ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠭᠠᠳᠤᠮ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ ᠳᠤ ᠡᠬᠢᠯᠡᠪᠡ
ᠨᠡᠶᠢᠲᠡᠯᠡᠭᠰᠡᠨ ᠴᠠᠭ᠄
2020/11/16
     11 ᠳ᠋ᠦ᠋ᠭᠡᠷ ᠰᠠᠷ᠎ᠠ ᠶᠢᠨ 15 ᠤ ᠡᠳᠦᠷ᠂ ︽ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠠᠷ ᠰᠡᠳᠦᠪᠯᠡᠭᠰᠡᠨ ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠰᠤᠷᠭᠠᠭᠤᠯᠢ ᠶᠢᠨ ᠨᠠᠭᠠᠳᠤᠮ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ ᠳᠤ ᠡᠬᠢᠯᠡᠪᠡ᠃ ᠣᠷᠭᠢᠯᠤᠮ᠎ᠠ ᠬᠠᠯᠠᠭᠤᠨ ᠰᠡᠳᠬᠢᠯᠭᠡ ᠲᠠᠢ ︽ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠨᠢᠭᠡᠲᠡᠢ︾ ᠬᠥᠭᠵᠢᠮ ᠤᠨ ᠠᠶᠠᠯᠭᠤᠨ ᠳᠣᠣᠷ᠎ᠠ᠂ ᠤᠯᠤᠰ ᠤᠨ ᠲᠤᠭ ᠤᠨ ᠠᠩᠭᠢ᠂ ᠶᠣᠰᠣᠯᠠᠯ ᠤᠨ ᠠᠩᠭᠢ᠂ ᠬᠠᠳᠠᠭ ᠤᠨ ᠠᠩᠭᠢ ᠵᠡᠷᠭᠡ 26 ᠳᠥᠷᠪᠡᠯᠵᠢᠨ ᠵᠢᠭᠰᠠᠭᠠᠯ ᠰᠦᠷ ᠳᠠᠯᠠᠶᠢᠴᠠᠲᠠᠢ ᠪᠠᠷ ᠬᠤᠷᠠᠯ ᠤᠨ ᠲᠠᠯᠠᠪᠠᠢ ᠳᠤ ᠣᠷᠣᠨ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠴᠤᠭ ᠬᠡᠶᠢᠮᠣᠷᠢ ᠶᠢ ᠭᠠᠶᠢᠬᠠᠭᠤᠯᠪᠠ᠃ ᠲᠤᠰ ᠤᠳᠠᠭᠠᠨ ᠤ ᠨᠠᠭᠠᠳᠤᠮ ᠢ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠲᠦᠮᠡᠳ ᠳᠤᠮᠳᠠᠳᠤ ᠰᠤᠷᠭᠠᠭᠤᠯᠢ ᠠᠴᠠ ᠳᠠᠭᠠᠭᠠᠨ ᠡᠷᠬᠢᠯᠡᠵᠡᠢ᠃ ᠰᠤᠷᠪᠤᠯᠵᠢᠯᠠᠭᠴᠢ ᠮᠢᠶᠥᠥ ᠴᠢᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号