ᠬᠤᠷᠢᠨᠭᠡᠷ ᠰᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠣ ᠳᠠᠩᠰᠠᠯᠬᠤ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/11/2
     11 ᠳ᠋ᠦ᠋ᠭᠡᠷ ᠰᠠᠷ᠎ᠠ ᠶᠢᠨ 1 ᠤ ᠡᠳᠦᠷ ᠬᠤᠷᠢᠨᠭᠡᠷ ᠰᠢᠶᠠᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠵᠢᠩᠬᠢᠨᠢ ᠪᠠᠷ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠰᠢᠶᠠᠨ ᠤ ᠳᠡᠳ᠋ ᠳᠠᠷᠤᠭ᠎ᠠ ᠵᠠᠩ ᠯᠢᠨ ᠯᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠣᠷᠣᠯᠴᠠᠪᠠ᠃      ᠵᠠᠩ ᠯᠢᠨ ᠯᠢᠨ ᠪᠣᠯᠤᠨ ᠨᠡᠶᠢᠳᠡᠮ ᠪᠠᠶᠢᠴᠠᠭᠠᠭᠴᠢ ᠬᠠᠮᠲᠤ ᠡᠷᠦᠬᠡ ᠳᠤ ᠭᠦᠨᠵᠡᠭᠡᠶᠢᠷᠡᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠬᠢᠬᠦ ᠶᠢᠨ ᠬᠠᠮᠲᠤ ᠰᠠᠭᠤᠭᠠᠯᠢ ᠡᠷᠦᠬᠡ ᠳᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠬᠠᠭᠤᠯᠤᠭᠰᠠᠨ ᠪᠠᠶᠢᠨ᠎ᠠ᠃ ᠵᠠᠩ ᠯᠢᠨ ᠯᠢᠨ ᠰᠠᠭᠤᠭᠠᠯᠢ ᠡᠷᠦᠬᠡ ᠲᠠᠢ ᠲᠣᠳᠣᠨᠣ ᠶᠠᠷᠢᠯᠴᠠᠭᠰᠠᠨ ᠪᠥᠭᠡᠳ ᠰᠢᠶᠠᠨ ᠤ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠤ ᠢᠳᠡᠪᠬᠢᠲᠡᠶ ᠬᠠᠮᠵᠢᠯᠴᠠᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃      11 ᠳ᠋ᠦ᠋ᠭᠡᠷ ᠰᠠᠷ᠎ᠠ ᠶᠢᠨ 1 ᠤ ᠡᠳᠦᠷ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠵᠢᠩᠬᠢᠨᠢ ᠪᠠᠷ ᠡᠬᠢᠯᠡᠵᠦ᠂ ᠲᠣᠰ ᠤᠳᠠᠭᠠᠨ ᠤ ᠨᠡᠶᠢᠳᠡᠮ ᠪᠠᠶᠢᠴᠠᠭᠠᠯᠲᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠨ ᠤ ᠰᠢᠶᠠᠨ ᠨᠡᠶᠢᠲᠡ 160 ᠨᠡᠶᠢᠳᠡᠮ ᠪᠠᠶᠢᠴᠠᠭᠠᠯᠲᠠ ᠶᠢᠨ ᠲᠣᠭᠤᠷᠢᠭ᠂ 715 ᠨᠡᠶᠢᠳᠡᠮ ᠪᠠᠶᠢᠴᠠᠭᠠᠯᠲᠠ ᠶᠢᠨ ᠪᠠᠭ᠎ᠠ ᠲᠣᠭᠤᠷᠢᠭ ᠬᠤᠪᠢᠶᠠᠵᠤ᠂ ᠨᠡᠶᠢᠲᠡ 1049 ᠨᠡᠷᠡᠰ ︽ᠬᠤᠶᠠᠷ ᠠᠵᠢᠯᠲᠠᠨ︾ ᠢ ᠲᠠᠲᠠᠨ ᠠᠵᠢᠯᠯᠠᠭᠤᠯᠵᠤ᠂ ᠡᠭᠦᠨ ᠳᠤ ᠨᠡᠶᠢᠳᠡᠮ ᠪᠠᠶᠢᠴᠠᠭᠠᠭᠴᠢ 849 ᠨᠡᠷᠡᠰ᠂ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ 200 ᠨᠡᠷᠡᠰ ᠪᠠᠭᠲᠠᠨ᠎ᠠ᠃      ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠠᠵᠢᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ ᠵᠡᠷᠭᠡ ᠬᠠᠣᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠡᠯᠧᠺᠲᠷᠣᠨ ᠴᠤᠭᠯᠠᠭᠤᠯᠬᠤ ᠲᠥᠬᠦᠭᠡᠷᠦᠮᠵᠢ ᠶᠢ ᠨᠢᠭᠡᠳᠦᠯᠲᠡᠶ ᠲᠥᠯᠥᠪᠯᠡᠨ ᠬᠡᠷᠡᠭᠯᠡᠵᠦ᠂ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠣᠨᠣᠪᠴᠢᠲᠠᠶ ᠶᠢ ᠪᠠᠲᠤᠯᠠᠬᠤ ᠶᠢᠨ ᠬᠠᠮᠲᠤ ᠤᠬᠠᠭᠤᠯᠭ᠎ᠠ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠥᠷᠭᠡᠨ ᠣᠯᠠᠨ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠵᠤ ᠂ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠦᠨᠡᠨ ᠪᠣᠳᠠᠲᠠᠶ ᠪᠠᠷ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号