤᠭᠲᠠᠮᠠᠯ ᠬᠥᠷᠥᠩᠭᠡ ᠶᠢᠨ ᠳᠠᠩᠰᠠᠯᠠᠯ᠂ ᠪᠠᠷᠢᠴᠠᠭᠠᠯᠠᠬᠤ ᠳᠠᠩᠰᠠᠯᠠᠯ ᠤᠨ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠴᠠᠭ ᠢ ᠲᠣᠰ ᠲᠣᠰ 5 ᠪᠠ 3 ᠠᠵᠢᠯᠯᠠᠬᠤ ᠡᠳᠦᠷ ᠤᠨ ᠳᠣᠲᠣᠷ᠎ᠠ ᠪᠤᠯᠲᠠᠯ᠎ᠠ ᠪᠠᠭᠠᠰᠬᠠᠨ᠎ᠠ᠃      ᠬᠤᠶᠠᠷ᠂ ᠡᠭᠦᠷᠭᠡ ᠶᠢᠨ ᠬᠤᠪᠢᠶᠠᠷᠢᠯᠠᠯ      ︵ᠨᠢᠭᠡ︶ ᠰᠠᠯᠠᠭ᠎ᠠ ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠳᠤ ᠰᠠᠭᠤᠷᠢᠯᠠᠨ᠂ ᠰᠠᠯᠠᠭ᠎ᠠ ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢᠨ ᠶᠠᠰᠤ ᠴᠢᠨᠠᠷ ᠪᠠ ᠠᠰᠢᠭᠯᠠᠮᠵᠢ ᠶᠢ ᠳᠡᠭᠡᠭᠰᠢᠯᠡᠭᠦᠯᠦᠨ᠂ ︽ᠢᠨᠲ᠋ᠧᠷ ᠰᠦᠯᠵᠢᠶ᠎ᠡ + ᠲᠤᠭᠲᠠᠮᠠᠯ ᠬᠦᠷᠥᠩᠭᠡ ᠶᠢᠨ ᠳᠠᠩᠰᠠᠯᠠᠯ︾ ᠢ ᠲᠦᠯᠬᠢᠨ ᠠᠬᠢᠭᠤᠯᠤᠨ᠎ᠠ᠃      1. ᠰᠠᠯᠠᠭ᠎ᠠ ᠮᠥᠴᠢᠷ ᠤᠨ ᠬᠤᠭᠤᠷᠤᠨᠲᠤ ᠮᠡᠳᠡᠭᠡ ᠵᠠᠩᠭᠢ ᠶᠢ ᠨᠢᠭᠡᠲᠦᠭᠦᠯᠦᠨ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠥᠲᠥᠭᠡᠨ ᠪᠠᠶᠢᠭᠤᠯᠤᠯᠲᠠ ᠂ ᠭᠠᠶᠢᠯᠢ ᠶᠢᠨ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠪᠤᠶᠤ ᠰᠠᠯᠠᠭ᠎ᠠ ᠮᠦᠴᠢᠷ ᠢ ᠰᠢᠭᠤᠳ ᠬᠤᠯᠪᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠡ ᠵᠠᠩᠭᠢ ᠶᠢᠨ ᠴᠠᠭ ᠲᠤᠬᠠᠶ ᠳᠠᠭᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠦᠨ᠎ᠡ᠃      ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠢᠶᠠᠷ ᠳᠣᠤᠷᠠᠬᠢ ᠮᠡᠲᠦ ᠭᠤᠤᠯ ᠮᠡᠳᠡᠭᠡ ᠵᠠᠩᠭᠢ ᠶᠢ ᠭᠠᠷᠭᠠᠨ ᠠᠪᠴᠤ ᠪᠣᠯᠤᠨ᠎ᠠ᠄ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ ᠶᠢᠨ ᠦᠨᠳᠦᠰᠦᠨ ᠮᠡᠳᠡᠭᠡ ᠵᠠᠩᠭᠢ︔ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠵᠡᠩᠨᠡᠯᠲᠡ ᠶᠢᠨ ᠦᠨᠡᠮᠯᠡᠯ ᠤᠨ ᠮᠡᠳᠡᠭᠡ ᠵᠠᠩᠭᠢ︔ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠮ ᠵᠠᠰᠠᠭ ᠤᠨ ᠪᠠᠶᠢᠭᠤᠯᠭ᠎ᠠ᠂ ᠣᠯᠠᠨ ᠲᠦᠮᠡᠨ ᠤ ᠪᠦᠯᠬᠦᠮ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠨᠡᠶᠢᠭᠡᠮ ᠤᠨ ᠢᠳᠡᠭᠡᠮᠵᠢ ᠶᠢᠨ ᠨᠢᠭᠡᠲᠦᠯᠲᠡᠢ ᠲᠦᠯᠦᠭᠡᠨ ᠨᠣᠮᠧᠷ ᠤᠨ ᠮᠡᠳᠡᠭᠡ ᠵᠠᠩᠭᠢ ︵ᠨᠢᠭᠤᠴᠠ ᠳᠤ ᠬᠤᠯᠪᠣᠭᠳᠠᠬᠤ ᠨᠢᠭᠡᠴᠡ ᠠᠴᠠ ᠭᠠᠳᠠᠨ᠎ᠠ︶︔ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ᠂ ᠭᠡᠷ᠎ᠡ ᠶᠢ ᠳᠠᠩᠰᠠᠯᠠᠭᠤᠯᠬᠤ ᠵᠡᠷᠭᠡ ᠮᠡᠳᠡᠭᠡ ᠵᠠᠩᠭᠢ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠭᠠᠶᠢᠯᠢ ᠲᠠᠲᠠᠪᠤᠷᠢ ᠶᠢᠨ ᠮᠡᠳᠡᠭᠡ ᠵᠠᠩᠭᠢ︔ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠲᠥᠯᠥᠪᠵᠢᠭᠦᠯᠭᠡ᠂ ᠬᠡᠮᠵᠢᠨ ᠵᠢᠷᠤᠬᠤ᠂ ᠭᠠᠵᠠᠷ ᠰᠢᠷᠤᠢ ᠶᠢ ᠰᠢᠯᠵᠢᠭᠦᠯᠦᠨ ᠬᠤᠳᠠᠯᠳᠤᠬᠤ᠂ ᠭᠠᠵᠠᠷ ᠰᠢᠷᠣᠶ ᠶᠢ ᠬᠢᠨᠠᠨ ᠵᠥᠪᠰᠢᠶᠡᠷᠡᠬᠦ᠂ ᠰᠤᠯᠠ ᠭᠠᠵᠠᠷ ᠰᠢᠷᠣᠶ ᠵᠡᠷᠭᠡ ᠮᠡᠳᠡᠭᠡ ᠵᠠᠩᠭᠢ︔ ᠰᠢᠭᠦᠬᠦ ᠬᠤᠷᠢᠶ᠎ᠠ ᠶᠢᠨ ᠢᠯᠡ ᠪᠣᠯᠭᠠᠵᠤ ᠪᠣᠯᠬᠤ ᠰᠢᠭᠦᠨ ᠲᠠᠰᠤᠯᠤᠯᠲᠠ ᠶᠢᠨ ᠮᠡᠳᠡᠭᠡ ᠵᠠᠩᠭᠢ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠤᠷᠤᠭ ᠤᠨ ᠳᠠᠩᠰᠠᠯᠠᠯᠲᠠ᠂ ᠬᠥᠮᠦᠨ ᠨᠢᠭᠡᠴᠡ ᠳᠤ ᠬᠤᠯᠪᠤᠭᠳᠠᠬᠤ ᠭᠠᠵᠠᠷ ᠤᠨ ᠨᠡᠷᠡᠶᠢᠳᠦᠯ ᠬᠠᠶ᠋ᠢᠭ ᠵᠡᠷᠭᠡ ᠮᠡᠳᠡᠭᠡ ᠵᠠᠩᠭᠢ︔ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠠᠯᠪᠠᠨ ᠭᠡᠷᠡᠴᠢᠯᠡᠭᠡ ᠶᠢᠨ ᠪᠢᠴᠢᠭ ᠤᠨ ᠮᠡᠳᠡᠭᠡ ᠵᠠᠩᠭᠢ︔ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠭᠠᠵᠠᠷ ᠰᠢᠷᠣᠶ ᠭᠡᠷ ᠪᠠᠶᠢᠰᠢᠩ ᠤᠨ ᠡᠳ᠋ ᠬᠥᠷᠥᠩᠭᠡ ᠶᠢ ᠰᠢᠯᠵᠢᠭᠦᠯᠦᠨ ᠥᠭᠬᠦ ᠮᠡᠳᠡᠭᠡ ᠵᠠᠩᠭᠢ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠦᠭᠭᠦᠭᠰᠡᠨ ᠤ ᠠᠨᠠᠭᠠᠬᠤ ᠤᠬᠠᠭᠠᠨ ᠤ ᠭᠡᠷᠡᠴᠢ᠂ ᠲᠦᠷᠦᠭᠰᠡᠨ ᠤ ᠠᠨᠠᠭᠠᠬᠤ ᠤᠬᠠᠭᠠᠨ ᠤ ᠭᠡᠷᠡᠴᠢ ᠮᠡᠳᠡᠭᠡ ᠵᠠᠩᠭᠢ ᠵᠡᠷᠭᠡ᠃      ᠭᠠᠵᠠᠷ ᠣᠷᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠳᠠᠯᠢ ᠱᠠᠲᠤᠨ ᠳᠠᠭᠠᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠶᠢ ᠵᠣᠷᠢᠭᠵᠢᠭᠤᠯᠤᠨ᠎ᠠ᠃ ᠬᠦᠬᠡᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠰᠤᠯᠢᠯᠴᠠᠬᠤ ᠲᠠᠪᠴᠠᠩ ᠢ ᠪᠠᠶᠢᠭᠤᠯᠤᠨ ᠠᠵᠢᠯᠯᠠᠭᠤᠯᠤᠭᠰᠠᠨ ᠤ ᠳᠠᠷᠠᠭ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠠᠪᠴᠠᠩ ᠢᠶᠠᠷ ᠳᠠᠮᠵᠢᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠣᠯᠵᠤ ᠪᠤᠯᠤᠨ᠎ᠠ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠪᠠᠷ ᠤᠯᠤᠭᠰᠠᠨ᠂ ᠰᠢᠯᠭᠠᠭᠤᠯᠤᠭᠰᠠᠨ ᠮᠠᠲ᠋ᠧᠷᠢᠶᠠᠯ ᠢ ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠪᠠᠶᠢᠭᠤᠯᠤᠮᠵᠢ ᠠᠴᠠ ᠰᠢᠭᠤᠳ ᠭᠠᠷᠭᠠᠨ ᠠᠪᠴᠤ᠂ ᠠᠵᠤ ᠠᠬᠤᠶᠢᠯᠠᠯ ᠪᠠ ᠤᠯᠠᠨ ᠲᠦᠮᠡᠨ ᠢᠶᠠᠷ ᠳᠠᠬᠢᠵᠤ ᠲᠤᠰᠢᠶᠠᠯᠭᠠᠬᠤ ᠶᠢ ᠱᠠᠭᠠᠷᠳᠠᠬᠤ ᠥᠬᠡᠶ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠲᠤᠭ᠎ᠠ ᠶᠢᠨ ᠠᠯᠪᠠᠨ ᠭᠡᠷ᠂ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      2. ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠲᠤᠭ᠎ᠠ ᠪᠠᠷᠢᠮᠲᠠ ᠶᠢᠨ ᠰᠠᠭᠤᠷᠢ ᠶᠢ ᠴᠢᠩᠭᠠᠷᠠᠭᠤᠯᠤᠨ᠎ᠠ᠃ ᠤᠳᠤᠬᠠᠨ ᠳᠤ ᠤᠤᠯ ᠤᠨ ᠳᠠᠩᠰᠠᠯᠠᠭᠰᠠᠨ ᠰᠠᠯᠠᠭ᠎ᠠ ᠮᠥᠴᠢᠷ ᠲᠤ ᠬᠠᠳᠠᠭᠠᠯᠠᠵᠤ ᠪᠠᠶᠢᠭ᠎ᠠ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠮᠠᠲ᠋ᠧᠷᠢᠶᠠᠯ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠡᠷᠬᠡᠪᠰᠢ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠪᠠᠶᠢᠭᠤᠯᠤᠮᠵᠢ ᠳᠤ ᠪᠦᠷᠢᠨ ᠪᠦᠲᠦᠨ ᠰᠢᠯᠵᠢᠭᠦᠯᠦᠨ ᠲᠤᠰᠢᠶᠠᠨ᠎ᠠ᠃ ᠡᠭᠦᠨ ᠤ ᠰᠠᠭᠤᠷᠢᠨ ᠳᠡᠭᠡᠷ᠎ᠡ᠂ ᠡᠯ᠎ᠡ ᠭᠠᠵᠠᠷ ᠤᠨ ᠬᠢᠨ ᠬᠠᠳᠠᠭᠠᠯᠠᠭᠳᠠᠵᠤ ᠪᠠᠶᠢᠭ᠎ᠠ ᠳᠠᠩᠰᠠᠯᠠᠯ ᠤᠨ ᠲᠤᠭ᠎ᠠ ᠪᠠᠷᠢᠮᠲᠠ ᠶᠢ ᠨᠡᠶᠢᠳᠭᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠪᠠᠨ ᠲᠦᠷᠭᠡᠳᠬᠡᠵᠦ᠂ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ᠂ ᠬᠤᠰᠢᠭᠤ ︵ᠰᠢᠶᠠᠨ︶ ᠶᠢᠨ ᠬᠤᠲᠠ ᠪᠠᠯᠭᠠᠰᠤ ᠶᠢᠨ ᠬᠠᠳᠠᠭᠠᠯᠠᠭᠳᠠᠵᠤ ᠪᠠᠶᠢᠭ᠎ᠠ ᠤᠳᠤᠬᠠᠨ ᠤ ᠳᠠᠩᠰᠠᠯᠠᠯ ᠤᠨ ᠲᠤᠭ᠎ᠠ ᠪᠠᠷᠢᠮᠲᠠ ᠶᠢᠨ ᠦᠷ᠎ᠡ ᠪᠦᠲᠦᠭᠡᠯ ᠢ ᠲᠡᠭᠦᠯᠳᠡᠷᠵᠢᠭᠦᠯᠬᠦ ᠪᠠ ᠬᠤᠷᠢᠶᠠᠩᠭᠤᠶᠢᠯᠠᠨ ᠲᠤᠰᠢᠶᠠᠬᠤ ᠶᠢ ᠪᠦᠷᠢᠨ ᠪᠦᠷᠬᠦᠭᠦᠯᠬᠦ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠲᠠᠢ ᠤᠶᠠᠯᠳᠤᠭᠤᠯᠤᠨ᠂ ᠲᠤᠭᠲᠠᠮᠠᠯ ᠬᠥᠷᠥᠩᠭᠡ ᠶᠢᠨ ᠡᠷᠬᠡ ᠶᠢᠨ ᠬᠠᠷᠢᠶ᠎ᠠ ᠶᠢ ᠵᠠᠰᠠᠨ ᠨᠦᠬᠦᠵᠦ ᠬᠡᠮᠵᠢᠬᠦ ᠠᠵᠢᠯ ᠢ ᠢᠳᠡᠪᠬᠢᠲᠡᠶ ᠦᠷᠨᠢᠭᠦᠯᠵᠦ᠂ ᠳᠡᠩᠰᠡᠯᠡᠨ ᠲᠡᠮᠳᠡᠭᠯᠡᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ 2020 ᠣᠨ ᠳᠤ᠂ ᠬᠤᠲᠠ᠂ ᠬᠤᠰᠢᠭᠤ ︵ᠰᠢᠶᠠᠨ︶ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠬᠠᠳᠠᠭᠠᠯᠠᠭᠳᠠᠵᠤ ᠪᠠᠶᠢᠭ᠎ᠠ ᠲᠡᠣᠬᠡᠨ ᠳᠠᠩᠰᠠᠯᠠᠯ ᠤᠨ ᠲᠤᠭ᠎ᠠ ᠪᠠᠷᠢᠮᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠮᠬᠢᠯᠡᠵᠦ᠂ ᠲᠤᠭ᠎ᠠ ᠪᠠᠷᠢᠮᠲᠠ ᠶᠢ ᠨᠡᠶᠢᠳᠭᠡᠬᠦ ᠠᠵᠢᠯ ᠤᠨ ᠵᠠᠷᠤᠳᠠᠯ ᠢ ᠨᠠᠶᠢᠲᠠᠪᠤᠷᠢᠵᠢᠭᠤᠯᠵᠤ᠂ ᠠᠩᠬ᠎ᠠ ᠤᠳᠠᠭ᠎ᠠ ᠳᠠᠩᠰᠠᠯᠠᠭᠤᠯᠤᠭᠰᠠᠨ ᠠᠴᠠ ᠤᠳᠤᠬᠠᠨ ᠪᠤᠯᠲᠠᠯᠠᠬᠢ ᠳᠠᠩᠰᠠᠯᠠᠭᠤᠯᠤᠭᠰᠠᠨ ᠲᠡᠤᠬᠡᠨ ᠳᠠᠩᠰᠠᠯᠠᠯ ᠤᠨ ᠲᠤᠭ᠎ᠠ ᠪᠠᠷᠢᠮᠳᠠ ᠶᠢ ᠴᠡᠪᠡᠷᠯᠡᠨ ᠨᠡᠶᠢᠳᠭᠡᠬᠦ ᠠᠵᠢᠯ ᠢ ᠥᠷᠨᠢᠭᠦᠯᠵᠦ᠂ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ 2020 ᠣᠨ ᠤ ᠵᠢᠯ ᠤᠨ ᠰᠡᠭᠦᠯᠴᠢ ᠠᠴᠠ ᠡᠮᠦᠨ᠎ᠡ ᠲᠡᠤᠬᠡᠨ ᠳᠠᠩᠰᠠᠯᠠᠯ ᠤᠨ ᠲᠤᠭ᠎ᠠ ᠪᠠᠷᠢᠮᠲᠠ ᠶᠢ ᠨᠡᠶᠢᠳᠭᠡᠭᠰᠡᠨ ᠦᠷ᠎ᠡ ᠪᠦᠲᠦᠭᠡᠯ ᠢ ᠬᠤᠷᠢᠶᠠᠩᠭᠤᠶᠢᠯᠠᠨ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      3. ︽ᠢᠨᠲ᠋ᠧᠷ ᠰᠦᠯᠵᠢᠶ᠎ᠡ + ᠲᠤᠭᠲᠠᠮᠠᠯ ᠬᠦᠷᠥᠩᠭᠡ ᠶᠢᠨ ᠳᠠᠩᠰᠠᠯᠠᠯ︾ ᠶᠢ ᠬᠡᠷᠡᠭᠵᠢᠭᠦᠯᠦᠨ᠎ᠡ᠃ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠬᠥᠮᠦᠨ ᠤ ᠵᠢᠰᠦ ᠶᠢ ᠰᠢᠷᠪᠢᠨ ᠲᠠᠨᠢᠬᠤ᠂ ᠰᠦᠯᠵᠢᠶᠡᠨ ᠳᠡᠭᠡᠷ᠎ᠡ ᠲᠦᠯᠦᠬᠦ ᠵᠡᠷᠭᠡ ᠮᠡᠷᠭᠡᠵᠢᠯ ᠢ ᠭᠦᠢᠴᠡᠳ ᠠᠰᠢᠭᠯᠠᠵᠤ᠂ ︽ᠢᠨᠲ᠋ᠧᠷ ᠰᠦᠯᠵᠢᠶ᠎ᠡ + ᠲᠤᠭᠲᠠᠮᠠᠯ ᠬᠦᠷᠦᠩᠭᠡ ᠶᠢᠨ ᠳᠠᠩᠰᠠᠯᠠᠯ︾ ᠢ ᠬᠡᠷᠡᠭᠵᠢᠭᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ᠂ ᠠᠷᠠᠯᠵᠢᠶᠠᠯᠠᠬᠤ᠂ ᠭᠠᠶᠢᠯᠢ ᠲᠠᠲᠠᠪᠤᠷᠢ ᠶᠢᠨ ︽ᠨᠢᠭᠡ ᠶᠠᠪᠤᠳᠠᠯ︾ ᠢ ᠰᠦᠯᠵᠢᠶᠡᠨ ᠳᠡᠭᠡᠷ ᠎ᠡ ︽ᠨᠢᠭᠡ ᠴᠤᠩᠬᠤᠪᠴᠢ ᠪᠠᠷ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ᠲᠤᠭᠲᠠᠮᠠᠯ ᠬᠥᠷᠥᠩᠭᠡ ᠶᠢᠨ ︽ᠰᠦᠯᠵᠢᠶᠡᠨ ᠳᠡᠭᠡᠷᠡᠬᠢ ︵ᠠᠯᠠᠭᠠᠨ ᠳᠡᠭᠡᠷᠡᠬᠢ︶ ᠳᠠᠩᠰᠠᠯᠠᠯ ᠤᠨ ᠲᠥᠪ︾ ᠢ ᠪᠠᠶᠢᠭᠤᠯᠵᠤ᠂ ᠰᠦᠯᠵᠢᠶᠡᠨ ᠨᠢᠭᠤᠷ ᠤᠨ ᠬᠡᠪᠯᠡᠯ᠂ ᠸᠢᠴᠠᠲ ᠤᠨ ᠬᠡᠪᠯᠡᠯ᠂ ᠥᠪᠡᠷ ᠢᠶᠠᠨ ᠦᠢᠯᠡᠴᠢᠯᠡᠬᠦᠯᠬᠦ ᠦᠵᠦᠭᠦᠷ ᠬᠡᠪᠯᠡᠯ ᠤᠨ ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠰᠦᠯᠵᠢᠶᠡᠨ ᠳᠡᠭᠡᠷ᠎ᠡ ᠭᠤᠶᠤᠴᠢᠯᠠᠬᠤ ᠲᠠᠪᠴᠠᠩ ᠢ ᠭᠠᠷᠭᠠᠵᠤ᠂ ᠣᠯᠠᠨ ᠲᠦᠮᠡᠨ ᠳᠤ ᠣᠯᠠᠨ ᠵᠦᠢᠯ ᠤᠨ ᠰᠣᠩᠭᠤᠯᠲᠠ ᠬᠠᠩᠭᠠᠵᠤ᠂ ᠣᠯᠠᠨ ᠳᠡᠰ ᠳᠠᠪᠬᠤᠷᠭ᠎ᠠ᠂ ᠣᠯᠠᠨ ᠬᠡᠮᠵᠢᠯᠲᠡᠳᠦ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠢᠴᠡᠳᠭᠡᠬᠦ ᠲᠢᠩᠬᠢᠮ ᠢ ᠪᠠᠶᠢᠭᠤᠯᠵᠤ᠂ ᠬᠡᠵᠢᠶ᠎ᠡ ᠬᠠᠮᠢᠭ᠎ᠠ ᠴᠤ ᠭᠡᠰᠡᠨ ᠭᠤᠶᠤᠴᠢᠯᠠᠵᠤ ᠪᠣᠯᠬᠤ ᠪᠤᠯᠭᠠᠨ᠎ᠠ᠃ ︽ᠭᠠᠳᠠᠷ ᠰᠦᠯᠵᠢᠶ᠎ᠡ ᠪᠠᠷ ᠭᠤᠶᠤᠴᠢᠯᠠᠬᠤ᠂ ᠳᠣᠲᠣᠭᠠᠳᠤ ᠰᠦᠯᠵᠢᠶ᠎ᠡ ᠪᠠᠷ ᠬᠢᠨᠠᠨ ᠬᠠᠷᠭᠤᠭᠤᠯᠬᠤ︾ ᠵᠠᠭᠪᠤᠷ ᠢ ᠪᠠᠶᠢᠭᠤᠯᠵᠤ᠂ ᠰᠦᠯᠵᠢᠶᠡᠨ ᠳᠡᠭᠡᠷ᠎ᠡ ᠨᠢᠭᠡᠳᠦᠯᠲᠡᠶ ᠭᠤᠶᠤᠴᠢᠯᠠᠨ᠂ ᠳᠤᠲᠤᠭᠠᠲᠤ ᠰᠦᠯᠵᠢᠶᠡᠨ ᠳᠡᠭᠡᠷ᠎ᠡ ᠵᠡᠷᠭᠡᠴᠡᠭᠦᠯᠦᠨ ᠬᠢᠨᠠᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠢᠭᠤ ᠲᠤᠰᠬᠠᠬᠤ᠂ ᠲᠤᠬᠠᠶ ᠶᠢᠨ ᠲᠠᠯᠠᠪᠤᠷ ᠲᠤ ᠬᠢᠨᠠᠨ ᠰᠢᠯᠭᠠᠵᠤ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠵᠦ ᠳᠠᠭᠤᠰᠬᠠᠬᠤ ᠶᠢ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ᠂ ᠰᠦᠯᠵᠢᠶᠡᠨ ᠳᠡᠭᠡᠷ᠎ᠡ ᠮᠦᠩᠭᠦ ᠲᠦᠯᠦᠭᠦ ᠪᠠ ᠰᠦᠯᠵᠢᠶᠡᠨ ᠳᠡᠭᠡᠷ᠎ᠡ ᠡᠯᠧᠺᠲᠷᠣᠨ ᠭᠡᠷᠡᠴᠢ ᠬᠢᠵᠦ ᠥᠭᠬᠦ ᠵᠡᠷᠭᠡ ᠦᠢᠯᠡᠴᠢᠯᠡᠭᠡ ᠶᠢ ᠬᠠᠩᠭᠠᠨ᠎ᠠ᠃ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠦᠬᠦ ᠬᠤᠲᠠ ᠶᠢᠨ ᠨᠢᠭᠡᠳᠦᠯᠲᠡᠢ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ᠢᠨᠲ᠋ᠧᠷ ᠰᠦᠯᠵᠢᠶ᠎ᠡ ᠪᠠᠷ ᠭᠤᠶᠤᠴᠢᠯᠠᠨ ᠮᠡᠳᠡᠭᠦᠯᠬᠦ᠂ ᠬᠢᠨᠠᠨ ᠬᠠᠮᠢᠶᠠᠷᠬᠤ ᠲᠠᠪᠴᠠᠩ ᠢ ᠪᠠᠶᠢᠭᠤᠯᠵᠤ᠂ ᠲᠤᠭᠲᠠᠮᠠᠯ ᠬᠥᠷᠥᠩᠭᠡ ᠶᠢᠨ ᠳᠠᠩᠰᠠᠯᠠᠨ ᠠᠷᠠᠯᠵᠢᠶᠠᠯᠠᠬᠤ᠂ ᠭᠠᠶᠢᠯᠢ ᠲᠠᠲᠠᠪᠤᠷᠢ ᠶᠢᠨ ︽ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠬᠡᠬᠦ︾ ᠶᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ︽ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ︾ ᠲᠤᠭᠲᠠᠮᠠᠯ ᠬᠥᠷᠥᠩᠭᠡ ᠶᠢ ᠳᠠᠩᠰᠠᠯᠠᠬᠤ ᠶᠢ ᠳᠥᠷᠪᠡᠨ ᠬᠤᠲᠠ ᠳᠤ ᠨᠡᠶᠢᠳᠡᠮ ᠭᠦᠢᠴᠡᠳᠭᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      ︵ᠬᠤᠶᠠᠷ︶ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠴᠤᠪᠤᠷᠠᠯ ᠢ ᠨᠢᠭᠡᠲᠦᠭᠦᠯᠬᠦ ᠶᠢ ᠠᠬᠢᠭᠤᠯᠤᠨ᠎ᠠ᠃ ᠲᠤᠭᠲᠠᠮᠠᠯ ᠬᠦᠷᠥᠩᠭᠡ ᠶᠢᠨ ᠳᠠᠩᠰᠠᠯᠠᠯ ᠂ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ᠪᠦᠬᠦ ᠶᠠᠪᠤᠴᠠ ᠶᠢ ︽ᠨᠢᠭᠡ ᠶᠠᠪᠤᠳᠠᠯ︾ ᠪᠤᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ ᠪᠡᠶᠡᠯᠡᠭᠦᠯᠵᠦ᠂ ᠴᠤᠪᠤᠷᠠᠯ ᠢ ᠰᠢᠯᠢᠳᠡᠭᠵᠢᠭᠦᠯᠦᠨ᠂ ᠮᠠᠲ᠋ᠧᠷᠢᠶᠠᠯ ᠢ ᠴᠣᠮᠬᠠᠳᠬᠠᠵᠤ᠂ ᠭᠦᠢᠴᠡᠳᠭᠡᠬᠦ ᠭᠤᠭᠴᠤᠭ᠎ᠠ ᠣᠯᠠᠨ᠂ ᠴᠤᠪᠤᠷᠠᠯ ᠨᠢ ᠲᠣᠳᠣᠷᠬᠠᠶ ᠥᠬᠡᠶ᠂ ᠣᠯᠠᠨ ᠲᠦᠮᠡᠨ ᠳᠠᠬᠢᠨ ᠳᠠᠪᠲᠠᠨ ᠮᠠᠲ᠋ᠧᠷᠢᠶᠠᠯ ᠲᠤᠰᠢᠶᠠᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠨ᠎ᠡ᠃       1. ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ ᠠᠬᠢᠭᠤᠯᠤᠨ᠎ᠠ᠃ ᠬᠤᠯᠪᠤᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠨᠡᠶᠢᠳᠭᠡᠨ ᠵᠣᠯᠭᠠᠭᠤᠯᠬᠤ ᠶᠢ ᠪᠡᠶᠡᠯᠡᠭᠦᠯᠵᠦ᠂ ᠳᠠᠩᠰᠠᠯᠠᠬᠤ ᠶᠠᠪᠤᠴᠠ ᠳᠤ ᠬᠤᠯᠪᠤᠭᠳᠠᠬᠤ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠶᠢᠯᠢ ᠶᠢᠨ ᠶᠠᠪᠤᠳᠠᠯ ᠵᠡᠷᠭᠡ ᠣᠯᠠᠨ ᠰᠠᠯᠠᠭ᠎ᠠ ᠮᠥᠴᠢᠷ ᠤᠨ ᠰᠤᠯᠪᠢᠴᠠᠨ ᠰᠢᠢᠳᠪᠦᠷᠢᠯᠡᠬᠦ ᠠᠵᠢᠯ ᠢ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢᠶᠠᠷ ᠲᠤᠬᠠᠶᠢᠯᠠᠭᠰᠠᠨ ᠠᠵᠢᠯ ᠤᠨ ᠴᠤᠪᠤᠷᠠᠯ ᠢ ᠨᠡᠶᠢᠳᠭᠡᠨ ᠨᠢᠭᠡᠲᠦᠭᠦᠯᠵᠦ᠂ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠨᠢᠭᠡᠳᠦᠯᠲᠡᠶ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠤᠶᠤ ᠲᠤᠭᠲᠠᠮᠠᠯ ᠬᠥᠷᠥᠩᠭᠡ ᠶᠢ ᠳᠠᠩᠰᠠᠯᠠᠬᠤ ᠲᠢᠩᠬᠢᠮ ᠳᠤ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠴᠤᠩᠬᠤᠪᠴᠢ ᠭᠠᠷᠭᠠᠵᠤ᠂ ᠡᠯ᠎ᠡ ᠬᠤᠯᠪᠤᠭᠳᠠᠯ ᠪᠦᠬᠦᠢ ᠰᠢᠢᠳᠪᠦᠷᠢᠯᠡᠬᠦ ᠤᠴᠢᠷ ᠶᠠᠪᠤᠳᠠᠯ ᠢ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠵᠦ᠂ ᠬᠡᠷᠡᠭᠰᠡᠬᠦ ᠪᠦᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠡᠭᠡᠷ᠎ᠡ ᠬᠤᠷᠢᠶᠠᠨ ᠠᠪᠴᠤ᠂ ᠨᠢᠭᠡ ᠯᠡ ᠤᠳᠠᠭ᠎ᠠ ᠳᠡᠭᠡᠷ᠎ᠡ ᠪᠢᠴᠢᠵᠦ ᠣᠷᠣᠭᠤᠯᠬᠤ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠦᠪᠡᠷᠲᠡᠭᠡᠨ ᠬᠤᠪᠢᠶᠠᠨ ᠲᠠᠷᠬᠠᠭᠠᠬᠤ ᠶᠢᠨ ᠬᠠᠮᠲᠤ ᠭᠦᠢᠴᠡᠳᠭᠡᠨ᠎ᠡ᠃ ᠡᠯ᠎ᠡ ᠭᠠᠵᠠᠷ ᠤᠷᠤᠨ ᠤ ᠬᠢᠨ ᠭᠡᠷ ᠪᠠᠶᠢᠰᠢᠩ ᠤᠨ ᠠᠷᠠᠯᠵᠢᠶ᠎ᠠ᠂ ᠭᠡᠷ᠎ᠡ ᠶᠢ ᠳᠠᠩᠰᠠᠯᠠᠭᠤᠯᠬᠤ ᠵᠡᠷᠭᠡ ᠡᠭᠦᠷᠭᠡ ᠴᠢᠳᠠᠪᠬᠢ ᠳᠤ ᠬᠤᠪᠢᠶᠠᠷᠢᠯᠠᠨ ᠰᠢᠯᠵᠢᠭᠦᠯᠬᠦ ᠪᠤᠶᠤ ᠨᠠᠶᠢᠳᠠᠬᠤ ᠠᠷᠭ᠎ᠠ ᠬᠡᠯᠪᠡᠷᠢ ᠶᠢ ᠠᠪᠴᠤ᠂ ᠨᠢᠭᠡ ᠲᠦᠷᠦᠭᠦᠯᠡᠨ ᠬᠢᠬᠦ ᠰᠠᠯᠠᠭ᠎ᠠ ᠮᠥᠴᠢᠷ ᠲᠤ ᠨᠡᠶᠢᠳᠭᠡᠨ ᠨᠢᠭᠡᠳᠦᠯᠲᠡᠶ ᠬᠡᠷᠡᠭᠵᠢᠭᠦᠯᠦᠨ᠎ᠡ᠃ 2020 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ ᠰᠢᠶᠠᠨ ᠤᠳᠤ ᠶᠢᠨ ᠪᠠᠶᠢᠭ᠎ᠠ ᠤᠭᠰᠠᠷᠠᠨ ᠬᠤᠯᠪᠤᠵᠤ ᠰᠢᠢᠳᠪᠦᠷᠢᠯᠡᠬᠦ ᠵᠠᠭᠪᠤᠷ ᠢᠶᠠᠨ ᠲᠦᠢᠯᠪᠤᠷᠢᠲᠠᠶ ᠬᠤᠪᠢᠷᠠᠭᠤᠯᠵᠤ᠂ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠶᠢ ᠦᠨᠡᠨᠬᠦ ᠪᠡᠶᠡᠯᠡᠬᠦᠯᠵᠦ᠂ ᠡᠭᠦᠨ ᠤ ᠬᠠᠮᠲᠤ ᠠᠯᠬᠤᠮ ᠠᠯᠬᠤᠮ ᠢᠶᠠᠷ ᠰᠦᠯᠵᠢᠶᠡᠨ ᠳᠡᠭᠡᠷ᠎ᠡ ᠬᠦᠷᠲᠡᠯ᠎ᠡ ᠤᠷᠲᠤᠳᠬᠠᠨ᠎ᠠ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      2. ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠨ᠎ᠠ᠃ ᠡᠯ᠎ᠡ ᠭᠠᠵᠠᠷ ᠤᠷᠤᠨ ᠤ ᠬᠢᠨ ᠲᠤᠭᠲᠠᠮᠠᠯ ᠬᠥᠷᠥᠩᠭᠡ ᠶᠢᠨ ᠳᠠᠩᠰᠠᠯᠠᠯ᠂ ᠭᠡᠷ ᠪᠠᠶᠢᠰᠢᠩ ᠤᠨ ᠠᠷᠠᠯᠵᠢᠶ᠎ᠠ ᠪᠠ ᠭᠠᠶᠢᠯᠢ ᠲᠠᠲᠠᠪᠤᠷᠢᠯᠠᠬᠤ ᠳᠤ ᠬᠡᠷᠡᠭᠰᠡᠬᠦ ᠬᠠᠤᠯᠢ ᠳᠤ ᠲᠣᠭᠲᠠᠭᠠᠭᠰᠠᠨ ᠴᠢᠬᠤᠯᠠ ᠨᠥᠬᠦᠴᠡᠯ ᠢᠶᠠᠷ ᠰᠠᠭᠤᠷᠢ ᠪᠣᠯᠭᠠᠵᠤ᠂ ︽ᠳᠤᠲᠠᠭᠤᠯᠬᠤ ᠦᠭᠡᠢ ᠣᠷᠬᠢᠭᠳᠠᠭᠤᠯᠬᠤ ᠦᠭᠡᠢ᠂ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ︾ ᠵᠠᠷᠴᠢᠮ ᠶᠣᠰᠣᠭᠠᠷ᠂ ᠨᠢᠭᠡᠳᠦᠯᠲᠡᠶ ᠶᠡᠷᠦᠩᠬᠡᠶᠢᠯᠡᠭᠰᠡᠨ ᠭᠤᠶᠤᠴᠢᠯᠠᠯ ᠤᠨ ᠮᠠᠲ᠋ᠧᠷᠢᠶᠠᠯ ᠤᠨ ᠭᠠᠷᠴᠠᠭ ᠢ ᠲᠥᠷᠥᠯ ᠬᠤᠪᠢᠶᠠᠨ ᠡᠮᠬᠢᠯᠡᠨ ᠲᠤᠭᠲᠠᠭᠠᠵᠤ᠂ ᠨᠡᠶᠢᠭᠡᠮ ᠳᠤ ᠨᠡᠶᠢᠲᠡᠯᠡᠬᠦ ᠶᠢᠨ ᠬᠠᠮᠲᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤᠮᠳᠠ ᠴᠢᠩᠭ᠎ᠠ ᠬᠡᠷᠡᠭᠵᠢᠭᠦᠯᠵᠦ᠂ ᠵᠥᠪᠬᠡᠨ ᠨᠢᠭᠡ ᠯᠡ ᠤᠳᠠᠭ᠎ᠠ ᠨᠣᠮᠧᠷ ᠠᠪᠴᠤ᠂ ᠨᠢᠭᠡ ᠯᠡ ᠤᠳᠠᠭ᠎ᠠ ᠮᠥᠷᠯᠡᠵᠦ᠂ ᠨᠢᠭᠡ ᠯᠡ ᠢᠵᠢ ᠮᠠᠲ᠋ᠧᠷᠢᠶᠠᠯ ᠲᠤᠰᠢᠶᠠᠬᠤ ᠶᠢ ᠪᠡᠶᠡᠯᠡᠭᠦᠯᠦᠨ᠎ᠡ᠃ ᠬᠠᠮᠲᠤ ᠪᠠᠷ ᠡᠳ᠋ᠯᠡᠬᠦ ᠰᠣᠯᠢᠯᠴᠠᠬᠤ ᠲᠠᠪᠴᠠᠩ ᠢᠶᠠᠷ ᠭᠠᠷᠭᠠᠨ ᠠᠪᠴᠤ ᠪᠣᠯᠬᠤ ᠮᠠᠲ᠋ᠧᠷᠢᠶᠠᠯ ᠢ ᠭᠤᠶᠤᠴᠢᠯᠠᠭᠴᠢ ᠳᠤ ᠳᠠᠬᠢᠨ ᠳᠠᠪᠲᠠᠨ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠥᠬᠡᠶ᠂ ᠬᠠᠮᠲᠤ ᠪᠠᠷ ᠡᠳ᠋ᠯᠡᠵᠦ ᠭᠠᠷᠭᠠᠨ ᠠᠪᠤᠭᠰᠠᠨ ᠴᠢᠬᠤᠯᠠ ᠮᠠᠲ᠋ᠧᠷᠢᠶᠠᠯ ᠢ ᠡᠯᠧᠺᠲᠷᠣᠨ ᠪᠢᠴᠢᠭᠯᠡᠯ ᠤᠨ ᠬᠡᠯᠪᠡᠷᠢ ᠪᠠᠷ ᠲᠠᠩᠰᠠ ᠡᠪᠬᠡᠮᠡᠯ ᠳᠤ ᠬᠠᠳᠠᠭᠠᠯᠠᠨ᠎ᠠ᠃ ᠡᠯ᠎ᠡ ᠲᠥᠷᠥᠯ ᠤᠨ ᠣᠷᠴᠢᠯ ᠭᠡᠷᠡᠴᠢ᠂ ᠲᠠᠪᠲᠠᠯᠲᠠ ᠭᠡᠷᠡᠴᠢ ᠵᠡᠷᠭᠡ ᠬᠡᠷᠡᠭ ᠥᠬᠡᠶ ᠭᠡᠷᠡᠴᠢᠯᠡᠯ ᠢ ᠴᠡᠪᠡᠷᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦ ᠪᠠᠷᠢᠮᠲᠠ ᠥᠬᠡᠶ ᠬᠢᠨᠠᠨ ᠬᠠᠷᠭᠤᠭᠤᠯᠬᠤ᠂ ᠳᠠᠩᠰᠠᠯᠠᠭᠤᠯᠬᠤ᠂ ᠨᠤᠲᠠᠯᠠᠬᠤ᠂ ᠮᠡᠳᠡᠭᠳᠡᠬᠦ ᠵᠡᠷᠭᠡ ᠭᠠᠷᠳᠠᠮ ᠢ ᠬᠦᠴᠦᠨ ᠥᠬᠡᠶ ᠪᠣᠯᠭᠠᠨ᠎ᠠ᠃ ᠡᠯ᠎ᠡ ᠵᠦᠢᠯ ᠤᠨ ᠬᠠᠤᠯᠢ ᠳᠤ ᠲᠣᠭᠲᠠᠭᠠᠭᠰᠠᠨ ᠴᠢᠬᠤᠯᠠ ᠮᠠᠲ᠋ᠧᠷᠢᠶᠠᠯ ᠢ ᠠᠭᠤᠰᠤᠯᠴᠠᠭᠤᠯᠬᠤ ᠠᠷᠭ᠎ᠠ ᠮᠠᠶ᠋ᠢᠭ ᠢ ᠰᠦᠪᠡᠭᠴᠢᠯᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠭᠤᠯᠤᠨ ᠤᠯᠤᠭᠰᠠᠨ ᠬᠢᠨᠠᠨ ᠰᠢᠯᠭᠠᠭᠰᠠᠨ ᠮᠠᠲ᠋ᠧᠷᠢᠶᠠᠯ ᠢ ᠠᠵᠤ ᠠᠬᠤᠶᠢᠯᠠᠯ ᠣᠯᠠᠨ ᠲᠦᠮᠡᠨ ᠢᠶᠠᠷ ᠬᠠᠩᠭᠠᠯᠭᠠᠬᠤ ᠪᠠᠷ ᠱᠠᠭᠠᠷᠳᠠᠵᠤ ᠪᠣᠯᠬᠤ ᠦᠭᠡᠢ᠃ ᠳᠠᠩᠰᠠᠯᠠᠬᠤ ᠶᠠᠰᠤ ᠴᠢᠨᠠᠷ ᠢ ᠴᠢᠩᠭ᠎ᠠ ᠡᠵᠡᠮᠳᠡᠬᠦ ᠶᠢᠨ ᠬᠠᠮᠲᠤ᠂ ᠮᠡᠳᠡᠭᠳᠡᠬᠦ ᠠᠮᠠᠯᠠᠯᠲᠠ ᠶᠢᠨ ᠲᠦᠷᠢᠮ ᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠳᠤᠮᠳᠠ᠂ ᠭᠤᠶᠤᠴᠢᠯᠠᠭᠴᠢ ᠶᠢᠨ ᠪᠢᠴᠢᠭ ᠢᠶᠠᠷ ᠠᠮᠠᠯᠠᠬᠤ ᠬᠡᠯᠪᠡᠷᠢ ᠪᠠᠷ ᠣᠯᠬᠤᠶ᠎ᠠ ᠪᠡᠷᠬᠡ ᠭᠠᠭᠴᠠ ᠪᠡᠶ᠎ᠡ ᠶᠢᠨ ᠭᠡᠷᠡᠴᠢ᠂ ᠦᠬᠦᠭᠰᠡᠨ ᠤ ᠭᠡᠷᠡᠴᠢ᠂ ᠲᠥᠷᠥᠯ ᠰᠠᠳᠤᠨ ᠤ ᠬᠠᠷᠢᠴᠠᠭᠠᠨ ᠤ ᠭᠡᠷᠡᠴᠢ ᠵᠡᠷᠭᠡ ᠮᠠᠲ᠋ᠧᠷᠢᠶᠠᠯ ᠢ ᠤᠷᠣᠯᠠᠭᠤᠯᠤᠨ᠎ᠠ᠃ ᠡᠷᠬᠡᠲᠦ ᠬᠥᠮᠦᠨ ᠤ ᠰᠢᠯᠲᠠᠭᠠᠨ ᠠᠴᠠ ᠪᠣᠯᠤᠭᠰᠠᠨ ᠪᠤᠰᠤ ᠲᠣᠭᠲᠠᠮᠠᠯ ᠬᠥᠷᠥᠩᠭᠡ ᠶᠢᠨ ᠣᠷᠣᠨ ᠪᠠᠶᠢᠷᠢ᠂ ᠬᠠᠶ᠋ᠢᠭ ᠤᠨ ᠬᠤᠪᠢᠷᠠᠯᠲᠠ ᠠᠴᠠ ᠪᠤᠯᠵᠤ᠂ ᠳᠠᠩᠰᠠᠯᠠᠯ ᠢ ᠬᠤᠪᠢᠷᠠᠭᠤᠯᠬᠤ ᠴᠢᠬᠤᠯᠠ ᠲᠠᠢ ᠪᠣᠯ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠳᠤᠲᠤᠭᠠᠲᠤ ᠳᠤ ᠪᠠᠨ ᠵᠣᠬᠢᠴᠠᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠯᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      3. ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠬᠤ ᠭᠤᠭᠴᠤᠭ᠎ᠠ ᠶᠢ ᠴᠣᠮᠬᠠᠳᠬᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ 26 ᠳᠠᠩᠰᠠᠯᠠᠯ ᠤᠨ ᠴᠤᠪᠤᠷᠠᠯ ᠵᠢᠷᠤᠭ ᠢᠶᠠᠷ ᠰᠠᠭᠤᠷᠢ ᠪᠣᠯᠭᠠᠵᠤ᠂ ᠲᠤᠭᠲᠠᠮᠠᠯ ᠬᠥᠷᠥᠩᠭᠡ ᠶᠢᠨ ᠳᠠᠩᠰᠠᠯᠠᠯ᠂ ᠭᠡᠷ ᠪᠠᠶᠢᠰᠢᠩ ᠤᠨ ᠠᠷᠠᠯᠵᠢᠶ᠎ᠠ ᠪᠣᠯᠤᠨ ᠭᠠᠶᠢᠯᠢ ᠲᠠᠲᠠᠪᠤᠷᠢᠯᠠᠬᠤ ᠪᠦᠬᠦ ᠶᠠᠪᠤᠴᠠ ᠶᠢᠨ ︽ᠨᠢᠭᠡ ᠶᠠᠪᠤᠳᠠᠯ︾ ᠤᠨ ᠪᠦᠬᠦ ᠴᠤᠪᠤᠷᠠᠯ ᠢ ᠰᠢᠯᠢᠳᠡᠭᠵᠢᠭᠦᠯᠵᠦ᠂ ᠴᠢᠬᠤᠯᠠ ᠦᠭᠡᠢ ᠭᠤᠭᠴᠤᠭ᠎ᠠ ᠶᠢ ᠬᠦᠴᠦᠨ ᠦᠭᠡᠶ ᠪᠤᠯᠭᠠᠵᠤ᠂ ᠠᠳᠠᠯᠢᠪᠲᠤᠷ ᠭᠤᠭᠴᠤᠭ᠎ᠠ ᠪᠠ ᠬᠠᠷᠢᠯᠴᠠᠨ ᠬᠤᠯᠪᠣᠭᠳᠠᠬᠤ ᠳᠠᠩᠰᠠᠯᠠᠬᠤ ᠲᠤᠬᠠᠶᠢᠯᠠᠭᠰᠠᠨ ᠠᠵᠢᠯ ᠢ ᠨᠡᠶᠢᠯᠡᠭᠦᠯᠦᠨ᠎ᠡ᠃ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠲᠥᠷᠥᠯ ᠤᠨ ᠳᠠᠩᠰᠠᠯᠠᠯ ᠤᠨ ᠲᠤᠬᠠᠶᠢᠯᠠᠭᠰᠠᠨ ᠠᠵᠢᠯ ᠤᠨ ᠴᠤᠪᠤᠷᠠᠯ ᠵᠢᠷᠤᠭ ᠢ ᠬᠢᠵᠦ ᠳᠠᠭᠤᠰᠬᠠᠬᠤ ᠶᠢᠨ ᠬᠠᠮᠲᠤ ᠨᠡᠶᠢᠲᠡᠯᠡᠨ᠎ᠡ᠃ ᠲᠤᠭᠲᠠᠮᠠᠯ ᠬᠥᠷᠥᠩᠭᠡ ᠪᠠᠷ ᠪᠠᠷᠢᠴᠠᠭᠠᠯᠠᠨ ᠳᠠᠩᠰᠠᠯᠠᠬᠤ ᠪᠦᠬᠦ ᠶᠠᠪᠤᠴᠠ ᠶᠢᠨ ᠡᠯᠧᠺᠲᠷᠳᠴᠢᠯᠡᠭᠰᠡᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠠᠩᠰᠠᠯᠠᠬᠤ ᠦᠢᠯᠡᠴᠢᠯᠡᠭᠡᠨ ᠤ ᠲᠠᠯᠠᠪᠤᠷ ᠭᠠᠵᠠᠷ ᠢ ᠪᠠᠩᠬᠢ ᠶᠢᠨ ᠲᠣᠤᠷ ᠴᠡᠭ ᠬᠦᠷᠲᠡᠯ᠎ᠡ ᠤᠷᠳᠤᠳᠬᠠᠵᠤ᠂ ᠭᠤᠶᠤᠴᠢᠯᠠᠭᠴᠢ ᠪᠠᠩᠬᠢ ᠶᠢᠨ ᠲᠤᠬᠠᠶ ᠶᠢᠨ ᠲᠠᠯᠠᠪᠠᠢ ᠳᠤ ᠪᠠᠷᠢᠴᠠᠭᠠᠨ ᠤ ᠭᠡᠷ᠎ᠡ ᠲᠣᠭᠲᠠᠬᠤ ᠶᠢᠨ ᠬᠠᠮᠲᠤ ᠪᠠᠷᠢᠴᠠᠭᠠᠯᠠᠬᠤ ᠶᠢ ᠳᠠᠩᠰᠠᠯᠠᠭᠤᠯᠬᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠰᠦᠯᠵᠢᠶ᠎ᠡ ᠪᠠᠷ ᠳᠠᠮᠵᠢᠭᠤᠯᠤᠨ ᠳᠠᠩᠰᠠᠯᠠᠬᠤ ᠪᠠᠶᠢᠭᠤᠯᠤᠮᠵᠢ ᠳᠤ ᠶᠠᠪᠤᠭᠤᠯᠵᠤ᠂ ᠲᠤᠬᠠᠶ ᠶᠢᠨ ᠬᠥᠮᠦᠨ ᠨᠢ ᠳᠠᠬᠢᠨ ᠳᠠᠩᠰᠠᠯᠠᠬᠤ ᠪᠠᠶᠢᠭᠤᠯᠤᠮᠵᠢ ᠳᠤ ᠬᠦᠷᠴᠦ ᠭᠤᠶᠤᠴᠢᠯᠠᠯ ᠢᠶᠠᠨ ᠲᠤᠰᠢᠶᠠᠬᠤ ᠴᠢᠬᠤᠯᠠ ᠦᠭᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶      4. ᠬᠡᠮᠵᠢᠨ ᠵᠢᠷᠤᠭᠰᠠᠨ ᠦᠷ᠎ᠡ ᠪᠦᠲᠦᠭᠡᠯ ᠢ ᠤᠯᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠎ᠡ᠃ ᠲᠤᠭᠲᠠᠮᠠᠯ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ ᠳᠤ᠂ ᠳᠠᠩᠰᠠᠯᠠᠬᠤ ᠪᠠᠶᠢᠭᠤᠯᠤᠮᠵᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ ᠳᠠᠮᠵᠢᠨ᠂ ᠡᠮᠦᠨᠡᠬᠢ ᠬᠤᠭᠤᠴᠠᠭᠠᠨ ᠤ ᠭᠠᠵᠠᠷ ᠬᠠᠩᠭᠠᠬᠤ᠂ ᠲᠦᠯᠦᠪᠵᠢᠭᠦᠯᠭᠡ᠂ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠡᠷᠭᠡ ᠬᠡᠷᠡᠭᠯᠡᠵᠦ ᠪᠣᠯᠬᠤ ᠬᠡᠮᠵᠢᠨ ᠵᠢᠷᠤᠭᠰᠠᠨ ᠦᠷ᠎ᠡ ᠪᠦᠲᠦᠭᠡᠯ ᠢ ᠰᠢᠭᠤᠳ ᠭᠠᠷᠭᠠᠨ ᠠᠪᠴᠤ ᠴᠢᠳᠠᠪᠠᠯ᠂ ᠳᠠᠬᠢᠨ ᠬᠡᠮᠵᠢᠬᠦ ᠬᠡᠷᠡᠭ ᠦᠭᠡᠢ᠃ ᠳᠠᠩᠰᠠᠯᠠᠬᠤ ᠶᠢ ᠬᠦᠯᠢᠶᠡᠨ ᠠᠪᠬᠤ ᠳᠤ ᠣᠯᠤᠭᠰᠠᠨ ᠬᠡᠮᠵᠢᠨ ᠵᠢᠷᠤᠭᠰᠠᠨ ᠦᠷ᠎ᠡ ᠪᠦᠲᠦᠭᠡᠯ ᠢᠶᠠᠨ ᠬᠠᠮᠲᠤ ᠳᠤᠨᠢ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠬᠥᠮᠥᠷᠭᠡ ᠳᠤ ᠤᠷᠤᠭᠤᠯᠤᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠤᠶᠢᠯ ᠤᠨ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠲᠠᠢ ᠤᠶᠠᠯᠳᠤᠭᠤᠯᠤᠨ ᠬᠡᠮᠵᠢᠨ ᠵᠢᠷᠤᠭᠰᠠᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠠᠮᠲᠤ ᠪᠠᠷ ᠡᠳ᠋ᠯᠡᠬᠦ ᠳ᠋ᠠᠶᠢᠲ᠋ᠠ ᠬᠥᠮᠥᠷᠭᠡ ᠶᠢ ᠪᠦᠲᠦᠭᠡᠨ ᠪᠠᠶᠢᠭᠤᠯᠵᠤ᠂ ᠣᠯᠠᠨ ᠬᠡᠮᠵᠢᠯᠲᠡ ᠶᠢ ᠨᠢᠭᠡ ᠪᠣᠯᠭᠠᠨ᠂ ᠳᠠᠬᠢᠨ ᠳᠠᠪᠲᠠᠨ ᠬᠡᠮᠵᠢᠨ ᠵᠢᠷᠤᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠤ ᠳᠠᠷᠤᠭᠠᠰᠤ ᠶᠢ ᠬᠦᠩᠭᠡᠷᠡᠭᠦᠯᠦᠨ᠎ᠡ᠃ ᠲᠤᠭᠲᠠᠮᠠᠯ ᠬᠦᠷᠦᠩᠭᠡ ᠶᠢᠨ ᠡᠷᠬᠡ ᠶᠢᠨ ᠬᠠᠷᠢᠶ᠎ᠠ ᠶᠢ ᠪᠠᠶᠢᠴᠠᠭᠠᠬᠤ ᠳᠤ ᠲᠣᠭᠲᠠᠭᠠᠯ ᠢ ᠵᠥᠷᠢᠴᠡᠨ ᠰᠦᠢᠳᠭᠡᠯ ᠬᠤᠷᠢᠶᠠᠵᠤ᠂ ᠭᠤᠶᠤᠴᠢᠯᠠᠭᠴᠢ ᠶᠢᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠦᠭᠡᠢ᠃ ︵ᠲᠦᠷᠦᠭᠦᠯᠡᠨ ᠬᠢᠬᠦ ᠨᠢᠭᠡᠴᠡ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠮᠵᠢᠯᠴᠠᠬᠤ ᠨᠢᠭᠡᠴᠡ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︶      ︵ᠭᠤᠷᠪᠠ︶ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ᠤᠷᠳᠤᠳᠬᠠᠬᠰᠠᠨ ᠦᠢᠯᠡᠴᠢᠯᠡᠭᠡ ᠶᠢ ᠦᠷᠭᠡᠳᠭᠡᠨ᠎ᠡ᠃ ᠬᠤᠲᠠ ᠶᠢᠨ ᠶᠠᠪᠤᠳᠠᠯ ᠤᠨ ᠬᠤᠭᠤᠯᠠᠢ ᠶᠢᠨ ᠲᠤᠤᠷ᠂ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ ᠵᠡᠷᠭᠡ ᠨᠢᠭᠡᠴᠡ ᠶᠢᠨ ᠲᠤᠭᠲᠠᠮᠠᠯ ᠬᠥᠷᠥᠩᠭᠡ ᠶᠢ ᠰᠢᠯᠵᠢᠭᠦᠯᠦᠨ ᠳᠠᠩᠰᠠᠯᠠᠬᠤ ᠪᠠ ᠬᠤᠯᠪᠣᠭᠳᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠤᠯᠪᠣᠨ ᠭᠦᠢᠴᠡᠳᠭᠡᠬᠦ ᠶᠢ ᠲᠤᠷᠰᠢᠨ ᠬᠡᠷᠡᠭᠵᠢᠭᠦᠯᠬᠦ ᠶᠢᠨ ᠬᠠᠮᠲᠤ ᠳᠡᠯᠭᠡᠷᠡᠭᠦᠯᠬᠦ ᠶᠢ ᠵᠤᠷᠢᠭᠵᠢᠭᠤᠯᠵᠤ᠂ ᠣᠯᠠᠨ ᠲᠦᠮᠡᠨ ᠲᠤᠭᠲᠠᠮᠠᠯ ᠬᠥᠷᠥᠩᠭᠡ ᠶᠢ ᠰᠢᠯᠵᠢᠭᠦᠯᠬᠦ ᠳᠠᠩᠰᠠᠯᠠᠯ ᠬᠢᠯᠭᠡᠬᠦ ᠪᠠᠷ ᠭᠤᠶᠤᠴᠢᠯᠠᠬᠤ ᠶᠢᠨ ᠵᠡᠷᠭᠡᠪᠡᠷ᠂ ᠤᠰᠤ᠂ ᠴᠠᠬᠢᠯᠭᠠᠨ᠂ ᠬᠡᠶ᠂ ᠰᠦᠯᠵᠢᠶ᠎ᠡ᠂ ᠤᠲᠠᠰᠤᠲᠤ ᠲᠧᠯᠸᠢᠰ ᠤᠨ ᠡᠷᠦᠬᠡ ᠰᠢᠯᠵᠢᠭᠦᠯᠬᠦ ᠵᠡᠷᠭᠡ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠢ ᠬᠠᠮᠲᠤ ᠳᠤᠨᠢ ᠭᠤᠶᠤᠴᠢᠯᠠᠨ ᠭᠦᠢᠴᠡᠳᠭᠡᠵᠦ ᠪᠣᠯᠤᠨ᠎ᠠ᠃ ᠨᠥᠬᠦᠴᠡᠯ ᠲᠠᠢ ᠭᠠᠵᠠᠷ ᠣᠷᠣᠨ ᠲᠤᠭᠲᠠᠮᠠᠯ ᠬᠦᠷᠦᠩᠭᠡ ᠶᠢᠨ ᠳᠠᠩᠰᠠᠯᠠᠯ ᠪᠠ ᠡᠷᠦᠬᠡ ᠠᠮᠠ ᠶᠢᠨ ᠳᠠᠩᠰᠠ ᠰᠢᠯᠵᠢᠭᠦᠯᠬᠦ ᠶᠢ ᠬᠠᠮᠲᠤᠷᠠᠨ ᠭᠦᠢᠴᠡᠳᠭᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠤᠭᠲᠠᠮᠠᠯ ᠬᠦᠷᠦᠩᠭᠡ ᠶᠢᠨ ᠳᠠᠩᠰᠠᠯᠠᠯ ᠤᠨ ᠳᠥᠭᠦᠮᠴᠢᠯᠡᠬᠦ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ︔ ᠬᠠᠮᠵᠢᠯᠴᠠᠬᠤ ᠨᠢᠭᠡᠴᠡ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠣᠪᠴᠢᠶ᠎ᠠ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠎ᠠ            ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠭᠲᠠᠮᠠᠯ ᠬᠥᠷᠥᠩᠭᠡ ᠶᠢᠨ ᠳᠠᠩᠰᠠᠯᠠᠯ ᠬᠢᠬᠦ ᠴᠠᠭ ᠢ ᠪᠦᠬᠦ ᠲᠠᠯ᠎ᠠ ᠪᠠᠷ ᠪᠠᠭᠠᠰᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠭᠲᠠᠮᠠᠯ ᠬᠥᠷᠥᠩᠭᠡ ᠶᠢᠨ ᠳᠠᠩᠰᠠᠯᠠᠯ ᠪᠠ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠬᠢ ᠶᠢ ᠨᠡᠶᠢᠳᠭᠡᠬᠦ ᠶᠢ ᠶᠡᠬᠡᠪᠡᠷ ᠠᠬᠢᠭᠤᠯᠵᠤ᠂ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠬᠦᠯᠬᠦ ᠬᠡᠷᠡᠭᠲᠡᠢ᠃ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠠᠵᠢᠯ ᠤᠨ ᠡᠭᠦᠷᠭᠡ ᠪᠠᠨ ᠨᠠᠷᠢᠯᠢᠭᠵᠢᠭᠤᠯᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠠᠵᠢᠯ ᠢ ᠬᠦᠴᠦᠲᠡᠶ ᠲᠦᠯᠬᠢᠨ ᠠᠬᠢᠭᠤᠯᠵᠤ᠂ ᠬᠠᠷᠠᠯᠲᠠ ᠡᠭᠦᠷᠭᠡ ᠪᠠᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠴᠠᠭ ᠲᠤᠬᠠᠶ ᠳᠤᠨᠢ ᠪᠡᠶᠡᠯᠡᠬᠦᠯᠬᠦ ᠬᠡᠷᠡᠭᠲᠡᠢ᠃      ︵ᠬᠤᠶᠠᠷ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠤᠨ᠎ᠠ᠃ ᠲᠤᠭᠲᠠᠮᠠᠯ ᠬᠦᠷᠥᠩᠭᠡ ᠶᠢᠨ ᠳᠠᠩᠰᠠᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠣᠯᠠᠨ ᠰᠠᠯᠠᠭ᠎ᠠ ᠮᠦᠴᠢᠷ ᠬᠠᠮᠵᠢᠯᠴᠠᠬᠤ᠂ ᠪᠥᠬᠦ ᠶᠠᠪᠤᠴᠠ ᠶᠢ ᠰᠢᠯᠢᠳᠡᠭᠵᠢᠭᠦᠯᠬᠦ᠂ ᠶᠡᠭᠡ ᠬᠡᠮᠵᠢᠶᠡᠨ ᠤ ᠤᠴᠢᠷ ᠶᠠᠪᠤᠳᠠᠯ ᠢ ᠨᠡᠶᠢᠳᠭᠡᠬᠦ  ᠲᠠᠢ ᠬᠤᠯᠪᠤᠭᠳᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠪᠦᠬᠦ ᠬᠦᠴᠦᠨ ᠢᠶᠠᠷ ᠢᠶᠠᠨ ᠳᠡᠮᠵᠢᠵᠦ᠂ ᠠᠷᠠᠳ ᠲᠤ ᠳᠥᠭᠦᠮ ᠠᠷᠠᠳ ᠲᠤ ᠠᠰᠢᠭᠲᠠᠶ᠂ ᠳᠥᠭᠦᠮ ᠳᠥᠲᠡ ᠥᠨᠳᠥᠷ ᠪᠦᠲᠦᠮᠵᠢᠲᠡᠶ ᠪᠠᠶᠢᠬᠤ ᠬᠠᠷᠠᠭᠠᠰᠤ ᠠᠴᠠ ᠡᠭᠦᠰᠴᠦ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠵᠦ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠤᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠢ᠃      ︵ᠭᠤᠷᠪᠠ︶ ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤᠭᠲᠠᠮᠠᠯ ᠬᠥᠷᠥᠩᠭᠡ ᠶᠢᠨ ᠳᠠᠩᠰᠠᠯᠠᠯ ᠤᠨ ᠥᠭᠡᠷᠡᠴᠢᠯᠡᠯᠲᠡ ᠶᠢ ᠮᠥᠷᠳᠡᠨ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ᠃ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠠᠵᠤ ᠠᠬᠤᠶᠢᠯᠠᠯ ᠵᠢᠴᠢ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠥᠭᠡᠷᠡᠴᠢᠯᠡᠯᠲᠡ ᠶᠢᠨ ᠳᠤᠮᠳᠠ ᠢᠯᠡᠷᠡᠭᠰᠡᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠬᠡᠷᠡᠭᠲᠡᠢ᠃ ᠡᠯ᠎ᠡ ᠬᠤᠰᠢᠭᠤ ᠰᠢᠶᠠᠨ ᠤ ᠲᠤᠭᠲᠠᠮᠠᠯ ᠬᠥᠷᠥᠩᠭᠡ ᠶᠢᠨ ᠳᠠᠩᠰᠠᠯᠠᠯ ᠪᠣᠯᠤᠨ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠲᠠᠲᠠᠪᠤᠷᠢ ᠶᠢᠨ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠨ᠂ ᠵᠡᠷᠭᠡᠪᠡᠷ ᠭᠦᠢᠴᠡᠳᠭᠡᠬᠦ︾ ᠵᠡᠷᠭᠡ ᠭᠤᠤᠯᠳᠠᠯᠭ᠎ᠠ ᠲᠠᠢ ᠠᠵᠢᠯ ᠢ ᠰᠢᠮᠳᠠᠭᠤᠯᠤᠨ ᠪᠠᠶᠢᠴᠠᠭᠠᠵᠤ᠂ ᠠᠵᠢᠯ ᠢ ᠠᠬᠢᠭᠤᠯᠤᠭᠰᠠᠨ ᠨᠢ ᠬᠦᠴᠦᠨ ᠥᠬᠡᠶ ᠭᠠᠵᠠᠷ ᠤᠷᠤᠨ ᠢ ᠴᠠᠭ ᠲᠤᠬᠠᠶ ᠳᠤᠨᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃      ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠣᠨᠢᠨ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠲᠤᠭᠲᠠᠮᠠᠯ ᠬᠥᠷᠥᠩᠭᠡ ᠶᠢ ᠳᠠᠩᠰᠠᠯᠠᠬᠤ ᠬᠤᠯᠪᠤᠭᠳᠠᠯ ᠪᠦᠬᠦᠢ ᠠᠵᠢᠯ ᠢ ᠥᠷᠭᠡᠨ ᠢᠶᠠᠷ ᠤᠬᠠᠭᠤᠯᠵᠤ᠂ ᠣᠨᠣᠪᠴᠢᠲᠠᠶ ᠳᠣᠬᠢᠶ᠎ᠠ ᠥᠭᠴᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠣᠯᠠᠨ ᠨᠡᠶᠢᠲᠡ ᠶᠢᠨ ᠣᠷᠣᠯᠴᠠᠬᠤ ᠠᠷᠭ᠎ᠠ ᠵᠠᠮ ᠢ ᠥᠷᠭᠡᠳᠬᠡᠨ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ