ᠬᠦᠬᠡᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2020/11/16
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠣᠶᠢᠷ᠎ᠠ ᠳᠤ᠂ ᠬᠥᠬᠡᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠳᠤ ︽ᠳᠤᠮᠳᠠᠳᠤ ᠶᠢᠨ ᠦᠨᠳᠦᠰᠦᠲᠡᠨ ᠨᠢᠭᠡ ᠬᠡᠷ ᠤᠨ ᠬᠥᠮᠦᠨ ᠮᠡᠳᠦ ᠳᠤᠳᠤᠨᠤ᠂ ᠰᠡᠳᠬᠢᠯ ᠨᠢᠬᠡᠳᠦᠨ ᠳᠤᠮᠳᠠᠳᠤ ᠶᠢᠨ ᠵᠡᠬᠦᠳᠤ ᠪᠠᠨ ᠬᠠᠮᠲᠤ ᠪᠠᠷ ᠲᠡᠷᠭᠡᠯᠰᠢᠭᠦᠯᠬᠦ︾ — ᠬᠥᠬᠡᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠠᠬᠢ ᠴᠣᠭᠴᠠᠯᠠᠬᠤ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠥᠷᠨᠢᠭᠦᠯᠪᠡ᠃      ᠠᠵᠢᠯᠯᠠᠭ᠎ᠠ ᠶᠢᠨ ᠠᠬᠤᠶ ᠲᠠᠯᠠᠪᠠᠶ ᠳᠤ ᠥᠷᠭᠡᠨ ᠣᠯᠠᠨ ᠪᠠᠭᠰᠢ ᠰᠤᠷᠤᠭᠴᠢ ᠪᠣᠯᠣᠨ ᠭᠡᠷ ᠤᠨ ᠠᠬᠠᠮᠠᠳ ᠪᠠᠶᠠᠯᠢᠭ ᠠᠭᠤᠯᠭ᠎ᠠ ᠲᠠᠢ ᠭᠤᠤᠯ ᠰᠡᠳᠦᠪᠲᠦ ᠠᠵᠢᠯᠯᠠᠭᠠᠨ ᠤ ᠦᠵᠡᠭᠦᠯᠭᠡ ᠶᠢᠨ ᠰᠠᠮᠪᠠᠷ᠎ᠠ ᠶᠢ ᠲᠣᠭᠤᠷᠢᠨ ᠦᠵᠡᠵᠦ᠂ ᠬᠤᠲᠠ ᠶᠢᠨ ᠳᠥᠷᠪᠡᠨ ᠲᠣᠭᠤᠷᠢᠭ ᠤᠨ ᠪᠠᠭᠰᠢ ᠰᠤᠷᠤᠭᠴᠢ ᠪᠥᠵᠢᠭ᠂ ᠨᠠᠶᠢᠷᠠᠯ ᠳᠠᠭᠤᠤ᠂ ᠤᠷᠠᠨ ᠤᠩᠰᠢᠯᠭ᠎ᠠ᠂ ᠬᠤᠪᠢᠰᠬᠠᠯᠲᠤ ᠵᠦᠴᠦᠭᠡ ᠵᠡᠷᠭᠡ ᠶᠢᠨ ᠤᠳᠬ᠎ᠠ ᠤᠷᠠᠯᠢᠭ ᠤᠨ ᠲᠣᠭᠯᠠᠯᠲᠠ ᠪᠠᠷ ᠳᠠᠮᠵᠢᠭᠤᠯᠵᠤ᠂ ᠬᠦᠬᠡᠬᠤᠳᠠ ᠶᠢᠨ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠰᠢᠯᠢᠳᠡᠭ ᠰᠣᠶᠣᠯ ᠢ ᠤᠯᠠᠮᠵᠢᠯᠠᠬᠤ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠲᠦᠭᠡᠨ ᠪᠠᠶᠢᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠭᠦᠢᠴᠡᠳ ᠢᠯᠡᠳᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号