ᠮᠠᠨ ᠤ ᠬᠤᠲᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯᠲᠡᠳ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/2
ᠸᠠᠩ ᠯᠢ ᠰᠢᠶᠠ ᠡᠷᠬᠢᠯᠡᠵᠦ ᠵᠠᠩ ᠪᠠᠢ ᠴᠧᠩ ᠯᠥᠸᠧ ᠴᠢᠩ ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯᠲᠡᠳ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠭᠦᠯᠦᠯᠲᠡ ᠶᠢᠨ ᠰᠤᠳᠤᠯᠭᠠᠨ ᠤ ᠲᠥᠪ᠂ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠶᠠᠮᠤᠨ᠂ ᠫᠠᠨ ᠬᠦ᠋ ᠤᠶᠤᠨ ᠤ ᠬᠥᠮᠥᠷᠭᠡ ᠶᠢᠨ ᠲᠤᠰᠬᠠᠢ  ᠮᠡᠷᠭᠡᠵᠢᠯᠲᠡᠨ ᠡᠷᠳᠡᠮᠲᠡᠳ ᠬᠡᠷᠬᠢᠨ ᠤᠯᠠᠮ ᠨᠢᠭᠡ ᠠᠯᠬᠤᠮ ᠲᠥᠪ ᠬᠤᠲᠠ ᠠᠴᠠ ᠭᠠᠷᠴᠤ ᠲᠥᠪ ᠬᠤᠲᠠ ᠶᠢ ᠦᠵᠡᠵᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠬᠢᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃      ᠸᠠᠩ ᠯᠢ ᠰᠢᠶᠠ ᠶᠠᠷᠢᠶᠠᠨ ᠳᠠᠭᠠᠨ᠂ ᠰᠠᠶ᠋ᠢᠬᠠᠨ ᠥᠨᠳᠦᠷᠯᠡᠭᠰᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠨᠢ ᠪᠢᠳᠠᠨ ᠤ ᠡᠯ᠎ᠡ ᠵᠦᠢᠯ ᠤᠨ ᠠᠵᠢᠯ ᠢ ᠰᠠᠶᠢᠨ ᠬᠢᠬᠦ ᠳᠤ ᠴᠢᠭᠯᠡᠯ ᠢ ᠵᠢᠭᠠᠵᠤ᠂ ᠵᠢᠷᠤᠮᠵᠢᠯ ᠬᠠᠩᠭᠠᠵᠠᠢ᠃ ᠪᠢᠳᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠪᠠᠷᠢᠮᠵᠢᠶ᠎ᠠ ᠲᠠᠢ ᠬᠠᠷᠢᠴᠠᠭᠤᠯᠤᠨ ᠬᠠᠷᠭᠤᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠦᠭᠦᠯᠵᠦ᠂ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ᠂ ᠨᠠᠮ ᠤᠨ ᠲᠥᠪ ᠬᠤᠷᠢᠶ᠎ᠠ ᠶᠢᠨ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠲᠥᠪ ᠬᠤᠲᠠ ᠶᠢᠨ ᠪᠣᠳᠠᠲᠠᠢ ᠳᠤ ᠨᠡᠶᠢᠴᠡᠭᠰᠡᠨ᠂ ᠬᠥᠮᠥᠨ ᠣᠶᠢᠯᠠᠭᠠᠵᠤ ᠲᠦᠭᠦᠭᠡᠷᠡᠬᠦ᠂ ᠨᠠᠶᠢᠳᠠᠪᠤᠷᠢᠵᠢᠭᠤᠯᠵᠤ ᠪᠣᠯᠬᠤ᠂ ᠨᠡᠶᠢᠯᠡᠯ ᠬᠦᠴᠦᠨ ᠢ ᠪᠦᠷᠢᠯᠳᠦᠭᠦᠯᠦᠭᠰᠡᠨ᠂ ᠦᠵᠡᠭᠳᠡᠵᠦ ᠬᠠᠷᠠᠭᠳᠠᠬᠤ᠂ ᠬᠥᠭᠵᠢᠯᠲᠡ ᠶᠢ ᠬᠥᠲᠥᠯᠵᠦ ᠳᠡᠶᠢᠯᠬᠦ᠂ ᠦᠢᠯᠡᠳᠦᠯᠭᠡ ᠪᠠ ᠲᠡᠦᠬᠡ ᠶᠢᠨ ᠰᠢᠯᠭᠠᠯᠲᠠ ᠶᠢ ᠬᠦᠯᠢᠶᠡᠵᠦ ᠳᠡᠶᠢᠯᠬᠦ᠂ ᠣᠨᠴᠠᠭᠠᠶᠢᠯᠠᠨ ᠣᠯᠠᠨ ᠲᠦᠮᠡᠨ ᠤ ᠰᠢᠯᠭᠠᠯᠲᠠ ᠶᠢ ᠬᠦᠯᠢᠶᠡᠵᠦ ᠳᠡᠶᠢᠯᠬᠦ ᠰᠢᠨ᠎ᠡ ᠬᠥᠭᠵᠢᠯᠲᠡ ᠶᠢᠨ ᠲᠥᠯᠥᠪᠵᠢᠭᠦᠯᠭᠡ ᠶᠢ ᠡᠷᠡᠰ ᠭᠤᠶᠢᠪᠢᠰᠢ ᠦᠭᠡᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠨᠠᠮ ᠤᠨ ᠲᠥᠪ ᠬᠤᠷᠢᠶ᠎ᠠ ᠶᠢᠨ ᠦᠪᠦᠷ ᠮᠤᠩᠭᠤᠯ ᠤᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠪᠠᠶᠢᠳᠠᠯ ᠢ ᠣᠨᠣᠪᠴᠢᠲᠠᠢ ᠡᠵᠡᠮᠰᠢᠨ᠂ ᠬᠥᠭᠵᠢᠯᠲᠡ ᠶᠢᠨ ᠬᠠᠷᠠᠯᠲᠠ ᠪᠠᠨ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠨ᠎ᠡ ᠣᠶᠢᠯᠠᠭᠠᠭᠳᠠᠬᠤᠨ ᠢᠶᠠᠷ ᠰᠢᠨ᠎ᠡ ᠬᠥᠭᠵᠢᠯᠲᠡ ᠶᠢ ᠵᠢᠯᠣᠭᠤᠳᠴᠤ᠂ ᠣᠳᠣᠬᠠᠨ ᠤ ᠪᠠ ᠠᠯᠤᠰ ᠬᠤᠯᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠣᠷᠣᠨ ᠨᠤᠲᠤᠭ ᠤᠨ ᠬᠥᠭᠵᠢᠯᠲᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢᠶᠠᠷ ᠭᠤᠣᠯ ᠪᠣᠯᠭᠠᠵᠤ᠂ ᠤᠯᠤᠰ ᠤᠨ ᠳᠣᠲᠣᠭᠠᠳᠤ ᠣᠯᠠᠨ ᠤᠯᠤᠰ ᠤᠨ ᠬᠤᠣᠰ ᠣᠷᠴᠢᠯ ᠬᠠᠷᠢᠯᠴᠠᠨ ᠠᠬᠢᠭᠤᠯᠤᠭᠰᠠᠨ ᠰᠢᠨ᠎ᠡ ᠬᠥᠭᠵᠢᠯᠲᠡ ᠶᠢᠨ ᠪᠠᠶᠢᠷᠢᠰᠢᠯ ᠳᠡᠭᠡᠷ᠎ᠡ ᠠᠵᠢᠯ ᠬᠢᠵᠦ᠂ ︽ᠳᠣᠲᠣᠭᠠᠳᠤ ᠠᠭᠤᠯᠬᠤᠨ ᠮᠠᠶ᠋ᠢᠭ︾ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠲᠥᠯᠥᠪᠵᠢᠭᠦᠯᠭᠡ ᠪᠠᠷ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠪᠠᠭᠠᠵᠢ᠂ ᠨᠢᠭᠡᠳᠦᠭᠡᠷ ᠭᠠᠷᠳᠠᠴᠠ ᠪᠠ ᠴᠢᠩᠳᠠ ᠳᠦᠷᠢᠮ ᠪᠣᠯᠭᠠᠨ᠂ ᠲᠠᠯ᠎ᠠ ᠨᠤᠲᠤᠭ ᠤᠨ ᠬᠤᠲᠠ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ᠂ ᠥᠨᠳᠥᠷ ᠪᠦᠲᠦᠮᠵᠢᠲᠡᠢ ᠵᠠᠰᠠᠯᠲᠠ᠂ ᠴᠢᠨᠠᠷ ᠰᠠᠶᠢᠲᠠᠢ ᠠᠮᠢᠳᠤᠷᠠᠯ ᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠥᠸᠧ ᠴᠢᠩ᠂ ᠾᠧ ᠬᠠᠢ ᠳ᠋ᠦᠩ᠂ ᠵᠠᠩ ᠶᠢᠨ ᠫᠢᠩ᠂ ᠦ᠋ ᠸᠧᠨ ᠮᠢᠩ᠂ ᠰᠢᠦᠢ ᠷᠦᠢ ᠰᠢᠶᠠ᠂ ᠪᠢ ᠭᠥᠸᠧ ᠴᠧᠨ᠂ ᠶᠦᠨ ᠰᠢᠨ ᠮᠢᠩ ᠵᠢᠴᠢ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号