ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠲᠣᠬᠢᠷᠠᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ | ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠪᠠᠲᠤᠵᠢᠭᠤᠯᠤᠨ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠦᠨᠡᠨᠬᠦ ᠠᠷᠠᠳ ᠤᠨ ᠪᠠᠶᠢᠳᠠᠯ ᠢ ᠣᠶᠢᠯᠠᠭᠠᠵᠤ᠂ ᠠᠷᠠᠳ ᠤᠨ ᠠᠰᠢᠭ ᠲᠤᠰᠠ ᠶᠢ | ᠬᠠᠮᠠᠭᠠᠯᠠᠵᠤ᠂ ᠠᠷᠠᠳ ᠤᠨ ᠭᠤᠮᠤᠳᠠᠯ ᠢ ᠠᠷᠢᠯᠭᠠᠨ᠂ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠠᠵᠢᠯ | ᠪᠣᠯᠭᠠᠵᠤ᠂ ᠣᠯᠠᠨ ᠲᠦᠮᠡᠨ ᠤ ᠬᠠᠨᠤᠮᠵᠢ ᠲᠠᠢ ᠡᠰᠡᠬᠦ ᠪᠠᠷ ᠵᠣᠷᠢᠯᠲᠠ ᠪᠣᠯᠭᠠᠨ᠂ ᠬᠦᠴᠦᠨ ᠢᠶᠠᠨ ᠲᠥᠪᠯᠡᠷᠡᠭᠦᠯᠦᠨ᠂ | ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ | ᠬᠦᠴᠦᠨ ᠢᠶᠠᠷ ᠢᠶᠠᠨ ᠰᠠᠶᠢᠨ ᠬᠢᠬᠦ ᠬᠡᠷᠡᠭᠲᠡᠢ ᠭᠡᠪᠡ᠃ | ᠬᠤᠷᠠᠯ ᠳᠡᠭᠡᠷ᠎ᠡ᠂ ᠸᠠᠩ ᠯᠢ ᠰᠢᠶᠠ ᠪᠦᠬᠦ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠵᠢᠭᠠᠬᠤ ᠳᠠᠭᠠᠨ᠂ | ᠣᠳᠣᠬᠠᠨ ᠳᠤ ᠪᠢᠳᠠᠨ ᠶᠠᠭ ᠠᠵᠤ ᠠᠬᠤᠢ ᠪᠠ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠤᠭᠤᠴᠠᠭᠠᠨ ᠳᠤ | ᠣᠷᠣᠰᠢᠵᠤ᠂ ᠳᠡᠭᠡᠷ᠎ᠡ ᠠᠴᠠ ᠨᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ | ᠬᠦᠴᠦᠨ ᠵᠦᠢᠯ ᠤᠨ ᠨᠥᠯᠥᠭᠡ ᠶᠢ ᠬᠦᠷᠲᠡᠨ᠂ ᠵᠥᠷᠢᠴᠡᠯ ᠳᠠᠪᠬᠤᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ | ᠦᠢᠯᠡᠳᠦᠯ ᠨᠡᠩ ᠳᠣᠪᠣᠶᠢᠮ᠎ᠠ ᠪᠣᠯᠵᠤ᠂ ᠡᠭᠦᠷᠭᠡ ᠨᠡᠩ ᠬᠠᠲᠠᠭᠤᠵᠢᠯᠲᠠᠢ ᠪᠣᠯᠵᠠᠢ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠠᠪᠤᠴᠠ ᠶᠢ ᠨᠠᠮ ᠤᠨ ᠣᠯᠠᠨ ᠲᠦᠮᠡᠨᠴᠢ ᠱᠤᠭᠤᠮ ᠢ | ᠦᠢᠯᠡᠳᠦᠯᠭᠡᠵᠢᠭᠦᠯᠬᠦ ᠪᠠ ᠣᠯᠠᠨ ᠲᠦᠮᠡᠨ ᠤ ᠠᠵᠢᠯ ᠢ ᠰᠠᠶᠢᠨ ᠬᠢᠬᠦ ᠶᠠᠪᠤᠴᠠ ᠪᠣᠯᠭᠠᠨ᠂ ᠵᠠᠬᠢᠳᠠᠯ | ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠣᠯᠭᠠᠮ᠎ᠠ | ᠰᠡᠳᠬᠢᠯᠭᠡ ᠶᠢ ᠦᠨᠡᠨᠬᠦ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠨ ᠰᠡᠳᠬᠢᠯ ᠠᠴᠠ ᠪᠠᠨ | ᠴᠢᠷᠮᠠᠶᠢᠨ ᠰᠠᠶᠢᠲᠤᠷ ᠬᠢᠵᠦ᠂ ᠠᠷᠠᠳ ᠣᠯᠠᠨ ᠲᠦᠮᠡᠨ ᠤ ᠬᠦᠰᠡᠵᠦ ᠡᠷᠡᠮᠡᠯᠵᠡᠭᠰᠡᠨ ᠤᠴᠢᠷ ᠳᠤ ᠢᠳᠡᠪᠬᠢᠲᠡᠢ | ᠬᠠᠷᠢᠭᠤ ᠲᠤᠰᠬᠠᠵᠤ᠂ ᠠᠷᠠᠳ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠬᠢᠭᠡᠳ | ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃ | ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠲᠠ ᠶᠢᠨ ᠲᠡᠰ ᠤᠨ ᠤᠳᠤᠷᠢᠳᠤᠯᠭ᠎ᠠ ᠨᠠᠷ ᠥᠪᠡᠷ ᠤᠨ | ᠪᠡᠶ᠎ᠡ ᠪᠠᠷ ᠢᠶᠠᠨ ᠲᠣᠬᠢᠷᠠᠭᠤᠯᠵᠤ᠂ ᠬᠤᠲᠠ᠂ ᠰᠢᠶᠠᠨ᠂ ᠰᠢᠶᠠᠩ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ | ᠂ ᠲᠣᠰᠬᠤᠨ ︵ᠨᠡᠶᠢᠭᠡᠮ ᠲᠣᠭᠤᠷᠢᠭ︶ ᠳᠥᠷᠪᠡᠨ ᠱᠠᠲᠤᠨ ᠤ ᠱᠦᠵᠢ ᠲᠣᠯᠣᠭᠠᠶᠢᠯᠠᠨ ᠰᠢᠢᠳᠪᠦᠷᠢᠯᠡᠵᠦ᠂ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠪᠡᠶ᠎ᠡ ᠪᠠᠷ ᠢᠶᠠᠨ ᠣᠷᠣᠯᠴᠠᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ | ᠮᠥᠷᠭᠦᠯᠳᠦᠭᠡᠨ ᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠡᠯ᠎ᠡ ᠲᠠᠯ᠎ᠠ ᠶᠢᠨ | ᠡᠬᠢ ᠰᠤᠷᠪᠤᠯᠵᠢ ᠶᠢ ᠨᠡᠶᠢᠳᠬᠡᠨ ᠠᠰᠠᠭᠤᠳᠠᠯ ᠢ ᠰᠢᠢᠳᠪᠦᠷᠢᠯᠡᠬᠦ ᠨᠡᠶᠢᠯᠡᠯ ᠬᠦᠴᠦᠨ ᠢ ᠪᠦᠷᠢᠯᠳᠦᠭᠦᠯᠵᠦ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠨ ᠨᠠᠷᠢᠯᠢᠭ ᠠᠳᠬᠤᠵᠤ᠂ ︽ᠬᠡᠷᠡᠭ ᠤᠴᠢᠷ | ᠰᠡᠳᠬᠢᠯ ᠰᠠᠨᠠᠭ᠎ᠠ ᠬᠤᠶᠠᠭᠤᠯᠠ ᠶᠢ ᠰᠢᠢᠳᠪᠦᠷᠢᠯᠡᠬᠦ︾ ︽ᠬᠡᠷᠡᠭ ᠢ ᠰᠢᠢᠳᠪᠦᠷᠢᠯᠡᠵᠦ ᠤᠴᠢᠷ ᠢ ᠪᠠᠷᠠᠭᠠᠬᠤ︾ ᠪᠠᠷ | ᠬᠠᠷᠠᠯᠲᠠ ᠪᠣᠯᠭᠠᠨ᠂ ᠠᠰᠠᠭᠤᠳᠠᠯ ᠢ ᠴᠣᠬᠤᠶᠢᠵᠤ ᠪᠠᠶᠢᠬᠤ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤᠨᠢ | ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ ᠭᠡᠪᠡ᠃ | ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ ᠵᠢᠴᠢ ᠬᠡᠰᠡᠭ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ | ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠬᠤ ᠨᠥᠬᠦᠳ ᠬᠤᠷᠠᠯ ᠳᠤ ᠣᠷᠣᠯᠴᠠᠪᠠ | ᠃ |