ᠰᠢᠨ᠎ᠡ ᠦᠶ᠎ᠡ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2020/11/16
ᠮᠠ ᠫᠧᠢ ᠬᠤᠸᠠ ᠬᠤᠷᠠᠯ ᠳᠤ ᠣᠷᠣᠯᠴᠠᠨ ᠦᠭᠡ ᠬᠡᠯᠡᠵᠦ  ᠪᠦ᠋ ᠰᠢᠶᠥᠥ ᠯᠢᠨ ᠬᠤᠷᠠᠯ ᠳᠤ ᠣᠷᠣᠯᠴᠠᠵᠤ  ᠵᠠᠩ ᠸᠧᠢ ᠡᠷᠬᠢᠯᠡᠵᠦ  ᠸᠠᠩ ᠯᠢ ᠰᠢᠶᠠ ᠦᠭᠡ ᠬᠡᠯᠡᠵᠦ  ᠵᠠᠩ ᠪᠠᠢ ᠴᠧᠩ ᠲᠠᠨᠢᠯᠴᠠᠭᠤᠯᠪᠠ       ︵ᠰᠤᠷᠪᠤᠯᠵᠢᠯᠠᠭᠴᠢ ᠹᠡᠩ ᠶᠠᠨ ᠫᠢᠩ  ᠯᠢ ᠬᠠᠢ ᠵᠧᠨ︶ 11 ᠳ᠋ᠦ᠋ᠭᠡᠷ ᠰᠠᠷ᠎ᠠ ᠶᠢᠨ 14 ᠤ ᠡᠳᠦᠷ᠂ ︽ᠰᠢᠨ᠎ᠡ ᠡᠭᠦᠳᠦᠯᠲᠡ ᠶᠢᠨ ᠬᠥᠳᠡᠯᠭᠡᠬᠦ ᠬᠦᠴᠦᠨ ᠢ ᠠᠭᠤᠰᠤᠯᠴᠠᠭᠤᠯᠵᠤ᠂ ᠣᠶᠣᠨ ᠪᠢᠯᠢᠭ ᠢ ᠲᠠᠯ᠎ᠠ ᠨᠤᠲᠤᠭ ᠤᠨ ᠬᠤᠲᠠ ᠳᠤ ᠴᠤᠭᠯᠠᠭᠤᠯᠤᠶ᠎ᠠ︾ ᠪᠠᠷ ᠭᠤᠣᠯ ᠰᠡᠳᠦᠪ ᠪᠣᠯᠭᠠᠭᠰᠠᠨ ᠰᠢᠨ᠎ᠡ ᠦᠶ᠎ᠡ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠰᠢᠨ᠎ᠡ ᠬᠡᠯᠪᠡᠷᠢ ᠶᠢᠨ ᠣᠶᠣᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠬᠤᠷᠠᠯ ᠮᠠᠨ ᠤ ᠬᠤᠲᠠ ᠳᠤ ᠬᠤᠷᠠᠯᠳᠤᠪᠠ᠃ ᠲᠣᠭᠠᠴᠢᠯᠠᠭᠰᠠᠨ ᠠᠵᠤ ᠠᠬᠤᠢ ᠶᠢᠨ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠨ ᠡᠷᠳᠡᠮᠲᠡᠳ᠂ ᠠᠵᠢᠯ ᠲᠥᠷᠥᠯ ᠤᠨ ᠰᠤᠤ ᠡᠷᠬᠢᠮ ᠤᠳ᠂ ᠠᠵᠤ ᠠᠬᠤᠶᠢᠯᠠᠯ ᠤᠨ ᠲᠥᠯᠥᠭᠡᠯᠡᠭᠴᠢᠳ ᠨᠢᠭᠡ ᠳᠣᠣᠷ᠎ᠠ ᠴᠤᠭᠯᠠᠵᠤ᠂ ᠰᠢᠨ᠎ᠡ ᠦᠶ᠎ᠡ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠣᠶᠤᠨᠲᠤ ᠬᠤᠲᠠ ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ᠂ ᠲᠣᠭᠠᠴᠢᠯᠠᠭᠰᠠᠨ ᠠᠵᠤ ᠠᠬᠤᠢ ᠵᠡᠷᠭᠡ ᠶᠢᠨ ᠲᠥᠯᠥᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠲᠣᠭᠤᠷᠢᠨ ᠳᠤ ᠪᠦᠲᠦᠮᠵᠢ ᠰᠠᠶᠢᠲᠠᠢ ᠰᠤᠳᠤᠯᠤᠨ ᠶᠠᠷᠢᠯᠴᠠᠪᠠ᠃      ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠫᠧᠢ ᠬᠤᠸᠠ ᠬᠤᠷᠠᠯ ᠳᠤ ᠣᠷᠣᠯᠴᠠᠨ  ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠥᠥ ᠯᠢᠨ ᠬᠤᠷᠠᠯ ᠳᠤ ᠣᠷᠣᠯᠴᠠᠵᠤ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠤᠤᠯ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠠᠷᠠᠯᠵᠢᠶ᠎ᠠ ᠳᠤ ᠦᠢᠯᠡᠴᠢᠯᠡᠬᠦ ᠨᠡᠶᠢᠭᠡᠮᠯᠢᠭ ᠤᠨ ᠠᠬᠠᠯᠠᠭᠴᠢ ᠲᠤᠰᠬᠠᠢ ᠮᠡᠷᠭᠡᠵᠢᠯᠲᠡᠨ ᠵᠠᠩ ᠸᠧᠢ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠳᠤ ᠣᠷᠣᠯᠴᠠᠨ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠠᠴᠠ ᠬᠤᠲᠠ ᠪᠠᠨ ᠲᠠᠨᠢᠯᠴᠠᠭᠤᠯᠪᠠ᠃     ᠮᠠ ᠫᠧᠢ ᠬᠤᠸᠠ ᠶᠠᠷᠢᠶᠠᠨ ᠳᠠᠭᠠᠨ᠂ ᠬᠥᠬᠡᠬᠤᠲᠠ ᠨᠢ ᠮᠠᠨ ᠤ ᠤᠯᠤᠰ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠵᠡᠭᠦᠨ  ᠪᠠᠷᠠᠭᠤᠨ ᠢ ᠬᠤᠯᠪᠣᠵᠤ ᠪᠠᠶᠢᠭ᠎ᠠ ᠴᠢᠬᠤᠯᠠ ᠴᠡᠭ ᠪᠣᠯᠣᠭᠰᠠᠨ ᠤ ᠬᠤᠪᠢ ᠳᠤ᠂ ᠭᠠᠵᠠᠷ ᠵᠦᠢ ᠶᠢᠨ ᠪᠠᠶᠢᠷᠢᠰᠢᠯ᠂ ᠣᠷᠣᠨ ᠪᠠᠶᠢᠷᠢ ᠶᠢᠨ ᠳᠠᠪᠠᠭᠤᠯᠢᠭ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠᠷ ᠮᠠᠰᠢ ᠴᠢᠬᠤᠯᠠ᠃ ᠬᠥᠬᠡᠬᠤᠲᠠ ᠶᠢᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠠ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠨᠢ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠴᠢᠨᠠᠷ ᠰᠠᠶᠢᠲᠠᠢ ᠬᠥᠭᠵᠢᠭᠦᠯᠬᠦ᠂ ᠤᠯᠤᠰ ᠤᠨ ᠳᠣᠲᠣᠭᠠᠳᠤ ᠭᠠᠳᠠᠭᠠᠳᠤ ᠶᠢᠨ   ᠬᠤᠣᠰ ᠣᠷᠴᠢᠯ ᠳᠤ ᠴᠢᠬᠤᠯᠠ ᠠᠬᠢᠭᠤᠯᠬᠤ ᠦᠢᠯᠡᠳᠦᠯ ᠲᠠᠢ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠰᠦᠷᠦᠭ ᠵᠢᠴᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠠᠮᠵᠢᠯᠴᠠᠨ ᠬᠥᠭᠵᠢᠬᠦ ᠳᠤ ᠲᠤᠯᠭᠠᠭᠤᠷᠢᠯᠠᠯ ᠤᠨ ᠦᠢᠯᠡᠳᠦᠯ ᠲᠠᠢ ᠭᠡᠪᠡ᠃ ᠮᠠ ᠫᠧᠢ ᠬᠤᠸᠠ ᠪᠠᠰᠠ ᠮᠡᠷᠭᠡᠵᠢᠯ ᠳᠤ ᠰᠢᠨ᠎ᠡ ᠶᠢ ᠡᠭᠦᠳᠬᠦ ᠶᠢ ᠪᠠᠷᠢᠮᠲᠠᠯᠠᠬᠤ᠂ ᠬᠠᠷᠢᠯᠴᠠᠨ ᠬᠤᠯᠪᠣᠯᠳᠤᠨ ᠠᠭᠤᠰᠤᠯᠴᠠᠬᠤ ᠶᠢ ᠪᠠᠷᠢᠮᠲᠠᠯᠠᠬᠤ᠂ ᠲᠤᠭ᠎ᠠ ᠪᠠᠷᠢᠮᠲᠠ ᠪᠠᠷ ᠬᠦᠴᠦ ᠨᠡᠮᠡᠬᠦ ᠶᠢ ᠪᠠᠷᠢᠮᠲᠠᠯᠠᠬᠤ ᠂ ᠠᠶᠤᠯᠭᠦᠢ ᠶᠢ ᠨᠢᠭᠡᠳᠦᠭᠡᠷ ᠲᠤ ᠲᠠᠯᠪᠢᠬᠤ ᠳᠦᠷᠪᠡᠨ ᠲᠠᠯ᠎ᠠ ᠪᠠᠷ ᠪᠣᠳᠠᠲᠠᠢ ᠰᠠᠨᠠᠭᠤᠯᠭ᠎ᠠ ᠳᠤᠷᠠᠳᠴᠠᠢ᠃
     ᠸᠠᠩ ᠯᠢ ᠰᠢᠶᠠ ᠶᠠᠷᠢᠶᠠᠨ ᠳᠠᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶ᠋ᠢᠬᠠᠨ ᠪᠣᠯᠵᠤ ᠥᠩᠭᠡᠷᠡᠭᠰᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠳᠤ  ᠪᠣᠳᠠᠲᠠᠢ ᠱᠠᠭᠠᠷᠳᠠᠯᠭ᠎ᠠ   ᠲᠤᠷᠠᠳᠴᠤ᠂  ︽ᠠᠷᠪᠠᠨ ᠳᠥᠷᠪᠡᠳᠦᠭᠡᠷ ᠲᠠᠪᠤᠨ ᠵᠢᠯ︾ ᠤᠨ ᠦᠶ᠎ᠡ ᠶᠢᠨ ︽ᠲᠣᠭᠠᠴᠢᠯᠠᠭᠰᠠᠨ ᠳᠤᠮᠳᠠᠳᠤ ᠤᠯᠤᠰ︾ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤ ᠶᠢ ᠠᠳᠬᠤᠨ ᠵᠦᠭ ᠢ ᠵᠢᠭᠠᠵᠤ᠂ ᠵᠢᠷᠤᠭ ᠲᠥᠰᠥᠪ ᠢ ᠵᠢᠷᠤᠭᠯᠠᠵᠠᠢ᠃ ᠥᠨᠥᠳᠥᠷ ᠤᠨ ᠬᠥᠬᠡᠬᠤᠲᠠ  ᠲᠣᠭᠠᠴᠢᠯᠠᠭᠰᠠᠨ ᠠᠵᠤ ᠠᠬᠤᠢ ᠶᠢᠨ ᠳᠠᠯᠳᠠ ᠬᠦᠴᠦᠨ ᠢᠶᠠᠷ ᠲᠤᠶᠢᠯ ᠤᠨ ᠶᠡᠭᠡ᠂ ᠠᠷᠠᠯᠵᠢᠶ᠎ᠠ ᠬᠤᠳᠠᠯᠳᠤᠭᠠᠨ ᠤ ᠠᠵᠠ ᠲᠣᠬᠢᠶᠠᠯ ᠬᠡᠮᠵᠢᠶᠡᠯᠡᠰᠢ ᠦᠭᠡᠢ ᠪᠠᠶᠢᠵᠤ᠂ ᠲᠣᠭᠠᠴᠢᠯᠠᠭᠰᠠᠨ ᠠᠵᠤ ᠠᠬᠤᠢ ᠳᠤ ᠰᠢᠨ᠎ᠡ ᠶᠢ ᠡᠭᠦᠳᠦᠨ ᠬᠥᠭᠵᠢᠭᠦᠯᠬᠦ ᠳᠤ ᠥᠩᠭᠡᠷᠡᠭᠰᠡᠨ ᠤ ᠠᠯᠢ ᠴᠦ ᠦᠶ᠎ᠡ ᠠᠴᠠ ᠨᠡᠩ ᠳᠠᠪᠠᠭᠤᠯᠢᠭ ᠲᠠᠢ᠂ ᠨᠡᠩ ᠴᠢᠳᠠᠪᠤᠷᠢ ᠲᠠᠢ᠂ ᠨᠡᠩ ᠢᠲᠡᠭᠡᠯ ᠲᠠᠢ ᠪᠠᠶᠢᠨ᠎ᠠ᠃ ᠲᠠᠯ᠎ᠠ ᠨᠤᠲᠤᠭ ᠤᠨ ᠬᠤᠲᠠ ᠲᠠ ᠣᠯᠠᠨ ᠤᠳᠤᠷᠢᠳᠤᠯᠭ᠎ᠠ᠂ ᠲᠤᠰᠬᠠᠢ ᠮᠡᠷᠭᠡᠵᠢᠯᠲᠡᠨ᠂ ᠠᠵᠢᠯ ᠲᠥᠷᠥᠯ ᠤᠨ ᠡᠷᠬᠢᠮ ᠬᠢᠭᠡᠳ ᠰᠢᠨ᠎ᠡ ᠬᠠᠭᠤᠴᠢᠨ ᠨᠠᠶᠢᠵᠠ ᠨᠠᠷ ᠲᠥᠪ ᠬᠤᠲᠠ ᠳᠤ ᠢᠷᠡᠵᠦ᠂ ᠲᠥᠪ ᠬᠤᠲᠠ ᠶᠢ ᠳᠡᠮᠵᠢᠵᠦ᠂ ᠲᠥᠪ ᠬᠤᠲᠠ ᠶᠢ ᠪᠠᠶᠢᠭᠤᠯᠵᠤ᠂ ︽ᠦᠵᠡᠮᠵᠢᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠬᠤᠲᠠ︾ ᠶᠢ ᠬᠠᠮᠲᠤ ᠪᠠᠷ ᠬᠦᠴᠦᠷᠬᠡᠭᠵᠢᠭᠦᠯᠦᠨ ᠬᠥᠭᠵᠢᠭᠦᠯᠵᠦ᠂ ᠨᠡᠩ ᠰᠠᠶᠢᠨ ᠰᠠᠶᠢᠬᠠᠨ ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠡᠭᠦᠳᠦᠯᠲᠡ ᠶᠢᠨ ᠢᠷᠡᠭᠡᠳᠦᠢ ᠶᠢ ᠬᠠᠮᠲᠤ ᠪᠠᠷ ᠤᠭᠲᠤᠬᠤ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃      ᠬᠤᠷᠠᠯ ᠳᠡᠭᠡᠷ᠎ᠡ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠤᠯ ᠤᠨ ᠠᠵᠤ ᠠᠬᠤᠶᠢᠴᠢ᠂ ᠠᠯᠳᠠᠷᠲᠤ ᠠᠵᠤ ᠠᠬᠤᠢ ᠶᠢᠨ ᠤᠬᠠᠭᠠᠨᠲᠠᠨ ᠶᠣᠣ ᠵᠢᠩ ᠶᠤᠸᠠᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠤᠯᠤᠰ ᠤᠨ ᠽᠢ ᠶᠢᠨ ᠱᠠᠨ ᠲᠤᠷᠰᠢᠯᠲᠠ ᠶᠢᠨ ᠲᠠᠰᠤᠭ ᠤᠨ ᠡᠷᠬᠢᠯᠡᠭᠴᠢ ᠯᠢᠦ ᠶᠦᠨ ᠵᠢᠶᠧ ᠵᠡᠷᠭᠡ ᠲᠤᠰᠬᠠᠢ ᠮᠡᠷᠭᠡᠵᠢᠯᠲᠡᠨ ᠡᠷᠳᠡᠮᠲᠡᠳ ᠭᠤᠣᠯ ᠵᠣᠷᠢᠯᠲᠠᠲᠤ ᠢᠯᠡᠳᠬᠡᠯ ᠬᠢᠪᠡ᠃ ᠯᠢᠦ ᠶᠦᠨ ᠵᠢᠶᠧ ᠠᠺᠠᠳᠧᠮᠢᠴᠢ ᠶᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠠᠯᠠᠭᠴᠢ ᠵᠦᠪᠯᠡᠭᠴᠢ ᠪᠠᠷ ᠣᠨᠴᠠ ᠤᠷᠢᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠦ᠋ ᠸᠧᠨ ᠮᠢᠩ᠂ ᠴᠢᠶᠥᠥ ᠶᠦᠨ ᠯᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠲᠠᠪᠤᠨ ᠶᠡᠭᠡ ᠲᠥᠷᠥᠯ ᠤᠨ ᠠᠷᠪᠠᠨ ᠬᠡᠳᠦᠨ ᠲᠥᠷᠥᠯ ᠵᠦᠢᠯ ᠲᠤᠬᠠᠢ ᠶᠢᠨ ᠲᠠᠯᠠᠪᠠᠢ ᠳᠤ ᠭᠡᠷ᠎ᠡ ᠲᠣᠭᠲᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号