ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/18
ᠸᠠᠩ ᠯᠢ ᠰᠢᠶᠠ ᠡᠷᠬᠢᠯᠡᠵᠦ ᠵᠠᠩ ᠪᠠᠢ ᠴᠧᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠢ ᠶᠢᠨ ᠲᠠᠯᠠᠪᠤᠷ ᠲᠤ ᠰᠤᠳᠤᠯᠤᠨ ᠰᠢᠢᠳᠪᠦᠷᠢᠯᠡᠪᠡ᠃      ᠬᠤᠷᠠᠯ ᠳᠡᠭᠡᠷ᠎ᠡ᠂ ᠸᠠᠩ ᠯᠢ ᠰᠢᠶᠠ ᠬᠤᠷᠠᠯ ᠳᠤ ᠣᠷᠣᠯᠴᠠᠭᠰᠠᠳ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠴᠢᠬᠤᠯᠠᠴᠢᠯᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠢᠯᠢ ᠶᠢᠨ ᠣᠳᠣ ᠦᠶ᠎ᠡ ᠶᠢᠨ ᠣᠶᠤᠨᠲᠤ ᠡᠷᠡᠭᠦᠯ ᠮᠡᠨᠳᠦ ᠶᠢᠨ ᠬᠥᠨᠳᠡᠢ ᠲᠥᠷᠥᠯ ᠵᠦᠢᠯ ᠢᠶᠠᠷ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠴᠢᠬᠤᠯᠠ ᠠᠴᠢᠶᠠᠯᠠᠪᠤᠷᠢ ᠪᠣᠯᠭᠠᠵᠤ᠂ ᠲᠣᠭᠠᠴᠢᠯᠠᠭᠰᠠᠨ᠂ ᠣᠶᠤᠨᠴᠢᠯᠠᠭᠰᠠᠨ᠂ ᠤᠬᠠᠭᠠᠨᠴᠢᠯᠠᠭᠰᠠᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ ᠣᠷᠣᠨ ᠨᠤᠲᠤᠭ ᠢ ᠠᠭᠤᠰᠤᠯᠴᠠᠭᠤᠯᠵᠤ᠂ ᠠᠵᠤ ᠦᠢᠯᠡᠰ ᠬᠤᠲᠠ ᠪᠠᠯᠭᠠᠰᠤ ᠶᠢ ᠠᠭᠤᠰᠤᠯᠴᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠨᠳᠥᠷ ᠬᠤᠷᠳᠤᠴᠠ ᠪᠠᠷ ᠥᠨᠳᠥᠷ ᠪᠦᠲᠦᠮᠵᠢ ᠲᠠᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ︽ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠶ ᠠᠯᠲᠠᠨ ᠠᠭᠤᠯᠠ ᠮᠥᠩᠭᠦᠨ ᠠᠭᠤᠯᠠ ᠮᠥᠨ︾ ᠣᠶᠢᠯᠠᠭᠠᠭᠳᠠᠬᠤᠨ ᠢ ᠪᠠᠲᠤᠵᠢᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤᠮᠳᠠ ᠠᠷᠭ᠎ᠠ ᠪᠦᠬᠦᠨ ᠢ ᠰᠦᠪᠡᠭᠴᠢᠯᠡᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠨ ᠬᠠᠮᠠᠭᠠᠯᠠᠬᠤ ᠬᠡᠷᠡᠭᠲᠡᠢ᠃ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠲᠣᠳᠣᠷᠬᠠᠶᠢᠯᠠᠭᠰᠠᠨ ᠤᠴᠢᠷ ᠶᠠᠪᠤᠳᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠭᠦᠷᠭᠡ ᠬᠠᠷᠠᠯᠲᠠ ᠪᠠᠨ ᠴᠢᠩᠭ᠎ᠠ ᠠᠳᠬᠤᠵᠤ᠂ ᠪᠦᠲᠦᠭᠡᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠳᠠᠷᠤᠰᠢᠭᠤᠯᠤᠨ ᠪᠣᠳᠠᠲᠠᠶᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠥᠯᠥᠪᠯᠡᠵᠦ᠂ ᠬᠠᠷᠢᠭᠤᠴᠠᠯᠭ᠎ᠠ ᠶᠢ ᠬᠥᠮᠥᠨ ᠳᠤ ᠪᠣᠳᠠᠲᠠᠶᠢᠵᠢᠭᠤᠯᠵᠤ᠂  ᠨᠢᠭᠲᠠ ᠬᠠᠷᠢᠯᠴᠠᠵᠤ᠂ ᠬᠠᠮᠵᠢᠯᠴᠠᠨ ᠵᠣᠬᠢᠴᠠᠯᠳᠤᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠷᠣᠰᠢᠵᠤ ᠪᠠᠶᠢᠭ᠎ᠠ ᠬᠤᠭᠤᠯᠠᠢ ᠤᠲᠠᠰᠤ ᠶᠢ ᠰᠢᠯᠵᠢᠭᠦᠯᠬᠦ᠂ ᠭᠠᠵᠠᠷ ᠬᠡᠷᠡᠭᠯᠡᠬᠦ ᠵᠡᠷᠭᠡ ᠶᠢ ᠪᠠᠭᠲᠠᠭᠠᠭᠰᠠᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠢ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠪᠠᠳᠤᠯᠠᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠢᠦ ᠴᠧᠩ ᠮᠢᠨ᠂ ᠪᠢ ᠭᠥᠸᠧ ᠴᠧᠨ᠂ ᠶᠦᠨ ᠰᠢᠨ ᠮᠢᠩ ᠵᠢᠴᠢ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠢᠯᠢ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号