ᠰᠢᠨ᠎ᠡ ᠬᠤᠲᠠ ᠲᠣᠭᠤᠷᠢᠭ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠠᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ ᠤᠨ 2020 ᠣᠨ ᠤ 17 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/18
     11 ᠳ᠋ᠦ᠋ᠭᠡᠷ ᠰᠠᠷ᠎ᠠ ᠶᠢᠨ 17 ᠤ ᠡᠳᠦᠷ᠂ ᠰᠢᠨ᠎ᠡ ᠬᠤᠲᠠ ᠲᠣᠭᠤᠷᠢᠭ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠤᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ︵ᠥᠷᠭᠡᠳᠬᠡᠭᠰᠡᠨ︶ 2020 ᠣᠨ ᠤ 17 ᠳ᠋ᠤᠭᠠᠷ ᠣᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ  ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠵᠣᠣ ᠵᠢᠶᠠᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠡᠳ᠋ ᠨᠠᠷᠢᠨ ᠪᠢᠴᠢᠭ ᠤᠨ ᠳᠠᠷᠤᠭ᠎ᠠ ᠯᠢ ᠰᠢᠶᠠᠩ ᠾᠧ ᠫᠷᠤᠹᠧᠰᠰᠤᠷ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠤᠭᠤᠳᠬᠤ ᠲᠠᠶᠢᠯᠤᠮᠵᠢ ᠬᠢᠯᠭᠡᠪᠡ᠃ ᠯᠢ ᠫᠷᠣᠫᠧᠰᠰᠤᠷ ︽︿ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠳᠦᠷᠢᠮ﹀ ᠢ ᠲᠤᠭᠤᠰᠢᠯᠠᠭᠤᠯᠵᠤ᠂ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ︽ᠲᠦᠷᠢᠮ︾ ᠤᠨ ᠦᠨᠳᠦᠰᠦᠨ ᠪᠠᠶᠢᠳᠠᠯ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠵᠢᠴᠢ ᠦᠷ᠎ᠡ ᠪᠦᠲᠦᠮᠵᠢ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠠᠷᠭᠠᠴᠠᠬᠤ ᠪᠣᠳᠣᠯᠭ᠎ᠠ ᠰᠠᠨᠠᠭᠤᠯᠭ᠎ᠠ ᠵᠡᠷᠭᠡ ᠳᠥᠷᠪᠡᠨ ᠲᠠᠯ᠎ᠠ ᠶᠢᠨ ᠲᠤᠭᠤᠷᠢᠨ ᠳᠤ ᠭᠤᠶᠢᠳᠠ ᠰᠠᠶᠢᠬᠠᠨ ᠬᠠᠪᠰᠤᠷᠤᠨ ᠵᠢᠯᠣᠭᠤᠳᠬᠤ ᠲᠠᠶᠢᠯᠤᠮᠵᠢ ᠬᠢᠪᠠ᠃ ᠬᠠᠪᠰᠤᠷᠤᠨ ᠵᠢᠯᠣᠭᠤᠳᠬᠤ ᠲᠠᠶᠢᠯᠤᠮᠵᠢ ᠶᠢᠨ ᠰᠡᠳᠬᠢᠬᠦᠶ ᠨᠢ ᠴᠢᠩᠭ᠎ᠠ ᠨᠢᠮᠪᠠᠶ᠂ ᠠᠭᠤᠯᠭ᠎ᠠ ᠨᠢ ᠦᠨᠡᠨ ᠪᠣᠳᠠᠲᠠᠶ᠂ ᠦᠵᠡᠯᠲᠡ ᠨᠢ ᠰᠢᠨ᠎ᠡ ᠰᠡᠪᠡᠭᠦᠨ᠂ ᠲᠤᠰᠬᠠᠶ ᠮᠡᠷᠭᠡᠵᠢᠯ ᠤᠨ ᠵᠢᠯᠣᠭᠤᠳᠬᠤ ᠴᠢᠨᠠᠷ᠂ ᠪᠣᠳᠠᠲᠤ ᠴᠢᠨᠠᠷ ᠨᠢ ᠮᠠᠰᠢ ᠴᠢᠩᠭ᠎ᠠ ᠪᠤᠯᠤᠨ᠎ᠠ᠃      ᠬᠤᠷᠠᠯ ᠠᠴᠠ ᠱᠠᠭᠠᠷᠳᠠᠭᠰᠠᠨ ᠨᠢ᠂ ᠪᠥᠬᠦ ᠲᠤᠭᠤᠷᠢᠭ ᠤᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠤᠯᠤᠰ ᠲᠥᠷᠥ ᠶᠢᠨ ᠵᠤᠭᠰᠤᠯᠲᠠ ᠪᠠᠨ ᠦᠨᠡᠨᠬᠦ ᠳᠡᠭᠡᠭᠰᠢᠯᠡᠭᠦᠯᠵᠦ᠂ ︽ᠬᠥᠮᠦᠨ ᠪᠦᠬᠦᠨ ᠴᠥᠮ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠮᠥᠨ︾ ᠭᠡᠬᠦ ᠣᠨᠣᠯᠵᠢᠬᠤᠨ ᠢ ᠪᠣᠶ ᠪᠣᠯᠭᠠᠬᠤ ᠬᠡᠷᠡᠭᠲᠡᠶ︔ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠭᠤᠣᠯ ᠤᠳᠤᠷᠢᠳᠤᠯᠭ᠎ᠠ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ  ᠰᠠᠶᠢᠲᠤᠷ ᠭᠦᠢᠴᠡᠳᠬᠡᠬᠦ ᠬᠡᠷᠡᠭᠲᠡᠢ︔ ᠨᠠᠷᠢᠨ ᠬᠢᠨᠠᠮᠠᠭᠠᠶ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ  ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ᠂ ᠳᠤᠲᠠᠭᠤᠳᠠᠯ ᠪᠠᠭᠤᠷᠠᠶ ᠲᠠᠯ᠎ᠠ ᠪᠠᠨ ᠤᠯᠠᠮ ᠨᠢᠭᠡ ᠠᠯᠬᠤᠮ ᠡᠷᠢᠵᠦ᠂ ᠴᠡᠭᠴᠡᠯᠡᠨ ᠰᠠᠶᠢᠵᠢᠷᠠᠭᠤᠯᠵᠤ ᠨᠠᠶᠢᠲᠠᠪᠤᠷᠢᠵᠢᠭᠤᠯᠬᠤ ᠶᠢ ᠦᠨᠡᠨᠬᠦ ᠨᠠᠷᠢᠯᠢᠭ ᠪᠣᠳᠠᠲᠠᠶ ᠠᠳᠬᠤᠬᠤ ᠬᠡᠷᠡᠭᠲᠡᠶ ᠭᠡᠪᠡ᠃      ᠬᠤᠷᠠᠯ ᠤᠨ ᠳᠠᠷᠠᠭ᠎ᠠ ᠬᠤᠷᠠᠯ ᠳᠤ ᠤᠷᠤᠯᠴᠠᠭᠰᠠᠳ ᠳᠤᠭᠤᠶᠢᠯᠠᠩ ᠬᠤᠪᠢᠶᠠᠨ ᠶᠠᠷᠢᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠵᠢᠴᠢ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠢ ᠳᠠᠬᠢᠨᠲᠠ ᠰᠤᠷᠤᠯᠴᠠᠵᠤ ᠳᠠᠬᠢᠨ ᠭᠦᠨᠵᠡᠭᠡᠶᠢᠷᠡᠭᠦᠯᠵᠦ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠠᠵᠢᠯ ᠳᠤ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠ ᠰᠢᠯᠲᠠᠭᠠᠨ ᠢ ᠤᠯᠠᠮ ᠨᠢᠭᠡ ᠠᠯᠬᠤᠮ ᠡᠷᠭᠢᠴᠡᠭᠦᠯᠦᠨ ᠪᠤᠳᠤᠵᠤ᠂ ᠮᠠᠨ ᠤ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠰᠡᠳᠬᠢᠴᠡ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠡᠳᠬᠢᠨ ᠰᠦᠪᠡᠭᠴᠢᠯᠡᠵᠦ᠂ ᠬᠤᠳᠠᠯᠳᠤᠭ᠎ᠠ ᠡᠵᠡᠩᠨᠡᠬᠦ ᠨᠠᠩ ᠰᠠᠶᠢᠨ ᠣᠷᠴᠢᠨ ᠲᠤᠭᠤᠷᠢᠨ ᠢ ᠪᠤᠢ ᠪᠣᠯᠭᠠᠬᠤ ᠳᠤ ᠦᠵᠡᠯ ᠰᠠᠨᠠᠭᠠᠨ ᠤ ᠪᠠᠲᠤᠯᠠᠭ᠎ᠠ᠂ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠨ᠎ᠠ ᠭᠡᠪᠡ᠃       ᠲᠤᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ︔ ᠲᠤᠭᠤᠷᠢᠭ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠤᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ︔ ᠪᠤᠷᠤᠬᠤᠰᠢᠭᠤ ᠪᠠᠯᠭᠠᠰᠤᠨ ᠤ ᠨᠠᠮ ᠤᠨ ᠬᠤᠷᠢᠶ᠎ᠠ᠂ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠲᠤᠭᠤᠷᠢᠭ ᠤᠨ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠡᠯ᠎ᠡ ᠣᠯᠣᠰ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠠᠯ ᠳᠤ ᠤᠷᠤᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号