ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠨᠠᠶᠢᠲᠠᠪᠤᠷᠢᠵᠢᠭᠤᠯᠬᠤ ᠲᠤᠬᠠᠶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/2
      10 ᠳ᠋ᠤᠭᠠᠷ ᠰᠠᠷ᠎ᠠ ᠶᠢᠨ 28 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠱᠠᠨ ᠱᠦᠶ ᠪᠠᠭ᠎ᠠ ᠰᠤᠷᠭᠠᠭᠤᠯᠢ ᠶᠢᠨ ᠬᠤᠷᠠᠯ ᠤᠨ ᠭᠡᠷ ᠲᠤ᠂ ᠰᠢᠨ᠎ᠡ ᠬᠤᠲᠠ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠬᠦ ᠶᠢ ᠨᠠᠶᠢᠲᠠᠪᠤᠷᠢᠵᠢᠭᠤᠯᠬᠤ ᠲᠤᠬᠠᠢ ᠬᠤᠷᠠᠯ ᠬᠤᠷᠠᠯᠳᠤᠭᠤᠯᠵᠤ᠂ ᠰᠢᠨ᠎ᠡ ᠬᠤᠲᠠ ᠲᠣᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠠᠵᠢᠯ  ᠮᠡᠷᠭᠡᠵᠢᠯ ᠤᠨ ᠰᠤᠷᠭᠠᠭᠤᠯᠢ ᠨᠡᠶᠢᠲᠡ 74 ᠰᠤᠷᠭᠠᠭᠤᠯᠢ ᠶᠢᠨ ᠬᠦᠷᠢᠶᠡᠨ ᠤ ᠠᠵᠢᠯᠲᠠᠨ ᠲᠣᠰ ᠤᠳᠠᠭᠠᠨ ᠤ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠬᠡᠷ ᠤᠨ ᠬᠠᠷᠢᠭᠤᠴᠠᠯᠭᠠᠲᠠᠨ ᠵᠠᠩ ᠶᠠᠨ ᠴᠢᠨ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠬᠡᠷ ᠢ ᠲᠥᠯᠥᠭᠡᠯᠡᠵᠦ᠂ ᠰᠤᠷᠭᠠᠭᠤᠯᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠰᠠᠭᠤᠷᠢ ᠠᠵᠢᠯ᠂ ᠡᠬᠡ ᠲᠠᠩᠰᠠ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ᠂ ᠰᠤᠷᠭᠠᠭᠤᠯᠢ ᠶᠢᠨ ᠬᠦᠷᠢᠶᠡᠨ ᠤ ᠬᠤᠭ ᠨᠣᠪᠰᠢ ᠶᠢ ᠬᠡᠷᠬᠢᠨ ᠲᠥᠷᠥᠯ ᠬᠤᠪᠢᠶᠠᠨ ᠴᠤᠭᠯᠠᠭᠤᠯᠬᠤ ᠵᠡᠷᠭᠡ ᠠᠰᠠᠭᠤᠳᠠᠯ ᠤᠨ ᠲᠤᠬᠠᠶ ᠪᠥᠬᠦ ᠲᠠᠯ᠎ᠠ ᠪᠠᠷ ᠲᠠᠶᠢᠯᠤᠮᠵᠢ ᠬᠢᠪᠠ᠃      ᠪᠡᠶ᠎ᠡ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠰᠠᠯᠠᠭᠠᠨ ᠤ ᠰᠠᠯᠠᠭᠠᠨ ᠳᠠᠷᠤᠭ᠎ᠠ ᠰᠤᠷᠭᠠᠭᠤᠯᠢ ᠶᠢᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠬᠡᠳᠦᠨ ᠱᠠᠭᠠᠷᠳᠠᠯᠭ᠎ᠠ ᠳᠤᠷᠠᠳᠴᠠᠶ᠄ ᠣᠯᠣᠰ ᠲᠦᠷᠦ ᠶᠢᠨ ᠵᠤᠭᠰᠤᠯᠲᠠ ᠪᠠ ᠦᠵᠡᠯ ᠰᠠᠨᠠᠭ᠎ᠠ ᠶᠢᠨ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠪᠦᠬᠦ ᠪᠠᠭᠰᠢ ᠰᠤᠷᠤᠭᠴᠢᠳ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠲᠠᠢ ᠪᠤᠯᠵᠤ᠂ ᠲᠡᠷᠡᠴᠢᠯᠡᠨ ᠪᠣᠳᠠᠲᠤ ᠠᠵᠢᠯᠯᠠᠭ᠎ᠠ ᠪᠠᠷ ᠢᠶᠠᠨ ᠬᠤᠭ ᠨᠣᠪᠰᠢ ᠶᠢ ᠲᠥᠷᠥᠯ ᠬᠤᠪᠢᠶᠠᠬᠤ ᠤᠬᠠᠭᠤᠯᠭ᠎ᠠ ᠪᠠ ᠦᠢᠯᠡᠳᠦᠯᠭᠡ ᠳᠤ ᠣᠷᠣᠯᠴᠠᠬᠤ ᠬᠡᠷᠡᠭᠲᠡᠶ᠃ ᠬᠤᠭ ᠨᠣᠪᠰᠢ ᠶᠢ ᠲᠥᠷᠥᠯ ᠬᠤᠪᠢᠶᠠᠬᠤ ᠶᠢ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠲᠠᠢ ᠤᠶᠠᠯᠳᠤᠭᠤᠯᠵᠤ᠂ ᠤᠬᠠᠭᠤᠯᠭ᠎ᠠ ᠬᠥᠮᠦᠵᠢᠯ ᠲᠠᠢ ᠤᠶᠠᠯᠳᠤᠭᠤᠯᠵᠤ᠂ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠬᠤ ᠶᠢᠨ ᠬᠠᠮᠲᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ᠂ ᠨᠡᠶᠢᠭᠡᠮ ᠤᠨ ᠪᠦᠯᠬᠦᠮ ᠤᠨ ᠦᠢᠯᠡᠳᠦᠯᠭᠡ ᠶᠢᠨ ᠠᠵᠢᠯᠯᠠᠭ᠎ᠠ ᠵᠡᠷᠭᠡ ᠳᠤ ᠲᠦᠰᠢᠭᠯᠡᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠤᠪᠤᠷᠠᠯ ᠤᠨ ᠠᠵᠢᠯᠯᠠᠭ᠎ᠠ ᠳᠤ ᠤᠷᠤᠭᠤᠯᠵᠤ᠂ ᠰᠤᠷᠤᠭᠴᠢᠳ ᠤᠨ ᠬᠤᠭ ᠨᠣᠪᠰᠢ ᠶᠢ ᠲᠥᠷᠥᠯ ᠬᠤᠪᠢᠶᠠᠬᠤ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ ᠬᠡᠷᠡᠭᠲᠡᠢ ᠭᠡᠪᠡ᠃       ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠠᠯᠪᠠᠨ ᠭᠡᠷ ᠤᠨ ᠬᠠᠷᠢᠭᠤᠴᠠᠯᠭᠠᠲᠠᠨ ᠵᠠᠩ ᠶᠠᠨ ᠴᠢᠨ ᠢᠯᠡᠷᠬᠡᠶᠢᠯᠡᠭᠰᠡᠨ ᠨᠢ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠨᠢ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠪᠢᠳᠡ ᠰᠤᠷᠭᠠᠭᠤᠯᠢ ᠪᠠᠷ ᠲᠠᠪᠴᠠᠩ ᠪᠣᠯᠭᠠᠵᠤ᠂  ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠪᠠ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ ᠂ ︽ᠨᠢᠭᠡ ᠬᠡᠦᠬᠡᠳ ᠨᠢᠭᠡ ᠭᠡᠷ ᠪᠦᠯᠢ ᠶᠢ ᠳᠠᠶᠢᠴᠢᠯᠠᠵᠤ᠂ ᠨᠢᠭᠡ ᠭᠡᠷ ᠪᠦᠯᠢ ᠨᠢ ᠨᠢᠭᠡ ᠨᠡᠶᠢᠭᠡᠮ ᠲᠣᠭᠤᠷᠢᠭ ᠢ ᠨᠦᠯᠦᠭᠡᠯᠡᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠦᠢᠯᠡᠳᠦᠯᠭᠡᠵᠢᠭᠦᠯᠦᠭᠴᠢ᠂ ᠲᠠᠨᠢᠯᠴᠠᠭᠤᠯᠤᠭᠴᠢ ᠶᠢ ᠬᠠᠮᠲᠤ ᠪᠠᠷ ᠬᠢᠵᠦ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠬᠤ ᠳᠤ ᠠᠰᠢᠭᠲᠠᠶ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号