︵ᠰᠤᠷᠪᠤᠯᠵᠢᠯᠠᠭᠴᠢ ᠶᠦᠨ ᠶᠠᠨ ᠹᠠᠩ︶ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ | ᠬᠥᠭᠵᠢᠭᠦᠯᠬᠦ ᠪᠠ ᠬᠠᠮᠠᠭᠠᠯᠠᠬᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ | ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠣᠷᠣᠨ ᠵᠠᠢ ᠶᠢᠨ ᠡᠬᠢ ᠰᠤᠷᠪᠤᠯᠵᠢ ᠶᠢ ᠪᠦᠲᠦᠮᠵᠢᠲᠡᠢ ᠨᠥᠭᠡᠴᠡᠯᠡᠵᠦ᠂ ᠴᠢᠩᠭ᠎ᠠ ᠡᠵᠡᠮᠳᠡᠬᠦ ᠪᠠ ᠥᠨᠳᠥᠷ | ᠪᠦᠲᠦᠮᠵᠢᠲᠡᠢ ᠠᠰᠢᠭᠯᠠᠨ᠂ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ | ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠮᠠᠯ ᠵᠠᠮ ᠤᠨ ᠲᠥᠯᠥᠪᠵᠢᠭᠦᠯᠭᠡ ᠶᠢ | ᠬᠤᠲᠠ ᠰᠢᠶᠠᠨ ᠬᠤᠶᠠᠷ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠥᠪᠵᠢᠭᠦᠯᠭᠡ ᠯᠦᠭᠡ ᠭᠦᠨᠵᠡᠭᠡᠢ ᠵᠣᠯᠭᠠᠭᠤᠯᠬᠤ ᠶᠢᠨ ᠲᠤᠰᠠᠳᠠ᠂ ᠬᠤᠲᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ ᠬᠠᠮᠢᠶ᠎ᠠ ᠪᠦᠬᠦᠢ ᠬᠥᠮᠥᠰ ᠢ ᠵᠣᠬᠢᠶᠠᠨ ᠪᠠᠶᠢᠭᠤᠯᠤᠨ ︽ᠬᠥᠬᠡᠬᠤᠲᠠ ᠶᠢᠨ ᠬᠥᠳᠡᠭᠡ | ᠲᠣᠰᠬᠤᠨ ᠤ ᠵᠠᠰᠠᠮᠠᠯ ᠵᠠᠮ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠡᠵᠡᠮᠳᠡᠬᠦ ᠲᠥᠯᠥᠪᠵᠢᠭᠦᠯᠭᠡ ︵ | 2020—2035 ᠣᠨ︶︾ ᠶᠢ ᠨᠠᠶᠢᠷᠠᠭᠤᠯᠵᠤ᠂ ᠪᠡᠯᠡ ᠮᠥᠩᠭᠦ ᠶᠢ ᠴᠢᠷᠮᠠᠶᠢᠵᠤ ᠣᠯᠬᠤ᠂ ᠠᠬᠤᠢ ᠲᠠᠯᠠᠪᠠᠢ | ᠳᠡᠭᠡᠷ᠎ᠡ ᠪᠠᠶᠢᠴᠠᠭᠠᠨ ᠰᠤᠳᠤᠯᠤᠯᠲᠠ ᠬᠢᠬᠦ᠂ ᠮᠠᠲ᠋ᠧᠷᠢᠶᠠᠯ ᠴᠤᠭᠯᠠᠭᠤᠯᠬᠤ᠂ ᠵᠢᠷᠤᠵᠤ ᠲᠥᠯᠦᠪᠯᠡᠨ ᠳᠠᠭᠠᠭᠠᠴᠢᠯᠠᠯᠲᠠ | ᠵᠠᠷᠯᠠᠬᠤ᠂ ᠲᠥᠰᠥᠯ ᠲᠣᠭᠲᠠᠭᠠᠬᠤ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠤ ᠨᠤᠲᠠᠯᠠᠯᠲᠠ ᠬᠢᠬᠦ ᠵᠡᠷᠭᠡ | ᠶᠠᠪᠤᠴᠠ ᠶᠢ ᠥᠩᠭᠡᠷᠡᠭᠡᠵᠦ᠂ ᠣᠳᠣ ᠪᠣᠯᠬᠤ ᠳᠤ ᠨᠢᠭᠡᠨᠲᠡ ᠪᠦᠬᠦᠨ ᠢ ᠨᠠᠶᠢᠷᠠᠭᠤᠯᠤᠨ ᠳᠠᠭᠤᠰᠬᠠᠭᠰᠠᠨ ᠮᠥᠷᠲᠡᠭᠡᠨ 9 | ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠵᠥᠪᠯᠡᠯ ᠠᠯᠪᠠᠨ ᠭᠡᠷ | ᠲᠣᠪᠴᠢᠶ᠎ᠠ ᠶᠢᠨ ᠬᠤᠯᠪᠣᠭᠠᠯᠠᠭᠰᠠᠨ ᠦᠨᠡᠯᠡᠯᠲᠡ ᠬᠢᠨᠠᠯᠲᠠ ᠶᠢ ᠥᠩᠭᠡᠷᠡᠭᠡᠪᠡ᠃ ᠦᠨᠡᠯᠡᠨ ᠬᠢᠨᠠᠭᠰᠠᠨ ᠰᠠᠨᠠᠯ ᠪᠠ | ᠲᠤᠰᠬᠠᠢ ᠮᠡᠷᠭᠡᠵᠢᠯᠲᠡᠨ ᠤ ᠰᠠᠨᠠᠯ ᠢ ᠦᠨᠳᠦᠰᠦᠯᠡᠨ᠂ ᠲᠥᠯᠥᠪᠵᠢᠭᠦᠯᠭᠡ ᠶᠢᠨ ᠮᠡᠳᠡᠭᠦᠯᠦᠯᠲᠡ ᠵᠢᠴᠢ ᠸᠧᠺᠲ᠋ᠣᠷ ᠲᠤᠭ᠎ᠠ | ᠪᠠᠷᠢᠮᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠭᠰᠡᠨ ᠤ ᠳᠠᠷᠠᠭ᠎ᠠ᠂ 11 ᠳ᠋ᠦ᠋ᠭᠡᠷ ᠰᠠᠷ᠎ᠠ ᠶᠢᠨ ᠡᠴᠦᠰ ᠠᠴᠠ | ᠡᠮᠦᠨ᠎ᠡ ᠪᠦᠬᠦ ᠲᠥᠯᠥᠪᠵᠢᠭᠦᠯᠭᠡ ᠶᠢ ᠪᠡᠶᠡᠯᠡᠭᠦᠯᠬᠦ ᠪᠠᠷ ᠪᠠᠶᠢᠨ᠎ᠠ᠃ | ᠡᠶᠢᠨ ᠬᠦ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢ ᠡᠵᠡᠮᠳᠡᠬᠦ ᠲᠥᠯᠥᠪᠵᠢᠭᠦᠯᠭᠡ ᠶᠢᠨ ᠰᠢᠰᠲ᠋ᠧᠮᠵᠢ ᠪᠦᠬᠦ ᠲᠠᠯ᠎ᠠ ᠪᠠᠷ ᠪᠠᠶᠢᠭᠤᠯᠤᠭᠳᠠᠵᠤ᠂ ︽ | ᠬᠥᠬᠡᠬᠤᠲᠠ ᠶᠢᠨ ᠤᠯᠤᠰ ᠤᠨ ᠵᠠᠰᠠᠮᠠᠯ ᠵᠠᠮ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠡᠵᠡᠮᠳᠡᠬᠦ | ᠲᠥᠯᠥᠪᠵᠢᠭᠦᠯᠭᠡ ︵2018—2030 ᠣᠨ︶︾ ︽ᠬᠥᠬᠡᠬᠤᠲᠠ ᠶᠢᠨ ᠣᠷᠣᠨ ᠨᠤᠲᠤᠭ ᠤᠨ ᠲᠦᠷᠭᠡᠨ ᠤ ᠵᠠᠮ | ᠵᠢᠴᠢ ᠡᠩ ᠤᠨ ᠮᠤᠵᠢ ᠶᠢᠨ ᠵᠠᠮ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠡᠵᠡᠮᠳᠡᠬᠦ ᠲᠥᠯᠥᠪᠵᠢᠭᠦᠯᠭᠡ | ︵2018—2030 ᠣᠨ︶ ︾ ︽ᠬᠥᠬᠡᠬᠤᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢ ᠡᠵᠡᠮᠳᠡᠬᠦ ᠲᠥᠯᠥᠪᠵᠢᠭᠦᠯᠭᠡ ︵2020—2035 ᠣᠨ︶︾ | ᠲᠥᠯᠥᠪᠵᠢᠭᠦᠯᠭᠡ ᠶᠢᠨ 3 ᠲᠡᠰ ᠳᠠᠪᠬᠤᠷᠭ᠎ᠠ ᠶᠢ ᠪᠦᠷᠢᠯᠳᠦᠭᠦᠯᠵᠦ᠂ ᠮᠠᠨ ᠤ ᠬᠤᠲᠠ ᠶᠢᠨ ᠤᠯᠤᠰ ᠮᠤᠵᠢ ᠶᠢᠨ | ᠭᠤᠣᠯ ᠱᠤᠭᠤᠮ ᠵᠢᠴᠢ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ | ᠪᠦᠬᠦ ᠲᠠᠯ᠎ᠠ ᠪᠠᠷ ᠡᠮᠬᠢᠯᠡᠨ᠂ ᠪᠠᠷᠢᠯᠭ᠎ᠠ ᠶᠢᠨ ᠪᠣᠯᠬᠤᠶᠢᠴᠠ ᠴᠢᠨᠠᠷ ᠢ ᠰᠤᠳᠤᠯᠬᠤ ᠬᠦᠨᠴᠡ ᠠᠴᠠ ᠲᠥᠰᠥᠯ ᠢ | ᠰᠤᠳᠤᠯᠵᠤ᠂ ᠲᠥᠯᠥᠪᠵᠢᠭᠦᠯᠭᠡ ᠶᠢᠨ ᠴᠢᠭᠯᠡᠯ ᠱᠤᠭᠤᠮ ᠤᠨ ᠲᠥᠰᠥᠯ ᠬᠢᠭᠡᠳ ᠬᠤᠲᠠ ᠪᠠᠯᠭᠠᠰᠤ ᠶᠢᠨ ᠣᠷᠣᠨ ᠵᠠᠢ᠂ | ᠲᠠᠷᠢᠶᠠᠯᠠᠩ ᠠᠵᠤ ᠠᠬᠤᠢ ᠶᠢᠨ ᠣᠷᠣᠨ ᠵᠠᠢ᠂ ᠠᠮᠢ ᠠᠬᠤᠢ ᠶᠢᠨ ᠣᠷᠣᠨ ᠵᠠᠢ᠂ ᠬᠤᠲᠠ ᠪᠠᠯᠭᠠᠰᠤ ᠶᠢ ᠨᠡᠭᠡᠭᠡᠨ | ᠬᠥᠭᠵᠢᠭᠦᠯᠬᠦ ᠵᠠᠭᠠᠭ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ︵ ︽ᠭᠤᠷᠪᠠᠨ ᠲᠣᠭᠤᠷᠢᠭ ᠭᠤᠷᠪᠠᠨ | ᠱᠤᠭᠤᠮ︾ ᠭᠡᠵᠦ ᠶᠡᠷᠦᠩᠬᠡᠶᠢᠯᠡᠨ ᠨᠡᠷᠡᠶᠢᠳᠦᠳᠡᠭ︶ ᠤᠨ ᠬᠠᠷᠢᠴᠠᠭ᠎ᠠ ᠶᠢ ᠵᠠᠳᠠᠯᠵᠤ᠂ ︽ᠭᠤᠷᠪᠠᠨ ᠲᠣᠭᠤᠷᠢᠭ | ᠭᠤᠷᠪᠠᠨ ᠱᠤᠭᠤᠮ︾ ᠢ ᠡᠵᠡᠯᠡᠬᠦ ᠠᠴᠠ ᠬᠠᠮᠤᠭ ᠶᠡᠭᠡ ᠬᠡᠮᠵᠢᠶ᠎ᠡ ᠪᠠᠷ ᠬᠢᠴᠢᠶᠡᠭᠰᠡᠨ ᠤᠷᠢᠳᠠᠯ ᠳᠣᠣᠷ᠎ᠠ᠂ | ᠬᠤᠯᠪᠣᠭᠳᠠᠯ ᠪᠦᠬᠦᠢ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠤᠨ᠂ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠱᠤᠭᠤᠮ ᠪᠠᠶᠢᠷᠢ ᠶᠢᠨ ᠣᠷᠣᠨ ᠵᠠᠢ ᠶᠢᠨ ᠡᠬᠢ ᠰᠤᠷᠪᠤᠯᠵᠢ ᠶᠢ ᠪᠦᠲᠦᠮᠵᠢᠲᠡᠢ | ᠦᠯᠡᠳᠡᠭᠡᠵᠦ᠂ ᠮᠠᠨ ᠤ ᠬᠤᠲᠠ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠴᠢᠨᠠᠷ | ᠰᠠᠶᠢᠲᠠᠢ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠪᠠ᠃ |