ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2020 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠢᠭᠡᠳᠦᠭᠡᠷ ᠬᠤᠭᠤᠴᠠᠭ᠎ᠠ ᠶᠢᠨ ᠲᠤᠰᠬᠠᠢ ᠰᠡᠳᠦᠪᠲᠦ ᠡᠭᠡᠯᠵᠢᠲᠦ ᠪᠣᠯᠪᠠᠰᠤᠷᠠᠭᠤᠯᠤᠯ ᠶᠠᠪᠤᠭᠳᠠᠪᠠ
ᠨᠡᠶᠢᠲᠡᠯᠡᠭᠰᠡᠨ ᠴᠠᠭ᠄
2020/11/19
ᠸᠠᠩ ᠯᠢ ᠰᠢᠶᠠ ᠤᠬᠠᠭᠤᠯᠤᠨ ᠲᠠᠶᠢᠯᠪᠤᠷᠢᠯᠠᠵᠤ ᠵᠠᠩ ᠪᠠᠢ ᠴᠧᠩ ᠡᠷᠬᠢᠯᠡᠵᠦ  ᠶᠦᠨ ᠵᠢᠶᠠᠨ ᠳ᠋ᠦᠩ  ᠰᠦᠨ ᠵᠢᠶᠠᠨ ᠬᠤᠸᠠ  ᠯᠥᠸᠧ ᠴᠢᠩ  ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2020 ᠣᠨ ᠤ 16 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠨᠢᠭᠡᠳᠦᠭᠡᠷ ᠬᠤᠭᠤᠴᠠᠭ᠎ᠠ ᠶᠢᠨ ᠲᠤᠰᠬᠠᠢ ᠰᠡᠳᠦᠪᠲᠦ ᠡᠭᠡᠯᠵᠢᠲᠦ ᠪᠣᠯᠪᠠᠰᠤᠷᠠᠭᠤᠯᠤᠯ ᠤᠨ ᠠᠩᠭᠢ ᠰᠤᠷᠤᠯᠭ᠎ᠠ ᠡᠬᠢᠯᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠤᠷᠪᠠᠨ ᠲᠠᠯ᠎ᠠ ᠠᠴᠠ ᠭᠦᠨᠵᠡᠭᠡᠢ ᠪᠦᠭᠡᠳ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠪᠠ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠪᠦᠬᠦ ᠬᠤᠲᠠ ᠶᠢᠨ ᠣᠳᠣᠬᠠᠨ ᠤ ᠪᠠ ᠳᠠᠷᠠᠭᠠᠴᠢ ᠶᠢᠨ ᠨᠢᠭᠡ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠮᠲᠤ ᠶᠢᠨ ᠰᠤᠷᠤᠯᠴᠠᠯᠭ᠎ᠠ᠂ ᠥᠪᠡᠷ ᠤᠨ ᠰᠤᠷᠤᠯᠴᠠᠯᠭ᠎ᠠ᠂ ᠵᠢᠯᠣᠭᠤᠳᠤᠯᠭ᠎ᠠ ᠳᠣᠣᠷᠠᠬᠢ ᠰᠤᠷᠤᠯᠴᠠᠯᠭ᠎ᠠ ᠪᠠ ᠰᠤᠳᠤᠯᠤᠨ  ᠶᠠᠷᠢᠯᠴᠠᠵᠤ ᠰᠤᠷᠤᠯᠴᠠᠬᠤ ᠪᠠᠷ ᠳᠠᠮᠵᠢᠨ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯᠳᠤᠭᠠᠨ ᠤ ᠵᠣᠷᠢᠭ ᠰᠠᠨᠠᠭᠠᠨ ᠳᠡᠭᠡᠷ᠎ᠡ ᠦᠨᠡᠨᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠣᠶᠣᠨ ᠤᠬᠠᠭᠠᠨ ᠬᠦᠴᠦᠨ ᠴᠢᠳᠠᠯ ᠢᠶᠠᠨ ᠪᠦᠭᠦᠳᠡ ᠬᠤᠷᠠᠯᠳᠤᠭᠠᠨ ᠳᠡᠭᠡᠷ᠎ᠡ ᠲᠣᠭᠲᠠᠭᠠᠭᠰᠠᠨ ᠡᠯ᠎ᠡ ᠵᠦᠢᠯ ᠤᠨ ᠡᠭᠦᠷᠭᠡ ᠬᠠᠷᠠᠯᠲᠠ ᠶᠢ ᠨᠠᠶᠢᠳᠠᠪᠤᠷᠢᠵᠢᠭᠤᠯᠬᠤ ᠳᠡᠭᠡᠷ᠎ᠡ ᠨᠢᠭᠲᠠᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠰᠢᠨ᠎ᠡ ᠬᠥᠭᠵᠢᠯᠲᠡ ᠶᠢᠨ ᠪᠠᠶᠢᠳᠠᠯ᠂ ᠰᠢᠨ᠎ᠡ ᠬᠥᠭᠵᠢᠯᠲᠡ ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠪᠠᠶᠢᠷᠢᠰᠢᠯ᠂ ᠰᠢᠨ᠎ᠡ ᠬᠥᠭᠵᠢᠯᠲᠡ ᠶᠢᠨ ᠬᠠᠷᠠᠯᠲᠠ᠂ ᠰᠢᠨ᠎ᠡ ᠬᠥᠭᠵᠢᠯᠲᠡ ᠶᠢᠨ ᠡᠭᠦᠷᠭᠡ ᠶᠢ ᠰᠡᠳᠬᠢᠯ ᠲᠠᠯᠪᠢᠨ ᠤᠬᠠᠵᠤ ᠤᠶᠢᠯᠠᠭᠠᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ ᠲᠣᠭᠲᠠᠭᠠᠭᠰᠠᠨ ᠡᠭᠦᠷᠭᠡ ᠬᠠᠷᠠᠯᠲᠠ᠂ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ   ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠬᠥᠬᠡᠬᠤᠲᠠ ᠳᠤ ᠳᠤᠷᠠᠳᠤᠭᠰᠠᠨ ︽ᠡᠮᠦᠨ᠎ᠡ ᠨᠢ ᠶᠠᠪᠤᠵᠤ᠂ ᠳᠠᠭᠤᠷᠢᠶᠠᠯ ᠪᠣᠯᠬᠤ ︾ ᠱᠠᠭᠠᠷᠳᠠᠯᠭ᠎ᠠ ᠶᠣᠰᠣᠭᠠᠷ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠠᠷᠠᠳ ᠲᠦᠮᠡᠨ ᠢᠶᠠᠷ ᠭᠤᠣᠯ ᠪᠣᠯᠭᠠᠬᠤ᠂ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠪᠠ ᠠᠮᠤᠷ ᠲᠦᠪᠰᠢᠨ ᠢ ᠪᠦᠬᠦ ᠶᠠᠪᠤᠴᠠ ᠳᠤ ᠲᠤᠭᠤᠰᠢᠯᠠᠭᠤᠯᠵᠤ᠂ ᠪᠦᠲᠦᠭᠡᠯᠴᠢ ᠲᠥᠪ ᠬᠤᠲᠠ᠂ ᠠᠮᠢ ᠠᠬᠤᠢ ᠶᠢᠨ ᠲᠥᠪ ᠬᠤᠲᠠ᠂ ᠴᠢᠨᠠᠷᠯᠢᠭ ᠲᠥᠪ ᠬᠤᠲᠠ᠂ ᠵᠣᠯ ᠵᠢᠷᠭᠠᠯᠲᠤ ᠲᠥᠪ ᠬᠤᠲᠠ᠂ ᠰᠣᠶᠣᠯ ᠤᠨ ᠲᠥᠪ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠨ᠂ ᠪᠣᠳᠠᠲᠤ ᠬᠦᠴᠦᠨ ᠢᠶᠠᠷ ᠨᠡᠩ ᠬᠦᠴᠦᠷᠬᠡᠭ᠂ ᠶᠠᠰᠤ ᠴᠢᠨᠠᠷ ᠢᠶᠠᠷ ᠨᠡᠩ ᠥᠨᠳᠥᠷ᠂ ᠬᠤᠲᠠ ᠬᠥᠳᠡᠭᠡ ᠨᠢ ᠨᠡᠩ ᠭᠤᠶᠣ ᠰᠠᠶᠢᠬᠠᠨ᠂ ᠠᠷᠠᠳ ᠤᠨ ᠠᠮᠢᠳᠤᠷᠠᠯ ᠨᠢ ᠨᠡᠩ ᠰᠠᠶᠢᠨ ᠦᠵᠡᠮᠵᠢᠲᠦ ᠰᠠᠶᠢᠬᠠᠨ ᠬᠥᠬᠡᠬᠤᠲᠠ᠂ ᠲᠠᠯ᠎ᠠ ᠨᠤᠲᠤᠭ ᠤᠨ ᠬᠤᠲᠠ ᠶᠢ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠬᠡᠷᠡᠭᠲᠡᠢ ᠭᠡᠪᠡ᠃      ᠡᠭᠡᠯᠵᠢᠲᠦ ᠪᠣᠯᠪᠠᠰᠤᠷᠠᠭᠤᠯᠤᠯ ᠳᠤᠮᠳᠠ᠂ ᠲᠥᠪ ᠤᠨ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠭᠠᠵᠠᠷ ᠤᠨ ᠫᠷᠣᠹᠧᠰᠰᠣᠷ ᠯᠢᠦ ᠢᠦᠢ ᠶᠢᠩ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠩ ᠮᠢᠩ ᠵᠤ᠋᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠤᠨ ᠵᠢᠭᠠᠨ ᠰᠤᠳᠤᠯᠬᠤ ᠭᠠᠵᠠᠷ ᠤᠨ ᠫᠷᠣᠹᠧᠰᠰᠣᠷ ᠬᠤ᠋ ᠴᠢᠩ ᠬᠤᠢ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠰᠦᠨ ᠵᠦᠩ ᠬᠤᠢ᠂ ᠯᠢ ᠧᠨ ᠸᠧᠢ ᠬᠤᠶᠠᠷ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠲᠠᠶᠢᠯᠪᠤᠷᠢ ᠬᠢᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠸᠠᠩ ᠪᠠᠢ ᠴᠧᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃ ᠬᠤᠲᠠ ᠶᠢᠨ ᠤᠳᠤᠷᠢᠳᠤᠯᠭ᠎ᠠ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠥᠸᠧ ᠴᠢᠩ᠂ ᠾᠧ ᠬᠠᠢ ᠳ᠋ᠦᠩ᠂ ᠬᠤᠲᠠ ᠶᠢᠨ ᠨᠠᠮ ᠤᠨ ᠬᠤᠷᠢᠶ᠎ᠠ᠂  ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ  ᠤᠳᠤᠷᠢᠳᠬᠤ ᠨᠥᠬᠦᠳ᠂ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ ᠨᠡᠶᠢᠲᠡ᠂ ᠰᠢᠭᠤᠳ ᠬᠠᠷᠢᠶ᠎ᠠ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠨᠢᠭᠡᠳᠦᠭᠡᠷ ᠬᠤᠭᠤᠴᠠᠭᠠᠨ ᠤ ᠡᠭᠡᠯᠵᠢᠲᠦ ᠪᠣᠯᠪᠠᠰᠤᠷᠠᠭᠤᠯᠤᠯ ᠳᠤ ᠣᠷᠣᠯᠴᠠᠪᠠ᠃      ᠲᠤᠰ ᠤᠳᠠᠭᠠᠨ ᠤ ᠲᠦᠪᠯᠡᠷᠡᠭᠰᠡᠨ ᠡᠭᠡᠯᠵᠢᠲᠦ ᠪᠣᠯᠪᠠᠰᠤᠷᠠᠭᠤᠯᠤᠯ ᠨᠢ 4 ᠬᠤᠭᠤᠴᠠᠭ᠎ᠠ ᠪᠠᠷ ᠶᠠᠪᠤᠭᠳᠠᠵᠤ᠂ ᠬᠤᠭᠤᠴᠠᠭ᠎ᠠ ᠪᠦᠷᠢ ᠳᠤ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠶᠠᠷ ᠤᠳᠤᠷᠢᠳᠤᠯᠭ᠎ᠠ ᠶᠢ ᠤᠷᠢᠨ ᠲᠤᠰᠬᠠᠢ ᠰᠡᠳᠦᠪ ᠢᠶᠠᠷ ᠵᠢᠯᠣᠭᠤᠳᠤᠭᠤᠯᠬᠤ ᠶᠢᠨ ᠬᠠᠮᠲᠤ᠂ ᠰᠤᠳᠤᠯᠤᠨ ᠶᠠᠷᠢᠯᠴᠠᠬᠤ᠂ ᠳ᠋ᠦᠩᠨᠡᠯᠲᠡ ᠶᠢᠨ ᠶᠠᠷᠢᠶ᠎ᠠ ᠲᠠᠯᠪᠢᠬᠤ᠂ ᠰᠡᠳᠬᠢᠭᠳᠡᠯ ᠲᠥᠷᠥᠭᠳᠡᠯ ᠢᠶᠠᠨ ᠪᠢᠴᠢᠬᠦ ᠵᠡᠷᠭᠡ ᠵᠢᠭᠠᠨ ᠰᠤᠷᠭᠠᠯᠲᠠ ᠪᠠᠷ ᠳᠠᠮᠵᠢᠭᠤᠯᠤᠨ᠂ ᠪᠣᠯᠪᠠᠰᠤᠷᠠᠭᠤᠯᠤᠯ ᠤᠨ ᠪᠣᠳᠠᠳᠤ ᠦᠷ᠎ᠡ ᠪᠦᠲᠦᠮᠵᠢ ᠣᠯᠬᠤ ᠶᠢ ᠪᠠᠲᠤᠯᠠᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号