ᠬᠥᠬᠡᠬᠤᠲᠠ ᠶᠢᠨ ᠣᠷᠣᠢ ᠶᠢᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠹᠠᠩ︶ 11 ᠳ᠋ᠦ᠋ᠭᠡᠷ | ᠰᠠᠷ᠎ᠠ ᠶᠢᠨ 16 ᠤ ᠡᠳᠦᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠣᠷᠴᠢᠮᠬᠠᠨ᠂ ᠬᠥᠬᠡᠬᠤᠲᠠ ᠶᠢᠨ ᠢᠳᠡᠭᠡᠨ ᠡᠮ ᠤᠨ ᠵᠦᠢᠯ ᠤᠨ ᠠᠶᠤᠯᠭᠦᠢ ᠶᠢᠨ ᠵᠥᠪᠯᠡᠯ ᠤᠨ | ᠠᠯᠪᠠᠨ ᠭᠡᠷ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ | ᠢᠳᠡᠭᠡᠨ ᠤ ᠵᠦᠢᠯ ᠤᠨ ᠠᠶᠤᠯᠭᠦᠢ ᠶᠢᠨ ᠬᠡᠷᠡᠭ ︵Ⅲ ᠲᠡᠰ︶ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠬᠢᠵᠡᠢ᠃ | ᠣᠶᠢᠯᠠᠭᠠᠭᠰᠠᠨ ᠢᠶᠠᠷ᠂ ᠬᠥᠬᠡᠬᠤᠲᠠ ᠶᠢᠨ ᠢᠳᠡᠭᠡᠨ ᠤ ᠵᠦᠢᠯ ᠤᠨ ᠠᠶᠤᠯᠭᠦᠢ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠰᠣᠷᠢᠯᠲᠠ ︵ᠰᠢᠷᠡᠭᠡᠨ ᠳᠡᠭᠡᠷᠡᠬᠢ ᠰᠣᠷᠢᠯᠲᠠ︶ ᠥᠷᠨᠢᠬᠦᠯᠦᠭᠰᠡᠨ ᠨᠢ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠳᠠᠷᠠᠭᠠᠬᠢ ᠮᠠᠨ ᠤ ᠬᠤᠲᠠ ᠶᠢᠨ ᠠᠩᠬ᠎ᠠ ᠤᠳᠠᠭ᠎ᠠ ᠡᠷᠬᠢᠯᠡᠭᠰᠡᠨ ᠢᠳᠡᠭᠡᠨ ᠤ ᠵᠦᠢᠯ ᠤᠨ | ᠠᠶᠤᠯᠭᠦᠢ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠣᠨ᠎ᠠ᠂ ᠢᠳᠡᠭᠡᠨ ᠤ ᠵᠦᠢᠯ ᠤᠨ | ᠠᠶᠤᠯᠭᠦᠢ ᠶᠢᠨ ᠡᠩᠨᠡᠭᠡ ᠶᠢᠨ ᠴᠢᠳᠠᠪᠤᠷᠢ ᠬᠡᠪ ᠴᠢᠨᠠᠷ ᠤᠨ ᠨᠢᠭᠡ ᠤᠳᠠᠭᠠᠨ ᠤ ᠴᠢᠬᠤᠯᠠ ᠰᠢᠯᠭᠠᠯᠲᠠ ᠪᠠ ᠰᠣᠷᠢᠯᠲᠠ | ᠪᠤᠯᠪᠠᠰᠤᠷᠠᠯ ᠪᠣᠯᠣᠨ᠎ᠠ᠃ |