ᠲᠣᠭᠲᠠᠬᠤ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 206 ᠳ᠋ᠤᠭᠠᠷ ᠤᠳᠠᠭᠠᠨ ᠤ ᠬᠤᠷᠠᠯ ᠵᠢᠴᠢ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/18
      11 ᠰᠠᠷ᠎ᠠ ᠶᠢᠨ 13 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 206 ᠳ᠋ᠤᠭᠠᠷ ᠬᠤᠷᠠᠯᠳᠤᠭᠠᠨ ᠵᠢᠴᠢ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠵᠢᠷᠭᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠭᠠᠵᠠᠷ ᠰᠢᠷᠣᠶ ᠶᠢᠨ ᠲᠦᠷᠢᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠲᠠᠭᠠᠭᠴᠢᠯᠠᠯᠳᠠ ᠶᠢᠨ ᠭᠠᠵᠠᠷ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠭᠠᠷᠭᠠᠭᠰᠠᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠪᠣᠯᠤᠨ ᠯᠢ ᠺᠧ ᠴᠢᠶᠠᠩ ᠨᠥᠬᠦᠷ ᠤᠨ ᠵᠢᠭᠠᠪᠤᠷᠢ ᠶᠢᠨ ᠵᠣᠷᠢᠭ ᠰᠠᠨᠠᠭ᠎ᠠ᠂ ᠪᠥᠬᠦ ᠤᠯᠤᠰ ᠤᠨ ᠬᠥᠳᠡᠭᠡ ᠲᠣᠰᠬᠤᠨ ᠤ ᠳᠠᠭᠠᠭᠠᠴᠢᠯᠠᠯᠲᠠ ᠶᠢᠨ ᠭᠠᠵᠠᠷ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠤᠨ ᠳ᠋ᠦᠩᠨᠡᠯᠲᠡ ᠵᠢᠴᠢ ᠬᠥᠬᠢᠭᠦᠯᠦᠨ ᠰᠠᠶᠢᠰᠢᠶᠠᠬᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠡᠩᠰᠡᠯᠡᠯᠲᠡ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠬᠢᠯᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠲᠤᠬᠠᠢ ᠪᠠᠶᠢᠯᠳᠤᠬᠤ ᠪᠤᠳᠤᠯᠭ᠎ᠠ ᠶᠢᠨ ᠰᠣᠩᠭᠤᠯᠲᠠ ᠶᠢ ᠭᠦᠨᠵᠡᠭᠡᠢ ᠣᠶᠢᠯᠠᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ  ᠬᠦᠭᠵᠢᠯᠳᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠤᠭᠳᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠨᠠᠭᠤᠯᠭ᠎ᠠ ᠲᠠᠢ ᠨᠢᠭᠲᠠ  ᠤᠶᠠᠯᠳᠤᠭᠤᠯᠬᠤ ᠬᠡᠷᠡᠭᠲᠡᠢ᠃ ᠪᠦᠬᠦ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠬᠢᠨᠠᠮᠠᠭᠠᠶ ᠵᠠᠰᠠᠪᠤᠷᠢ ᠤᠷᠤᠭᠤᠯᠤᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠦᠬᠡᠬᠤᠳᠠ ᠶᠢᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠲᠠᠢ ᠪᠦᠬᠦ ᠲᠠᠯ᠎ᠠ ᠪᠠᠷ ᠬᠠᠷᠭᠤᠭᠤᠯᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠪᠦᠲᠦᠮᠵᠢᠲᠡᠶ ᠠᠷᠭ᠎ᠠ ᠵᠠᠮ ᠢ ᠣᠨᠣᠪᠴᠢᠲᠠᠶ ᠡᠷᠢᠵᠦ᠂ ᠨᠠᠮ ᠪᠣᠯᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠶ ᠪᠠᠷᠢᠮᠵᠢᠶ᠎ᠠ᠂ ᠪᠣᠳᠠᠲᠠᠶ ᠠᠷᠭ᠎ᠠ ᠪᠠᠷᠢᠯ ᠪᠣᠯᠭᠠᠨ ᠬᠤᠪᠢᠷᠠᠭᠤᠯᠵᠤ᠂ ᠲᠥᠯᠥᠪᠵᠢᠭᠦᠯᠭᠡ ᠳᠡᠭᠡᠨ ᠨᠠᠷᠢᠯᠢᠭ ᠨᠠᠶᠢᠳᠠᠪᠦᠷᠢᠵᠢᠭᠤᠯᠵᠦ᠂ ᠲᠣᠭᠲᠠᠬᠤ ᠶᠢᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠤᠨ᠎ᠠ ᠭᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠥᠭᠡᠷᠡᠴᠢᠯᠡᠯᠲᠡ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠲᠤ ᠦᠶ᠎ᠡ ᠶᠢᠨ ᠴᠢᠨᠠᠷᠲᠠᠶ ᠰᠢᠨ᠎ᠡ ᠤᠨᠴᠠᠯᠢᠭ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ ᠬᠠᠷᠠᠯᠲᠠ ᠬᠡᠷᠡᠭᠴᠡᠭᠡ ᠶᠢᠨ ᠤᠳᠤᠷᠢᠳᠤᠮᠵᠢ ᠪᠣᠯᠤᠨ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠡᠷᠴᠢᠮ ᠢ ᠦᠷᠭᠦᠯᠵᠢᠯᠡᠨ ᠬᠦᠴᠦᠯᠡᠨ ᠴᠢᠩᠭᠠᠷᠠᠭᠤᠯᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠠᠯᠢ ᠣᠯᠠᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢᠨ ᠲᠣᠭᠤᠷᠢᠨ ᠳᠤ᠂ ᠮᠠᠨ ᠤ ᠰᠢᠶᠠᠨ ᠤ ᠬᠤᠶᠢᠰᠢᠳᠠ ᠶᠢᠨ ᠨᠢᠭᠡ ᠬᠤᠭᠤᠴᠠᠭᠠᠨ ᠤ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠲᠦᠯᠦᠪᠯᠡᠵᠦ᠂ ᠤᠷᠢᠳᠴᠢᠯᠠᠨ ᠪᠠᠶᠢᠷᠢᠯᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠨ᠎ᠠ᠃ ᠨᠢᠭᠡ ᠪᠦᠯᠦᠭ ᠴᠢᠨᠠᠷ ᠪᠦᠬᠦᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠰᠠᠨᠠᠭᠠᠴᠢᠯᠠᠭᠠᠲᠤ ᠪᠠᠶᠢᠷᠢ ᠶᠢ ᠣᠯᠵᠤ᠂ ᠲᠠᠪᠠᠭᠤᠯᠢᠭ ᠪᠠᠶᠢᠷᠢ ᠶᠢ ᠦᠨᠡᠨ ᠬᠦ ᠤᠯᠬᠤ ᠶᠢᠨ ᠬᠠᠮᠲᠤ ᠪᠣᠳᠠᠲᠠᠶ ᠳᠤ ᠨᠠᠶᠢᠳᠠᠪᠤᠷᠢᠵᠢᠭᠤᠯᠵᠤ ᠪᠣᠳᠠᠲᠤ ᠦᠷ᠎ᠡ ᠪᠦᠳᠦᠮᠵᠢ ᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠭᠦᠨᠴᠡ ᠶᠢ ᠥᠷᠭᠡᠳᠬᠡᠬᠦ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠣᠶᠢᠯᠠᠭᠠᠵᠤ᠂ ᠲᠠᠷᠢᠶᠠᠴᠢᠳ ᠤᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ ᠪᠠᠷ ᠡᠬᠢᠯᠡᠯᠲᠡ ᠶᠢᠨ ᠴᠡᠭ ᠪᠣᠯᠤᠨ ᠦᠷ᠎ᠡ ᠳ᠋ᠦᠩ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠲᠠᠷᠢᠶᠠᠴᠢᠳ ᠤᠨ ᠬᠠᠮᠲᠤ ᠶᠢᠨ ᠥᠮᠴᠢᠯᠡᠯ ᠢ ᠭᠤᠶᠢᠪᠢᠰᠢ ᠦᠭᠡᠶ ᠪᠠᠷᠢᠮᠳᠠᠯᠠᠵᠦ᠂ ᠡᠷᠦᠬᠡ ᠳᠤ ᠳᠠᠭᠠᠭᠠᠴᠢᠯᠠᠭᠤᠯᠤᠨ ᠡᠵᠡᠩᠨᠡᠭᠦᠯᠬᠦ ᠰᠠᠭᠤᠷᠢ ᠴᠢᠨᠠᠷᠲᠠᠶ ᠪᠠᠶᠢᠷᠢ ᠰᠠᠭᠤᠷᠢ ᠶᠢ ᠭᠤᠶᠢᠪᠢᠰᠢ ᠥᠬᠡᠶ ᠪᠠᠷᠢᠮᠳᠠᠯᠠᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠳᠠ‌‍ᠶᠢ ᠲᠡᠷᠡ ᠶᠣᠰᠣᠭᠠᠷ ᠨᠢ ᠮᠠᠨ ᠤ ᠰᠢᠶᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠳ ᠶᠡᠷᠦᠩᠬᠡᠶ ᠱᠦᠵᠢ ᠰᠢ ᠶᠢᠨ ᠫᠢᠩ ᠤᠨ  ᠲᠤᠯᠤᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠦᠷᠢᠳᠬᠡᠯ ᠳᠤ  ᠤᠷᠤᠯᠴᠠᠬᠤ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠤᠶᠢᠯᠠᠭᠠᠵᠦ᠂ ᠡᠷᠦᠬᠡ ᠳᠤ ᠵᠢᠩᠬᠢᠨᠢ ᠪᠠᠷ ᠣᠷᠣᠵᠤ ᠳᠠᠩᠰᠠᠯᠠᠭᠤᠯᠬᠤ ᠶᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ ᠬᠡᠷᠡᠭᠲᠡᠶ᠃ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠳᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠡᠪ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠥᠷᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠴᠤᠭᠯᠠᠭᠤᠯᠬᠤ ᠦᠷ᠎ᠡ ᠪᠦᠲᠦᠮᠵᠢ ᠪᠠ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ  ᠪᠠᠳᠤᠯᠠᠬᠤ ᠬᠡᠷᠡᠭᠳᠡᠢ ᠭᠡᠵᠦ ᠵᠢᠭᠠᠨ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ᠂ ᠰᠦᠨ ᠰᠢᠶᠦ᠋ᠨ᠂ ᠶᠦᠨ ᠷᠦᠢ ᠵᠢᠶᠦ᠋ᠨ ᠵᠢᠴᠢ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号