ᠸᠠᠩ ᠯᠢ ᠰᠢᠶᠠ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠯᠣᠭᠤᠳᠤᠯᠭ᠎ᠠ ᠬᠢᠪᠡ
ᠨᠡᠶᠢᠲᠡᠯᠡᠭᠰᠡᠨ ᠴᠠᠭ᠄
2020/11/13
       ︵ᠰᠤᠷᠪᠤᠯᠵᠢᠯᠠᠭᠴᠢ ᠮᠢᠶᠥᠥ ᠴᠢᠩ︶ 11 ᠳ᠋ᠦ᠋ᠭᠡᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠨ ᠵᠢᠯᠣᠭᠤᠳᠤᠯᠭ᠎ᠠ ᠬᠢᠵᠦ᠂ ᠣᠯᠠᠨ ᠲᠠᠢ ᠬᠠᠮᠲᠤ ᠪᠠᠷ ᠰᠠᠶᠢᠬᠠᠨ ᠲᠣᠭᠤᠷᠢᠭ ᠤᠨ ᠦᠨᠳᠦᠰᠦᠲᠡᠨ ᠤ ᠠᠵᠢᠯ ᠤᠨ ᠳᠤᠮᠳᠠᠬᠢ ᠳᠣᠪᠣᠶᠢᠮ᠎ᠠ ᠠᠰᠠᠭᠤᠳᠠᠯ ᠢ ᠪᠠᠶᠢᠴᠠᠭᠠᠨ ᠦᠵᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠪᠠ ᠵᠠᠩᠭᠢᠷᠠᠭ᠎ᠠ ᠶᠢ ᠭᠦᠨᠵᠡᠭᠡᠢ ᠵᠠᠳᠠᠯᠵᠤ᠂ ᠤᠯᠤᠰ ᠲᠥᠷᠥ ᠶᠢᠨ ᠵᠣᠭᠰᠣᠴᠠ ᠪᠠ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢᠨ᠎ᠡ ᠪᠠᠶᠢᠳᠠᠯ ᠳᠣᠣᠷᠠᠬᠢ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠰᠡᠳᠬᠢᠮᠵᠢ ᠪᠠ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠪᠣᠳᠣᠯᠬᠢᠯᠠᠪᠠ᠃      ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠬᠦ ᠨᠥᠬᠦᠳ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠸᠠᠩ ᠯᠢ ᠰᠢᠶᠠ ᠲᠤᠰ ᠤᠳᠠᠭᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠳᠠᠯ ᠳᠤ ᠦᠨᠡᠯᠡᠯᠲᠡ ᠬᠢᠵᠦ᠂ ᠨᠥᠬᠦᠳ ᠤᠳ ᠤᠨ ᠣᠪᠣᠷ ᠲᠥᠪ ᠴᠢᠬᠡᠴᠢ᠂ ᠠᠯᠳᠠᠭ᠎ᠠ ᠪᠤᠷᠤᠭᠤ ᠪᠠᠨ ᠵᠣᠷᠢᠭᠲᠠᠢ ᠢᠯᠡᠴᠢᠯᠡᠬᠦ᠂ ᠶᠠᠭ ᠣᠨᠣᠭᠠᠬᠤ᠂ ᠠᠮᠢᠨ ᠭᠠᠵᠠᠷ ᠢ ᠨᠢ ᠣᠨᠣᠭᠠᠬᠤ ᠣᠪᠣᠷ ᠢ ᠭᠦᠢᠴᠡᠳ ᠨᠤᠲᠠᠯᠠᠬᠤ ᠶᠢᠨ ᠬᠠᠮᠲᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠲᠠᠢ ᠬᠠᠷᠢᠴᠠᠭᠤᠯᠤᠭᠰᠠᠨ ᠨᠢ ᠬᠦᠷᠦᠯᠴᠡᠬᠦ ᠦᠭᠡᠢ  ᠵᠡᠷᠭᠡ ᠲᠠᠯ᠎ᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠨ ᠭᠠᠷᠭᠠᠪᠠ᠃ ᠤᠯᠤᠰ ᠲᠥᠷᠥ ᠳᠡᠭᠡᠷ᠎ᠡ ᠠᠴᠠ ᠵᠥᠷᠢᠶ᠎ᠡ ᠶᠢ ᠡᠷᠢᠵᠦ᠂ ᠠᠰᠠᠭᠤᠳᠠᠯ ᠢ ᠡᠷᠢᠵᠦ᠂ ᠰᠢᠯᠲᠠᠭᠠᠨ ᠢ ᠡᠷᠢᠵᠦ᠂ ᠠᠷᠭ᠎ᠠ ᠬᠡᠮᠵᠢᠶ᠎ᠡ ᠲᠣᠭᠲᠠᠭᠠᠨ᠂ ᠪᠠᠶᠢᠴᠠᠭᠠᠵᠤ ᠭᠠᠷᠭᠠᠭᠰᠠᠨ ᠡᠯ᠎ᠡ ᠵᠦᠢᠯ ᠤᠨ ᠠᠰᠠᠭᠤᠳᠠᠯ ᠢ ᠪᠦᠬᠦ ᠲᠠᠯ᠎ᠠ ᠪᠠᠷ ᠤᠷᠪᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠦᠵᠡᠯ ᠰᠠᠨᠠᠭᠠᠨ ᠳᠡᠭᠡᠷ᠎ᠡ᠂ ᠤᠯᠤᠰ ᠲᠥᠷᠥ ᠳᠡᠭᠡᠷ᠎ᠡ᠂ ᠦᠢᠯᠡ ᠠᠵᠢᠯᠯᠠᠭ᠎ᠠ ᠳᠡᠭᠡᠷ᠎ᠡ   ᠪᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠵᠦ᠂ ︽ᠬᠤᠶᠠᠷ ᠢ ᠬᠦᠷᠢᠶᠡᠯᠡᠬᠦ︾ ᠶᠢ ᠪᠣᠳᠠᠲᠠᠢ ᠠᠵᠢᠯᠯᠠᠭ᠎ᠠ ᠳᠤᠮᠳᠠ ᠪᠠᠨ ᠡᠷᠡᠰ ᠨᠠᠶᠢᠳᠠᠪᠤᠷᠢᠵᠢᠭᠤᠯᠤᠨ᠂ ᠪᠣᠳᠠᠲᠠᠢ ᠦᠷ᠎ᠡ ᠪᠦᠲᠦᠮᠵᠢ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠵᠠᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠢᠯᠢ ᠬᠢᠵᠠᠭᠠᠷ ᠤᠨ ᠦᠨᠳᠦᠰᠦᠲᠡᠨ ᠤ ᠣᠷᠣᠨ ᠤ ᠺᠠᠳ᠋ᠷ ᠪᠣᠯᠣᠭᠰᠠᠨ ᠤ ᠬᠤᠪᠢ ᠳᠤ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ᠂ ᠨᠠᠮ ᠤᠨ ᠰᠢᠨ᠎ᠡ ᠶᠢ ᠡᠭᠦᠳᠬᠦ ᠣᠨᠣᠯ ᠤᠨ ᠦᠨᠡᠨᠴᠢ ᠪᠢᠰᠢᠷᠡᠭᠴᠢ ᠪᠠ ᠦᠨᠡᠨᠴᠢ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠂ ᠤᠯᠤᠰ ᠲᠥᠷᠥ ᠶᠢᠨ ᠪᠠᠷᠢᠮᠵᠢᠶ᠎ᠠ ᠪᠠᠷ ᠨᠡᠩ ᠥᠨᠳᠥᠷ᠂ ᠨᠠᠮᠴᠢ ᠴᠢᠨᠠᠷ ᠤᠨ ᠱᠠᠭᠠᠷᠳᠠᠯᠭ᠎ᠠ ᠪᠠᠷ ᠨᠡᠩ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠪᠠᠷ ᠨᠡᠩ ᠴᠢᠩᠭ᠎ᠠ ᠪᠠᠶᠢᠵᠤ᠂ ᠬᠥᠮᠥᠨ ᠨᠢᠭᠡᠪᠦᠷᠢ ᠨᠡᠩ ᠢᠯᠡᠭᠦᠦ ᠰᠤᠷᠤᠯᠴᠠᠵᠤ᠂ ᠭᠦᠨᠵᠡᠭᠡᠶᠢᠷᠡᠭᠦᠯᠵᠦ᠂  ᠲᠠᠨᠢᠵᠤ᠂ ᠳᠡᠭᠡᠭᠰᠢᠯᠡᠭᠦᠯᠬᠦ ᠪᠠᠷ ᠳᠠᠮᠵᠢᠨ᠂ ᠨᠠᠮ ᠤᠨ ᠦᠨᠳᠦᠰᠦᠲᠡᠨ ᠤ ᠠᠵᠢᠯ ᠤᠨ ᠮᠡᠷᠭᠡᠵᠢᠯᠲᠡᠨ ᠪᠣᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠶᠢ ᠡᠷᠬᠡᠪᠰᠢ ᠴᠢᠩᠭᠠᠳᠬᠠᠵᠤ᠂ ᠦᠨᠳᠦᠰᠦᠲᠡᠨ ᠤ ᠠᠵᠢᠯ ᠢ ᠴᠢᠬᠤᠯᠠ ᠵᠥᠪᠯᠡᠬᠦ ᠵᠦᠢᠯ ᠳᠤ ᠣᠷᠣᠭᠤᠯᠤᠨ᠂ ᠪᠦᠬᠦ ᠲᠠᠯ᠎ᠠ ᠪᠠᠷ ᠴᠢᠩᠭᠠᠳᠬᠠᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠳᠡᠭᠡᠷ᠎ᠡ ᠬᠦᠴᠦ ᠭᠠᠷᠭᠠᠵᠤ᠂ ᠪᠦᠬᠦ ᠲᠣᠭᠤᠷᠢᠭ ᠤᠨ ᠬᠡᠪᠴᠢᠶᠡᠨ ᠳᠤ ᠪᠦᠬᠦᠨ ᠢ ᠬᠠᠮᠤᠷᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠬᠥᠮᠥᠵᠢᠯ ᠢ ᠥᠷᠨᠢᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠳᠣᠪᠣᠶᠢᠯᠭᠠᠨ᠂ ᠠᠷᠠᠳ ᠲᠦᠮᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦᠯᠡᠵᠦ᠂ ᠦᠨᠡᠨ ᠬᠦᠴᠦ ᠭᠠᠷᠭᠠᠵᠤ᠂ ᠡᠭᠦᠷᠭᠡ ᠬᠠᠷᠢᠭᠤᠴᠠᠯᠭ᠎ᠠ ᠪᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠭᠦᠢᠴᠡᠳᠬᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠢᠷᠭᠡᠳ ᠤᠨ ᠬᠦᠴᠢᠷ ᠢ ᠰᠢᠢᠳᠪᠦᠷᠢᠯᠡᠨ ᠵᠣᠪᠠᠭᠤᠷᠢ ᠶᠢ ᠠᠷᠢᠯᠭᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠢ ᠪᠣᠯᠭᠠᠨ᠂ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠠᠵᠢᠯ ᠤᠨ ᠰᠡᠷᠭᠡᠭ ᠴᠢᠨᠠᠷ ᠢᠶᠠᠨ ᠴᠢᠩᠭᠠᠳᠬᠠᠵᠤ᠂ ᠲᠦᠭᠰᠢᠭᠦᠷᠢ ᠶᠢ ᠰᠡᠷᠭᠡᠶᠢᠯᠡᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠰᠠᠶᠢᠨ ᠬᠢᠬᠦ ᠬᠡᠷᠡᠭᠲᠡᠢ᠃ ᠪᠠᠭ ᠤᠨ ᠭᠡᠰᠢᠭᠦᠳ ᠥᠪᠡᠷ ᠤᠨ ᠪᠡᠶ᠎ᠡ ᠪᠠᠷ ᠢᠶᠠᠨ ᠲᠣᠯᠣᠭᠠᠶᠢᠯᠠᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠡᠳᠬᠢᠯ ᠨᠢᠭᠡᠳᠦᠨ ᠪᠦᠯᠬᠦᠮᠳᠡᠵᠦ᠂ ᠬᠠᠮᠲᠤ ᠪᠠᠷ ᠴᠢᠷᠮᠠᠶᠢᠨ᠂ ᠰᠠᠶᠢᠬᠠᠨ ᠲᠣᠭᠤᠷᠢᠭ ᠤᠨ ᠲᠠᠭᠠᠭᠤᠯᠤᠭᠴᠢ ᠶᠢᠨ ᠳᠦᠷᠢ ᠲᠥᠷᠬᠦ ᠪᠠᠨ ᠳᠠᠬᠢᠨ ᠪᠣᠰᠬᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠬᠤᠷᠠᠯ ᠳᠤ ᠣᠷᠣᠯᠴᠠᠪᠠ᠃     ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ᠂ ᠬᠤᠲᠠ ᠶᠢᠨ ᠶᠢᠰᠦᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠠᠷᠢᠭᠤᠴᠠᠬᠤ ᠨᠥᠬᠦᠳ ᠬᠤᠷᠠᠯ ᠳᠤ ᠣᠷᠣᠯᠴᠠᠨ ᠵᠢᠯᠣᠭᠤᠳᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号