ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2020/11/16
      ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠢ ᠱᠦᠵᠢ ᠰᠢ  ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠥᠭᠡᠷᠡᠴᠢᠯᠡᠯᠲᠡ ᠬᠢᠬᠦ ᠰᠢᠢᠳᠪᠦᠷᠢ ᠵᠣᠷᠢᠭ ᠢ ᠴᠠᠭ ᠢᠮᠠᠭᠲᠠ ᠪᠠᠷᠢᠮᠲᠠᠯᠠᠵᠤ᠂ ᠡᠯ᠎ᠡ ᠡᠲᠡᠭᠡᠳ ᠤᠨ ᠬᠦᠴᠦᠨ ᠢ ᠨᠢᠭᠲᠠᠷᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠡᠨᠡ ᠵᠢᠯ ᠤᠨ ᠡᠯ᠎ᠡ ᠲᠥᠷᠥᠯ ᠤᠨ ᠰᠡᠭᠦᠯ ᠬᠤᠷᠢᠶᠠᠬᠤ ᠠᠵᠢᠯ ᠢ ᠨᠠᠷᠢᠯᠢᠭ ᠰᠡᠳᠦᠵᠦ ᠰᠠᠶᠢᠲᠤᠷ ᠲᠥᠯᠥᠪᠯᠡᠬᠦ ᠬᠡᠷᠡᠭᠲᠡᠢ᠃ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠤᠰᠬᠠᠢ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠭᠰᠠᠨ ᠠᠰᠠᠭᠤᠳᠠᠯ ᠢ ᠠᠵᠢᠯᠯᠠᠬᠤ ᠳᠤᠮᠳᠠ ᠪᠠᠨ ᠥᠭᠡᠷᠡᠴᠢᠯᠡᠨ ᠰᠠᠶᠢᠲᠤᠷ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠢ ᠠᠵᠢᠯᠯᠠᠵᠤ᠂ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠡᠭᠦᠷᠭᠡᠯᠡᠯ ᠢᠶᠠᠷ ᠲᠡᠷᠢᠭᠦᠨ ᠤ ᠬᠢ ᠲᠠᠢ ᠬᠠᠷᠢᠴᠠᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠳᠤ ᠭᠦᠨᠵᠡᠭᠡᠶᠢᠷᠡᠨ ᠥᠷᠨᠢᠭᠦᠯᠦᠭᠰᠡᠨ ᠲᠣᠭᠤᠷᠢᠨ ᠪᠠᠶᠢᠴᠠᠭᠠᠯᠲᠠ ᠪᠠᠷ ᠪᠦᠬᠦ ᠲᠠᠯ᠎ᠠ ᠶᠢᠨ ᠤᠯᠤᠰ ᠲᠥᠷᠥ ᠶᠢᠨ ᠪᠠᠶᠢᠴᠠᠭᠠᠯᠲᠠ ᠪᠣᠯᠭᠠᠨ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭ᠎ᠠ ᠠᠳᠬᠤᠵᠤ᠂ ᠰᠠᠨᠠᠭᠠᠴᠢᠯᠠᠭ᠎ᠠ ᠠᠴᠠ ᠪᠠᠨ ᠬᠦᠯᠢᠶᠡᠨ ᠲᠠᠨᠢᠵᠤ᠂ ᠣᠷᠣᠨ ᠪᠠᠶᠢᠷᠢ ᠪᠠᠨ ᠣᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠤᠯᠤᠰ ᠲᠥᠷᠥ ᠶᠢᠨ ᠦᠨᠡᠨᠴᠢ ᠶᠢᠨ ᠬᠡᠮᠵᠢᠶ᠎ᠡ᠂ ᠨᠠᠮᠴᠢ ᠴᠢᠨᠠᠷ ᠤᠨ ᠴᠡᠪᠡᠷᠴᠡ᠂ ᠲᠤᠰᠢᠶᠠᠯ ᠢᠶᠠᠨ ᠭᠦᠢᠴᠡᠳᠬᠡᠬᠦ ᠢᠲᠡᠭᠡᠮᠵᠢ ᠶᠢᠨ ᠬᠡᠮᠵᠢᠶ᠎ᠡ ᠶᠢ ᠰᠢᠯᠭᠠᠨ᠂ ᠡᠴᠦᠰ ᠲᠤᠨᠢ ᠲᠤᠯᠲᠠᠯ᠎ᠠ ᠰᠤᠯᠠᠷᠠᠭᠤᠯᠤᠯ ᠦᠭᠡᠢ ᠠᠳᠬᠤᠬᠤ ᠬᠡᠷᠡᠭᠲᠡᠢ᠃ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ᠂ ᠦᠨᠡᠨ ᠠᠳᠬᠤᠨ ᠦᠨᠡᠨ ᠥᠭᠡᠷᠡᠴᠢᠯᠡᠵᠦ᠂ ᠠᠰᠠᠭᠤᠳᠠᠯ ᠢ ᠴᠡᠭᠴᠡᠯᠡᠨ ᠵᠠᠰᠠᠬᠤ ᠶᠢ ᠡᠷᠡᠰ ᠴᠢᠩᠭ᠎ᠠ ᠠᠳᠬᠤᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠡᠭᠦᠷᠭᠡᠯᠡᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠨ᠂ ᠡᠯ᠎ᠡ ᠰᠠᠯᠠᠭ᠎ᠠ ᠮᠥᠴᠢᠷ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ ᠢᠶᠠᠨ ᠭᠦᠢᠴᠡᠳᠬᠡᠨ ᠬᠠᠷᠢᠭᠤᠴᠠᠯᠭ᠎ᠠ ᠪᠠᠨ ᠪᠡᠶᠡᠯᠡᠭᠦᠯᠵᠦ᠂ ᠵᠣᠷᠢᠭᠲᠠᠢ ᠡᠭᠦᠷᠭᠡᠯᠡᠵᠦ᠂ ᠨᠠᠮ ᠳᠠᠭᠠᠨ ᠦᠨᠡᠨᠴᠢ ᠰᠡᠳᠬᠢᠯ ᠢᠶᠠᠨ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号