ᠰᠢᠨ᠎ᠡ ᠬᠤᠲᠠ ᠲᠣᠭᠤᠷᠢᠭ 2020 ᠣᠨ ᠤ 10 ᠳ᠋ᠤᠭᠠᠷ ᠰᠠᠷ᠎ᠠ ᠳᠤ ︽ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ︾ ᠢᠶᠠᠷ  ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠨᠦᠬᠦᠪᠦᠷᠢ ᠮᠥᠩᠭᠦ 494.21 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2020/11/16
      2020 ᠣᠨ ᠤ 10 ᠳ᠋ᠤᠭᠠᠷ ᠰᠠᠷ᠎ᠠ ᠳᠤ᠂ ᠰᠢᠨ᠎ᠡ ᠬᠤᠲᠠ ᠲᠣᠭᠤᠷᠢᠭ ︽ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ︾ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ 494.21 ᠲᠦᠮᠡᠨ ᠲᠥᠭᠦᠷᠢᠭ ᠲᠠᠷᠬᠠᠭᠠᠵᠤ᠂ 7201 ᠬᠥᠮᠦᠨ ᠳᠤ ᠨᠥᠬᠦᠪᠥᠷᠢ ᠣᠯᠭᠤᠪᠠ᠃ ᠡᠭᠦᠨ ᠳᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢ 466.8 ᠲᠦᠮᠡᠨ ᠲᠥᠭᠦᠷᠢᠭ ᠲᠠᠷᠬᠠᠭᠠᠵᠤ᠂ ᠭᠤᠤᠯᠳᠠᠭᠤ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠦᠬᠦᠪᠦᠷᠢ᠂ ᠠᠰᠠᠷᠠᠮᠵᠢ ᠶᠢᠨ ᠨᠥᠬᠦᠪᠥᠷᠢ᠂ ᠵᠡᠮᠳᠡᠭᠴᠦᠳ ᠤᠨ ᠨᠥᠬᠦᠪᠥᠷᠢ᠂ ᠴᠡᠷᠢᠭ ᠠᠴᠠ ᠬᠠᠯᠠᠭᠳᠠᠭᠰᠠᠳ ᠢ ᠲᠦᠪᠬᠢᠨᠡᠭᠦᠯᠬᠦ ᠵᠠᠷᠤᠳᠠᠯ ᠪᠠ  ᠦᠨᠳᠦᠷ ᠨᠠᠰᠤᠲᠠᠢ ᠨᠥᠬᠦᠪᠥᠷᠢ ᠳᠤ ᠬᠡᠷᠡᠭᠯᠡᠨ᠎ᠡ︔ ᠰᠤᠷᠭᠠᠨ ᠬᠥᠮᠦᠵᠢᠯ ᠤᠨ ᠲᠥᠷᠥᠯ ᠤᠨ ᠨᠥᠬᠦᠪᠥᠷᠢ 4.9 ᠲᠦᠮᠡᠨ ᠲᠥᠭᠦᠷᠢᠭ ᠲᠠᠷᠬᠠᠭᠠᠵᠤ᠂ ᠭᠤᠤᠯᠳᠠᠭᠤ ᠪᠠᠶᠢᠷᠢ ᠳᠤ ᠰᠠᠭᠤᠬᠤ ᠰᠤᠷᠤᠭᠴᠢᠳ ᠤᠨ ᠠᠮᠢᠳᠤᠷᠠᠯ ᠤᠨ ᠨᠥᠬᠦᠪᠥᠷᠢ ᠳᠤ ᠬᠡᠷᠡᠭᠯᠡᠨ᠎ᠡ︔ ᠲᠥᠯᠥᠪᠯᠡᠭᠡᠲᠦ ᠦᠷᠡᠵᠢᠯ ᠤᠨ ᠨᠥᠬᠦᠪᠥᠷᠢ 22.51 ᠲᠦᠮᠡᠨ ᠲᠥᠭᠦᠷᠢᠭ ᠲᠠᠷᠬᠠᠭᠠᠵᠤ᠂ ᠭᠤᠣᠯᠳᠠᠭᠤ ᠦᠷ᠎ᠡ ᠶᠢᠨ ᠭᠠᠭᠴᠠ ᠬᠡᠦᠬᠡᠳ ᠤᠨ ᠡᠴᠢᠭᠡ ᠡᠬᠡ ᠶᠢᠨ ᠱᠠᠩᠨᠠᠯ ᠤᠨ ᠮᠦᠩᠬᠦ ᠳᠤ ᠬᠡᠷᠡᠭᠯᠡᠨ᠎ᠡ᠃ ᠬᠤᠶᠢᠰᠢᠳᠠ᠂ ᠰᠢᠨ᠎ᠡ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠤᠨ ᠨᠥᠬᠦᠪᠥᠷᠢ ᠶᠢ ᠣᠯᠭᠤᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ ᠡᠯ᠎ᠡ ᠵᠣᠶᠢᠯ ᠤᠨ ᠨᠥᠬᠦᠪᠥᠷᠢ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠪᠠᠲᠤᠯᠠᠬᠤ ᠶᠢᠨ ᠬᠠᠮᠲᠤ ᠣᠯᠭᠤᠬᠤ ᠲᠥᠷᠥᠯ ᠵᠣᠶᠢᠯ ᠢ ᠬᠢᠨᠠᠮᠠᠭᠠᠶ ᠡᠮᠬᠢᠯᠡᠵᠦ᠂ ᠪᠦᠬᠦ ᠨᠥᠬᠦᠪᠥᠷᠢ ᠪᠡᠯᠡ ᠮᠥᠩᠭᠦ ᠶᠢ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠨ ᠣᠯᠭᠤᠬᠤ ᠪᠠᠷ ᠴᠢᠷᠮᠠᠶᠢᠨ᠎ᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号