11 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ | ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠫᠦᠳᠦ᠋ᠩ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠭᠰᠡᠨ 30 | ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠵᠢᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠢ ᠡᠷᠬᠢᠯᠡᠵᠡᠢ᠃ | ᠬᠤᠷᠠᠯ ᠠᠴᠠ᠂ ᠡᠯ᠎ᠡ ᠪᠠᠯᠭᠠᠰᠤ᠂ ᠠᠵᠤ ᠦᠢᠯᠡᠳᠪᠦᠷᠢ ᠶᠢᠨ ᠬᠦᠷᠢᠶᠡᠯᠡᠩ᠂ ᠡᠯ᠎ᠡ ᠰᠠᠯᠠᠭ᠎ᠠ ᠮᠥᠴᠢᠷ ᠤᠨ ᠬᠢᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠤᠶᠢᠯᠠᠭᠠᠵᠦ᠂ ᠨᠠᠮ ᠤᠨ ᠲᠥᠪ ᠬᠤᠷᠢᠶᠠᠨ ᠤ ᠴᠠᠭ ᠢ ᠦᠵᠡᠨ ᠪᠠᠶᠢᠳᠠᠯ ᠢ ᠰᠢᠨᠵᠢᠵᠦ᠂ ᠮᠠᠨ ᠤ ᠤᠯᠤᠰ ᠤᠨ | ᠥᠭᠡᠷᠡᠴᠢᠯᠡᠯᠲᠡ ᠨᠡᠭᠡᠭᠡᠯᠳᠡ ᠶᠢ ᠠᠬᠢᠭᠤᠯᠬᠤ ᠡᠷᠡᠰ ᠪᠠᠲᠤ ᠵᠣᠷᠢᠭ ᠢ ᠭᠦᠨᠵᠡᠭᠡᠢ ᠲᠠᠨᠢᠵᠤ᠂ ᠶᠡᠷᠦᠩᠬᠡᠶ ᠱᠦᠵᠢ ᠶᠢᠨ | ᠴᠢᠬᠤᠯᠠ ᠶᠠᠷᠢᠶ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠴᠤ᠂ ᠵᠣᠷᠢᠭᠲᠠᠶ ᠬᠢᠵᠦ ᠵᠣᠷᠢᠭᠲᠠᠶ | ᠲᠤᠷᠰᠢᠬᠤ ᠣᠶᠤᠨ ᠤᠬᠠᠭᠠᠨ ᠢᠶᠠᠨ ᠨᠡᠮᠡᠭᠳᠡᠭᠦᠯᠵᠦ᠂ ᠫᠦᠳᠦ᠋ᠩ ᠤᠨ ᠥᠭᠡᠷᠡᠴᠢᠯᠡᠯᠲᠡ ᠨᠡᠭᠡᠭᠡᠯᠲᠡ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠬᠤᠲᠠ ᠶᠢᠨ ᠵᠠᠰᠠᠯᠲᠠ ᠵᠡᠷᠭᠡ ᠲᠠᠯ᠎ᠠ ᠪᠠᠷ ᠬᠢ ᠠᠮᠵᠢᠯᠲᠠ ᠲᠠᠢ | ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠯᠠᠪᠯᠠᠯᠲᠠ ᠪᠣᠯᠭᠠᠵᠤ᠂ ᠮᠠᠨ ᠤ ᠤᠯᠤᠰ ᠤᠨ ᠰᠢᠨ᠎ᠡ ᠬᠥᠭᠵᠢᠯᠲᠡ ᠶᠢᠨ | ᠱᠠᠲᠤᠨ ᠳᠤ ᠤᠷᠤᠭᠰᠠᠨ ᠶᠡᠭᠡ ᠲᠠᠯ᠎ᠠ ᠠᠴᠠ ᠡᠭᠦᠰᠴᠦ᠂ ᠨᠠᠩ ᠥᠨᠳᠥᠷ ᠡᠬᠢᠯᠡᠯᠲᠡ᠂ ᠨᠠᠩ ᠥᠨᠳᠥᠷ ᠳᠡᠰ | ᠳᠠᠪᠬᠤᠷᠭ᠎ᠠ ᠳᠡᠭᠡᠷ᠎ᠡ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠥᠭᠵᠢᠯᠲᠡ ᠶᠢᠨ ᠰᠡᠳᠬᠢᠮᠵᠢ ᠠᠷᠭ᠎ᠠ ᠬᠡᠮᠵᠢᠶ᠎ᠡ ᠶᠢ | ᠰᠦᠪᠡᠭᠴᠢᠯᠡᠵᠦ᠂ ᠨᠠᠩ ᠪᠠᠲᠤ ᠢᠲᠡᠭᠡᠯ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠪᠥᠬᠦ ᠰᠢᠶᠠᠨ ᠤ | ᠥᠭᠡᠷᠡᠴᠢᠯᠡᠯᠲᠡ ᠬᠦᠭᠵᠢᠯᠳᠡ ᠲᠣᠭᠲᠠᠭᠤᠨ ᠤ ᠡᠯ᠎ᠡ ᠵᠦᠢᠯ ᠤᠨ ᠠᠵᠢᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ | ᠬᠡᠷᠡᠭᠳᠡᠢ ᠭᠡᠵᠦ ᠴᠦᠬᠤᠯᠠᠴᠢᠯᠠᠪᠠ᠃ | ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠨᠠᠢᠮᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠤᠨ ᠬᠥᠬᠡᠬᠤᠲᠠ ᠳᠤ ᠲᠣᠭᠤᠷᠢᠨ ᠪᠠᠶᠢᠴᠠᠭᠠᠯᠲᠠ ᠬᠢᠬᠦ ᠦᠶ᠎ᠡ ᠶᠢᠨ ᠵᠢᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ | ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ | ᠲᠠᠨᠢᠵᠤ ᠠᠪᠬᠤ᠂ ᠳ᠋ᠤᠭᠠᠷ ᠢᠶᠠᠷ ᠢᠶᠠᠨ ᠰᠠᠭᠤᠬᠤ᠂ ᠪᠠᠷᠢᠮᠵᠢᠶ᠎ᠠ ᠲᠠᠢ ᠬᠠᠷᠭᠤᠭᠤᠯᠵᠤ᠂ ᠨᠢᠭᠡ ᠠᠴᠠ ᠨᠥᠭᠦᠭᠡ ᠶᠢ | ᠮᠡᠳᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠶ | ᠥᠷᠨᠢᠭᠦᠯᠵᠦ᠂ ᠡᠶᠢᠮᠦᠷᠬᠦ ᠠᠰᠠᠭᠤᠳᠠᠯ ᠪᠠ ᠠᠵᠢᠯ ᠤᠨ ᠳᠤᠲᠠᠭᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠲᠣᠭᠲᠠᠭᠠᠵᠤ᠂ ᠦᠳᠲᠡᠷ ᠲᠦᠷᠭᠡᠨ ᠬᠥᠳᠡᠯᠦᠯᠴᠡᠵᠦ᠂ ᠴᠡᠭᠴᠡᠯᠡᠨ | ᠰᠠᠶᠢᠵᠢᠷᠠᠭᠤᠯᠬᠤ ᠨᠠᠶᠢᠳᠠᠪᠤᠷᠢᠵᠢᠭᠤᠯᠬᠤ ᠶᠢ ᠡᠷᠡᠰ ᠰᠠᠶᠢᠲᠤᠷ ᠠᠳᠬᠤᠨ᠎ᠠ᠃ ᠤᠷᠳᠤ ᠬᠤᠭᠤᠴᠠᠭᠠᠨ ᠤ ᠡᠭᠦᠷᠭᠡ ᠳᠤ | ᠲᠦᠷᠢᠮ ᠲᠣᠭᠲᠠᠭᠠᠯ ᠲᠣᠭᠲᠠᠭᠠᠵᠤ᠂ ᠤᠷᠳᠤ ᠬᠤᠭᠤᠴᠠᠭ᠎ᠠ ᠪᠠᠷ ᠵᠠᠰᠠᠬᠤ ᠪᠠᠶᠢᠩᠭᠤ ᠶᠢᠨ ᠦᠷ᠎ᠡ ᠪᠦᠲᠦᠮᠵᠢ ᠣᠯᠵᠤ᠂ | ᠲᠣᠭᠤᠷᠢᠨ ᠪᠠᠶᠢᠴᠠᠭᠠᠬᠤ ᠠᠵᠢᠯ ᠤᠨ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠳᠦᠮᠵᠢ ᠶᠢ ᠲᠠᠰᠤᠷᠠᠯᠳᠠ ᠦᠭᠡᠢ | ᠪᠠᠬᠢᠵᠢᠭᠦᠯᠬᠦ ᠬᠡᠷᠡᠭᠲᠡᠢ ᠭᠡᠵᠦ ᠱᠠᠭᠠᠠᠷᠳᠠᠪᠠ᠃ | ᠯᠢᠦ ᠵᠢᠶ ᠶᠢᠩ᠂ ᠰᠦᠨ ᠰᠢᠶᠦ᠋ᠨ᠂ ᠶᠦᠨ ᠷᠦᠢ ᠵᠢᠶᠦ᠋ᠨ᠂ ᠲᠢᠶᠠᠨ ᠸᠧᠨ ᠺᠧ ᠵᠡᠷᠭᠡ ᠰᠢᠶᠠᠨ ᠭᠠᠵᠠᠷ ᠤᠨ | ᠲᠡᠰ ᠤᠨ ᠤᠳᠤᠷᠢᠳᠤᠯᠭ᠎ᠠ᠂ ᠡᠯ᠎ᠡ ᠪᠠᠯᠭᠠᠰᠤ᠂ ᠾᠧ ᠺᠸᠤ ᠬᠠᠮᠢᠶᠠᠷᠤᠯᠲᠠ ᠶᠢᠨ ᠵᠥᠪᠯᠡᠯ᠂ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭᠠᠳᠠᠨ ᠬᠤᠷᠠᠯ ᠳᠤ ᠣᠷᠣᠯᠴᠠᠪᠠ᠃ |