ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2020/11/2
ᠸᠠᠩ ᠯᠢ ᠰᠢᠶᠠ ᠡᠷᠬᠢᠯᠡᠪᠡ       ︵ᠰᠤᠷᠪᠤᠯᠵᠢᠯᠠᠭᠴᠢ ᠹᠧᠩ ᠶᠠᠨ ᠫᠢᠩ︶ 10 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ ᠰᠢᠢᠳᠪᠦᠷᠢᠲᠦ ᠴᠢᠨᠠᠷ ᠲᠠᠢ ᠠᠮᠵᠢᠯᠲᠠ ᠣᠯᠣᠭᠰᠠᠨ᠂ ︽ ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠲᠦ ᠴᠢᠨᠠᠷ ᠲᠠᠢ ᠠᠭᠤᠯᠵᠠᠯ ᠤᠨ ᠵᠠᠩᠭᠢᠯᠠᠭ᠎ᠠ ᠶᠢᠨ ᠴᠠᠭ ᠮᠥᠴᠡ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠣᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ᠂ ᠪᠦᠬᠦ ᠲᠠᠯ᠎ᠠ ᠶᠢᠨ᠂ ᠪᠠᠶᠢᠯᠳᠤᠬᠤ ᠪᠣᠳᠣᠯᠭ᠎ᠠ ᠶᠢᠨ ᠥᠨᠳᠥᠷ ᠲᠤ ᠵᠣᠭᠰᠣᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠴᠢᠬᠤᠯᠠ ᠶᠡᠭᠡ ᠤᠳᠬ᠎ᠠ ᠠᠭᠤᠯᠭ᠎ᠠ ᠶᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠣᠪᠣᠷ ᠪᠠ ᠡᠭᠦᠷᠭᠡᠲᠦ ᠣᠪᠣᠷ ᠢᠶᠠᠷ᠂ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠦᠨᠡᠨᠬᠦ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠦᠷᠢ ᠳᠤ᠂ ᠨᠠᠮ ᠤᠨ ᠭᠡᠰᠢᠭᠦᠨ ᠪᠦᠷᠢ ᠳᠤ ᠤᠯᠠᠮᠵᠢᠯᠠᠨ ᠬᠦᠷᠭᠡᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠳᠠᠷᠤᠢ ᠲᠦᠷᠭᠡᠨ ᠪᠣᠢ ᠪᠤᠯᠭᠠᠵᠤ᠂  ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠨᠠᠮ ᠤᠨ ᠭᠡᠰᠢᠭᠦᠨ ᠺᠠᠳ᠋ᠷᠴᠤᠳ ᠤᠨ ᠪᠣᠯᠪᠠᠰᠤᠷᠠᠭᠤᠯᠤᠯ ᠪᠠ ᠡᠭᠡᠯᠵᠢ ᠶᠢᠨ ᠪᠣᠯᠪᠠᠰᠤᠷᠠᠭᠤᠯᠤᠯ ᠳᠤ ᠣᠷᠣᠭᠤᠯᠤᠨ᠂ ᠤᠯᠠᠮᠵᠢᠯᠠᠨ ᠰᠤᠷᠤᠯᠴᠠᠬᠤ ᠶᠢ ᠰᠠᠶᠢᠲᠤᠷ ᠠᠳᠬᠤᠵᠤ᠂ ᠰᠤᠷᠤᠯᠴᠠᠯᠭ᠎ᠠ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠡᠯ᠎ᠡ ᠰᠣᠨᠢᠨ ᠮᠡᠳᠡᠭᠡ ᠵᠠᠭᠤᠴᠢᠯᠠᠭᠤᠷ ᠤᠨ ᠦᠢᠯᠡᠳᠦᠯ ᠢ ᠰᠠᠶᠢᠲᠤᠷ ᠪᠠᠳᠠᠷᠠᠭᠤᠯᠤᠨ᠂ ᠰᠢᠨ᠎ᠡ ᠵᠠᠭᠤᠴᠢᠯᠠᠭᠤᠷ ᠤᠨ ᠳᠠᠮᠵᠢᠭᠤᠯᠬᠤ ᠬᠦᠴᠦᠨ ᠪᠠ ᠭᠠᠳᠠᠭᠰᠢ ᠤᠬᠠᠭᠤᠯᠤᠨ ᠲᠠᠶᠢᠯᠪᠤᠷᠢᠯᠠᠬᠤ ᠬᠦᠴᠦᠨ ᠢ ᠴᠢᠩᠭᠠᠳᠬᠠᠵᠤ᠂ ᠰᠤᠷᠤᠯᠴᠠᠨ ᠤᠬᠠᠭᠤᠯᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠬᠠᠷᠢᠴᠠᠭᠤᠯᠤᠨ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠳᠠᠷᠠᠭ᠎ᠠ ᠵᠢᠯ ᠤᠨ ᠭᠤᠣᠯᠳᠠᠯᠭ᠎ᠠ ᠲᠠᠢ ᠠᠵᠢᠯ ᠢ ᠨᠠᠷᠢᠯᠢᠭ ᠰᠡᠳᠦᠵᠦ ᠰᠠᠶᠢᠨ ᠬᠢᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠯᠭᠠᠮ᠎ᠠ ᠲᠥᠷᠥᠭᠳᠡᠯ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠢ ᠰᠠᠶᠢᠨ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠨᠡ ᠵᠢᠯ ᠤᠨ ᠡᠯ᠎ᠡ ᠵᠦᠢᠯ ᠤᠨ ᠠᠵᠢᠯ ᠢᠶᠠᠨ ᠨᠠᠷᠢᠨ ᠬᠢᠨᠠᠮᠠᠭᠠᠢ ᠡᠮᠬᠢᠯᠡᠵᠦ᠂  ᠴᠤᠭ ᠵᠢᠪᠬᠤᠭ᠎ᠠ ᠲᠡᠭᠦᠯᠳᠡᠷ ᠢᠶᠠᠷ ᠣᠳᠣᠬᠠᠨ ᠤ ᠠᠵᠢᠯ ᠢᠶᠠᠨ ᠰᠠᠶᠢᠲᠤᠷ ᠠᠳᠬᠤᠵᠤ᠂ ᠵᠢᠯ ᠤᠨ ᠡᠴᠦᠰ ᠤᠨ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠨ ᠬᠢᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠬᠢᠯᠡᠭᠰᠡᠨ ᠲᠠᠢ ᠪᠠᠨ ᠠᠳᠠᠯᠢᠬᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠣᠷᠣᠨ ᠭᠠᠵᠠᠷ ᠲᠠᠬᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠃  ᠴᠢᠬᠤᠯᠠ ᠶᠡᠭᠡ ᠲᠦᠷᠦᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠵᠡᠷᠭᠡ ᠠᠵᠢᠯ ᠢ ᠯᠠᠪᠳᠠᠭᠤᠨ  ᠪᠠᠳᠤᠳᠠᠢ ᠰᠠᠶᠢᠳᠤᠷ  ᠬᠢᠬᠦ ᠬᠡᠷᠡᠭᠳᠡᠢ᠃ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡ ᠵᠠᠰᠠᠬᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠰᠡᠳᠬᠢᠯᠭᠡ ᠲᠠᠢ ᠰᠠᠨᠠᠭᠠᠴᠢᠯᠠᠭ᠎ᠠ ᠲᠠᠢ ᠰᠠᠶᠢᠨ ᠬᠢᠵᠦ᠂ ᠠᠶᠤᠯᠭᠦᠢ ᠦᠢᠯᠡᠳᠪᠦᠷᠢᠯᠡᠯ᠂ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠠᠷᠠᠳ ᠤᠨ ᠰᠠᠨᠠᠯ ᠢ ᠶᠠᠪᠤᠨ ᠰᠤᠷᠪᠤᠯᠵᠢᠯᠠᠬᠤ᠂ ᠰᠤᠷᠤᠭᠴᠢ ᠶᠢᠨ ᠭᠡᠷ ᠤᠨ ᠠᠬᠠᠮᠠᠳ ᠢ ᠰᠤᠷᠪᠤᠯᠵᠢᠯᠠᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠰᠤᠷᠪᠤᠯᠵᠢᠯᠠᠬᠤ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠠᠵᠢᠯ ᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠬᠥᠮᠥᠨ ᠠᠮᠠ ᠶᠢᠨ ᠨᠡᠶᠢᠲᠡᠮ ᠪᠠᠶᠢᠴᠠᠭᠠᠯᠲᠠ ᠶᠢᠨ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠨ ᠬᠢᠵᠦ᠂ ᠠᠬᠢᠴᠠ ᠶᠢ ᠲᠦᠷᠭᠡᠳᠬᠡᠨ᠂ ᠡᠯ᠎ᠡ ᠵᠦᠢᠯ ᠤᠨ ᠠᠵᠢᠯ ᠳᠤ ᠤᠯᠠᠮ ᠢᠯᠡᠭᠦᠦ ᠬᠦᠴᠦᠯᠡᠨ ᠲᠡᠭᠦᠰ ᠠᠮᠵᠢᠯᠲᠠ ᠣᠯᠬᠤ ᠬᠡᠷᠡᠭᠲᠡᠢ ᠭᠡᠪᠡ᠃      ᠬᠤᠷᠠᠯ ᠠᠴᠠ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠪᠠᠶᠢᠯᠳᠤᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号